| ᠨᠢᠭᠡ᠂ ᠤᠯᠤᠰ ᠤᠨ ᠰᠤᠷᠭᠠᠨ ᠬᠥᠮᠦᠵᠢᠯ ᠪᠠ ᠰᠢᠨᠵᠢᠯᠡᠭᠡ ᠮᠡᠷᠭᠡᠵᠢᠯ ᠤᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ | ᠬᠡᠷᠡᠭᠵᠢᠭᠦᠯᠵᠦ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠰᠤᠳᠤᠯᠤᠨ ᠲᠤᠭᠤᠷᠪᠢᠵᠤ᠂ ᠪᠦᠬᠦ ᠬᠤᠲᠠ ᠶᠢᠨ ᠰᠤᠷᠭᠠᠨ ᠬᠥᠮᠦᠵᠢᠯ ᠤᠨ | ᠪᠠᠶᠢᠭᠤᠯᠤᠯ ᠤᠨ ᠥᠭᠡᠷᠡᠴᠢᠯᠡᠯᠲᠡ ᠪᠣᠯᠤᠨ ᠰᠢᠨᠵᠢᠯᠡᠭᠡ ᠮᠡᠷᠭᠡᠵᠢᠯ ᠢᠶᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠤᠭᠤᠷᠪᠢᠨ᠎ᠠ᠂ | ᠡᠭᠦᠨ ᠤ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠬᠤᠶᠠᠷ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠵᠤᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠦᠭᠡᠷᠡᠴᠢᠯᠡᠯᠳᠠ ᠶᠢ ᠵᠢᠯᠣᠭᠤᠳᠴᠤ᠂ ᠪᠠᠶᠢᠷᠢᠰᠢᠭᠤᠯᠤᠯ ᠪᠠ | ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠯ ᠢ ᠰᠤᠳᠤᠯᠤᠨ ᠳᠤᠷᠠᠳᠬᠤ ᠬᠡᠷᠡᠭᠲᠡᠶ᠃ | ᠭᠤᠷᠪᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠡᠷᠬᠡ ᠲᠡᠭᠰᠢ ᠶᠢ | ᠠᠬᠢᠭᠤᠯᠬᠤ ᠶᠢ ᠬᠠᠷᠢᠭᠤᠴᠠᠵᠤ᠂ ᠰᠠᠭᠤᠷᠢ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠣᠭᠤᠶ ᠰᠤᠷᠭᠠᠨ ᠬᠥᠮᠦᠵᠢᠯ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠬᠡᠪ ᠴᠢᠨᠠᠷ ᠤᠨ | ᠰᠤᠷᠭᠠᠨ ᠬᠥᠮᠦᠵᠢᠯ ᠢ ᠬᠡᠷᠡᠭᠵᠢᠭᠦᠯᠵᠦ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ | ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ᠂ ᠪᠡᠶ᠎ᠡ ᠶᠢᠨ ᠲᠠᠮᠢᠷ ᠡᠷᠡᠭᠦᠯ | ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠭᠠᠯᠠᠯᠳᠠ ᠶᠢᠨ ᠠᠮᠤᠷ | ᠲᠦᠪᠰᠢᠨ ᠤ ᠬᠥᠮᠦᠵᠢᠯ ᠵᠡᠷᠭᠡ ᠠᠵᠢᠯ ᠢ ᠵᠢᠯᠣᠭᠤᠳᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠮᠤᠷ ᠲᠦᠪᠰᠢᠨ ᠤ | ᠬᠠᠮᠢᠶᠠᠷᠤᠯᠲᠠ ᠶᠢ ᠵᠢᠯᠣᠭᠤᠳᠤᠨ᠎ᠠ᠃ ᠡᠷᠬᠡ ᠮᠡᠳᠡᠯ ᠤᠨ ᠬᠡᠪᠴᠢᠶᠡᠨ ᠳᠠᠬᠢ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠬᠢᠨᠠᠨ ᠵᠦᠪᠰᠢᠶᠡᠷᠡᠬᠦ | ᠠᠵᠢᠯ ᠳᠣᠭᠢᠷᠠᠭᠤᠯᠬᠤ ᠢ ᠬᠠᠷᠢᠭᠤᠴᠠᠨ᠎ᠠ᠃ ᠪᠦᠬᠦ ᠬᠤᠲᠠ ᠶᠢᠨ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ | ᠵᠤᠬᠢᠶᠠᠨ ᠪᠠᠶᠢᠭᠤᠯᠤᠨ ᠬᠠᠮᠢᠶᠠᠷᠤᠨ᠎ᠠ᠃ | ᠳᠥᠷᠪᠡ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠰᠢᠮᠳᠠᠭᠤᠯᠤᠨ ᠪᠠᠶᠢᠴᠠᠭᠠᠬᠤ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ | ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠮᠡᠳᠡᠭᠦᠯᠦᠯᠲᠡ ᠶᠢ ᠨᠡᠶᠢᠳᠡᠯᠡᠬᠦ ᠬᠡᠷᠡᠭᠲᠡᠶ᠃ | ᠲᠠᠪᠤ᠂ ᠪᠥᠬᠦ ᠬᠤᠲᠠ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠪᠠ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠢᠰᠲ᠋ᠧᠮ ᠤᠨ ᠴᠢᠳᠠᠪᠤᠷᠢᠲᠠᠨ ᠤ | ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ | ᠮᠠᠭᠠᠳᠯᠠᠨ ᠲᠣᠭᠲᠠᠭᠠᠬᠤ᠂ ᠪᠠᠭᠰᠢ ᠶᠢᠨ ᠪᠣᠯᠪᠠᠰᠤᠷᠠᠭᠤᠯᠤᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠭᠰᠢ ᠶᠢᠨ | ᠠᠵᠢᠯ ᠤᠨ ᠪᠠᠶᠢᠷᠢ ᠳᠤ ᠤᠷᠢᠨ ᠲᠣᠮᠢᠯᠠᠬᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠬᠢᠲᠠᠳ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠵᠣᠬᠢᠴᠠᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠵᠤ | ᠪᠠᠶᠢᠴᠠᠭᠠᠬᠤ ᠬᠡᠷᠡᠭᠲᠡᠶ᠃ | ᠵᠢᠷᠭᠤᠭ᠎ᠠ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ | ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ | ᠳᠣᠯᠤᠭ᠎ᠠ ᠂ ᠪᠦᠬᠦ ᠬᠤᠲᠠ ᠶᠢᠨ ᠰᠢᠨᠵᠢᠯᠡᠭᠡ ᠮᠡᠷᠭᠡᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ | ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠯᠡᠵᠦ᠂ ᠴᠢᠬᠤᠯᠠ ᠶᠡᠭᠡ ᠮᠡᠷᠭᠡᠵᠢᠯ ᠤᠨ | ᠪᠡᠷᠬᠡ ᠰᠡᠳᠦᠪ ᠢ ᠰᠢᠢᠳᠪᠦᠷᠢᠯᠡᠬᠦ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠡᠯ᠎ᠡ | ᠲᠥᠷᠥᠯ ᠤᠨ ᠰᠢᠨᠵᠢᠯᠡᠭᠡ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠮᠡᠳᠡᠭᠦᠯᠬᠦ᠂ ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠ ᠰᠢᠯᠭᠠᠨ ᠠᠪᠬᠤ ᠶᠢ | ᠬᠠᠷᠢᠭᠤᠴᠠᠨ᠎ᠠ᠃ | ᠨᠠᠢᠮᠠ᠂ ᠳᠡᠭᠡᠳᠦ ᠰᠢᠨ᠎ᠡ ᠮᠡᠷᠭᠡᠵᠢᠯ ᠤᠨ ᠬᠥᠭᠵᠢᠯᠲᠡ᠂ ᠰᠢᠨᠵᠢᠯᠡᠭᠡ ᠮᠡᠷᠭᠡᠵᠢᠯ ᠢᠶᠠᠷ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠪᠠ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠲᠥᠯᠥᠪᠯᠡᠭᠡ ᠪᠠ ᠠᠷᠭ᠎ᠠ ᠬᠡᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠪᠦᠬᠦ ᠬᠤᠲᠠ ᠶᠢᠨ ᠮᠡᠷᠭᠡᠵᠢᠯ ᠰᠢᠯᠵᠢᠭᠦᠯᠬᠦ | ᠰᠢᠰᠲ᠋ᠧᠮ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠠᠮᠢᠶᠠᠷᠬᠤ᠂ ᠰᠢᠯᠵᠢᠭᠦᠯᠦᠨ ᠬᠤᠪᠢᠷᠠᠭᠤᠯᠬᠤ ᠪᠠ | ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠤᠶᠠᠯᠳᠤᠭᠤᠯᠤᠯᠳᠠ ᠶᠢ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠤᠭᠳᠠᠭᠠᠬᠤ ᠶᠢᠨ ᠬᠠᠮᠲᠤ ᠬᠢᠨᠠᠯᠲᠠ | ᠲᠠᠯᠪᠢᠵᠤ ᠬᠡᠷᠡᠭᠵᠢᠭᠦᠯᠬᠦ ᠬᠡᠷᠡᠭᠲᠡᠶ᠃ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠡᠷᠭᠡᠵᠢᠯ ᠤᠨ ᠵᠠᠬ᠎ᠠ ᠳᠡᠯᠭᠡᠭᠦᠷ ᠪᠣᠯᠤᠨ ᠰᠢᠨᠵᠢᠯᠡᠭᠡ ᠮᠡᠷᠭᠡᠵᠢᠯ ᠤᠨ | ᠵᠠᠭᠤᠴᠢ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠢᠯᠣᠭᠤᠳᠤᠨ᠎ᠠ᠃ | ᠶᠢᠰᠦ᠂ ᠰᠢᠨᠵᠢᠯᠡᠭᠡ ᠮᠡᠷᠭᠡᠵᠢᠯ ᠤᠨ ᠡᠬᠢ ᠪᠠᠶᠠᠯᠢᠭ ᠤᠨ ᠵᠦᠶ ᠵᠣᠬᠢᠰᠲᠠᠶ ᠪᠠᠶᠢᠷᠢᠯᠠᠭᠤᠯᠤᠯᠲᠠ ᠪᠠ ᠬᠠᠮᠵᠢᠯᠴᠠᠨ ᠰᠢᠨ᠎ᠡ ᠶᠢ ᠡᠭᠦᠳᠬᠦ ᠴᠢᠳᠠᠪᠤᠷᠢ ᠶᠢᠨ | ᠪᠠᠶᠢᠭᠤᠯᠤᠯᠲᠠ ᠶᠢ ᠵᠢᠯᠣᠭᠤᠳᠴᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠠᠴᠢᠶᠠᠯᠠᠪᠤᠷᠢ ᠵᠢᠴᠢ ᠬᠦᠷᠢᠶᠡᠯᠡᠩ ᠲᠤᠭᠤᠷᠢᠭ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠢ ᠳᠡᠯᠭᠡᠷᠡᠭᠦᠯᠬᠦ ᠲᠥᠯᠥᠪᠵᠢᠭᠦᠯᠭᠡ ᠶᠢ | ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠠᠷᠪᠠ ᠂ ᠰᠢᠨᠵᠢᠯᠡᠭᠡ ᠮᠡᠷᠭᠡᠵᠢᠯ ᠤᠨ ᠭᠠᠳᠠᠭᠠᠳᠤ ᠶᠠᠪᠤᠯᠴᠠᠭ᠎ᠠ ᠬᠢᠭᠡᠳ ᠰᠢᠨ᠎ᠡ ᠶᠢ ᠡᠭᠦᠳᠬᠦ ᠴᠢᠳᠠᠪᠤᠷᠢ ᠶᠢᠨ ᠨᠡᠭᠡᠭᠡᠯᠲᠡ ᠬᠢᠵᠦ ᠬᠠᠮᠳᠤᠷᠠᠨ ᠠᠵᠢᠯᠯᠠᠬᠤ | ᠲᠥᠯᠥᠪᠵᠢᠭᠦᠯᠪᠡ ᠪᠠ ᠠᠷᠭ᠎ᠠ ᠬᠡᠮᠵᠢᠶ᠎ᠡ ᠶᠢ ᠬᠠᠷᠢᠭᠤᠴᠠᠨ ᠲᠤᠭᠳᠠᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠭᠡ ᠮᠡᠷᠭᠡᠵᠢᠯ ᠤᠨ ᠬᠠᠮᠲᠤᠷᠠᠯᠴᠠᠭ᠎ᠠ | ᠪᠣᠯᠤᠨ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠭᠠᠳᠠᠭᠠᠳᠤ ᠶᠢᠨ ᠣᠶᠤᠨ ᠮᠡᠳᠡᠯᠭᠡ ᠶᠢ | ᠣᠷᠣᠭᠤᠯᠤᠨ ᠠᠪᠴᠢᠷᠠᠬᠤ ᠠᠵᠢᠯ ᠢ ᠬᠠᠷᠢᠭᠤᠴᠠᠨ᠎ᠠ᠃ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠢ ᠣᠷᠣᠭᠤᠯᠤᠨ ᠠᠪᠴᠢᠷᠠᠬᠤ ᠶᠡᠷᠦᠩᠬᠡᠶ ᠲᠥᠯᠥᠪᠵᠢᠭᠦᠯᠭᠡ᠂ | ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠲᠤᠰᠬᠠᠶ ᠮᠡᠷᠭᠡᠵᠢᠯᠲᠡᠨ᠂ ᠪᠦᠯᠬᠦᠮ ᠨᠡᠶᠢᠲᠡ ᠶᠢ | ᠲᠡᠳᠡᠨ ᠴᠤᠭᠯᠠᠷᠠᠭᠤᠯᠬᠤ ᠲᠣᠭᠲᠠᠴᠠ ᠪᠠ ᠭᠤᠤᠯᠳᠠᠯᠭ᠎ᠠ ᠲᠠᠢ ᠭᠠᠳᠠᠭᠠᠳᠤ ᠶᠢᠨ ᠲᠤᠰᠬᠠᠶ ᠮᠡᠷᠭᠡᠵᠢᠯᠲᠡᠨ ᠲᠠᠢ ᠬᠠᠷᠢᠯᠴᠠᠵᠤ ᠦᠢᠯᠡᠴᠢᠯᠡᠬᠦ ᠲᠣᠭᠲᠠᠴᠠ ᠪᠠᠶᠢᠭᠤᠯᠬᠤ ᠶᠢ | ᠲᠦᠯᠬᠢᠨ ᠠᠬᠢᠭᠤᠯᠤᠨ᠎ᠠ᠃ | ᠠᠷᠪᠠᠨ ᠨᠢᠭᠡ ᠂ ᠰᠤᠷᠭᠠᠨ ᠬᠥᠮᠦᠵᠢᠯ ᠪᠠ ᠰᠢᠨᠵᠢᠯᠡᠭᠡ ᠮᠡᠷᠭᠡᠵᠢᠯ ᠤᠨ ᠵᠠᠷᠤᠳᠠᠯ ᠢ ᠨᠢᠭᠡᠳᠦᠯᠲᠡᠶ ᠲᠦᠯᠦᠪᠯᠡᠨ ᠬᠠᠮᠢᠶᠠᠷᠬᠤ ᠶᠢ ᠬᠠᠷᠢᠭᠤᠴᠠᠨ᠎ᠠ᠃ ᠰᠤᠷᠭᠠᠨ | ᠬᠥᠮᠦᠵᠢᠯ ᠪᠣᠯᠤᠨ ᠰᠢᠨᠵᠢᠯᠡᠭᠡ ᠮᠡᠷᠭᠡᠵᠢᠯ ᠤᠨ ᠵᠠᠷᠤᠳᠠᠯ ᠢ ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠬᠡᠮᠵᠢᠨ᠎ᠡ᠃ ᠪᠦᠬᠦ ᠬᠤᠲᠠ ᠶᠢᠨ ᠰᠤᠷᠭᠠᠨ ᠬᠥᠮᠦᠵᠢᠯ ᠪᠣᠯᠤᠨ | ᠰᠢᠨᠵᠢᠯᠡᠭᠡ ᠮᠡᠷᠭᠡᠵᠢᠯ ᠤᠨ ᠵᠠᠷᠤᠳᠠᠯ ᠤᠨ ᠪᠦᠷᠢᠳᠬᠡᠯ ᠪᠠ ᠵᠠᠳᠠᠯᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ | ᠪᠠᠢᠭᠤᠯᠤᠯᠲᠠ ᠶᠢᠨ ᠲᠥᠷᠦᠯ ᠵᠦᠢᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠰᠤᠷᠤᠭᠴᠢᠳ ᠢ ᠵᠣᠭᠤᠰ ᠢᠶᠠᠷ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠬᠠᠮᠢᠶᠠᠷᠤᠨ᠎ᠠ᠃ | ᠠᠷᠪᠠᠨ ᠬᠤᠶᠠᠷ ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠦᠵᠡᠯ | ᠰᠠᠨᠠᠭ᠎ᠠ ᠤᠯᠤᠰ ᠲᠥᠷᠥ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠵᠢᠴᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ | ᠲᠥᠯᠥᠪᠯᠡᠨ ᠰᠠᠶᠢᠲᠤᠷ ᠠᠳᠬᠤᠨ᠎ᠠ᠃ | ᠠᠷᠪᠠᠨ ᠭᠤᠷᠪᠠ ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠲᠤᠬᠠᠶᠢᠯᠠᠭᠰᠠ ᠠᠵᠢᠯ ᠤᠨ ᠰᠠᠯᠠᠭ᠎ᠠ ᠮᠥᠴᠢᠷ ᠤᠨ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | |