ᠶᠠᠭᠰᠢ ᠬᠤᠲᠠ ᠶᠢᠨ ᠬᠢᠨᠠᠨ ᠪᠣᠳᠣᠬᠤ ᠲᠣᠪᠴᠢᠶᠠᠨ ᠤ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/8/10
       ᠨᠢᠭᠡ᠂ ᠬᠢᠨᠠᠨ ᠪᠣᠳᠣᠬᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃ ᠲᠤᠰᠬᠠᠶ ᠮᠡᠷᠭᠡᠵᠢᠯ ᠤᠨ ᠬᠦᠷᠢᠶᠡᠨ ᠤ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠢᠨᠠᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ ᠪᠤᠳᠤᠬᠤ ᠦᠨᠡᠯᠡᠯᠲᠡ ᠬᠢᠵᠦ᠂ ᠬᠢᠨᠠᠨ ᠪᠤᠳᠤᠬᠤ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠬᠤ ᠰᠠᠨᠠᠭᠤᠯᠭ᠎ᠠ ᠲᠤᠷᠠᠳᠤᠨ᠎ᠠ᠃    ᠬᠤᠶᠠᠷ᠂ ᠶᠠᠭᠰᠢ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠣᠳᠣᠵᠤ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠣᠳᠣᠵᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠦᠮᠴᠢᠯᠡᠯ ᠤᠨ ᠡᠳ᠋ ᠬᠥᠷᠥᠩᠭᠡ᠂ ᠤᠯᠤᠰ ᠤᠨ ᠦᠮᠴᠢᠯᠡᠯ ᠤᠨ ᠡᠬᠢ ᠪᠠᠶᠠᠯᠢᠭ ᠵᠡᠷᠭᠡ ᠶᠢᠨ ᠬᠢᠨᠠᠨ ᠪᠣᠳᠣᠯᠲᠠ ᠶᠢᠨ ᠪᠦᠬᠦᠨ ᠢ ᠬᠠᠮᠤᠷᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠵᠢᠴᠢ ᠶᠠᠭᠰᠢ ᠬᠤᠲᠠ ᠶᠢᠨ ᠬᠤᠯᠪᠣᠭᠳᠠᠯ ᠪᠥᠬᠦᠶ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠬᠢᠨᠠᠨ ᠪᠤᠳᠤᠬᠤ ᠠᠵᠢᠯ ᠬᠢᠬᠦ ᠶᠢ ᠬᠠᠷᠢᠭᠤᠴᠠᠨ᠎ᠠ᠃ ᠬᠢᠨᠠᠨ ᠪᠣᠳᠣᠬᠤ᠂ ᠲᠤᠰᠬᠠᠶ ᠬᠢᠨᠠᠨ ᠪᠣᠳᠣᠬᠤ ᠪᠠᠶᠢᠴᠠᠭᠠᠯᠲᠠ ᠪᠠ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠨ᠎ᠡ᠂ ᠬᠢᠨᠠᠨ ᠪᠣᠳᠣᠭᠳᠠᠭᠰᠠᠨ ᠨᠢᠭᠡᠴᠡ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃    ᠭᠤᠷᠪᠠ᠂ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ᠂ ᠬᠤᠲᠠ ᠶᠢᠨ ᠵᠠᠰᠠᠭ ᠤᠨ ᠣᠷᠳᠣᠨ ᠳᠤ ᠬᠤᠲᠠ ᠶᠢᠨ ᠲᠣᠰ ᠱᠠᠲᠤᠨ ᠤ ᠣᠨ ᠤ ᠲᠥᠰᠦᠪ ᠢ ᠭᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠮᠡᠳᠡᠭᠦᠯᠦᠯᠲᠡ ᠳᠤᠷᠠᠳᠤᠨ᠎ᠠ᠃ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠶᠠᠭᠰᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠳᠤ ᠬᠤᠲᠠ ᠶᠢᠨ ᠲᠣᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠯᠲᠠ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠳᠤᠷᠠᠳᠤᠨ ᠭᠠᠷᠭᠠᠪᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠤᠰᠤᠳ ᠵᠦᠢᠯ ᠤᠨ ᠬᠢᠨᠠᠨ ᠪᠣᠳᠣᠯᠲᠠ ᠪᠠ ᠲᠤᠰᠬᠠᠶ ᠵᠦᠢᠯ ᠤᠨ ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢᠶᠠᠨ ᠮᠡᠳᠡᠭᠦᠯᠦᠨ᠎ᠡ᠃ ᠬᠢᠨᠠᠨ ᠪᠤᠳᠤᠭᠰᠠᠨ ᠦᠷ᠎ᠡ ᠳ᠋ᠦᠩ ᠢ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ ᠃ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠳᠤ ᠬᠢᠨᠠᠨ ᠪᠣᠳᠣᠭᠰᠠᠨ ᠪᠠᠶᠢᠳᠠᠯ ᠪᠠ ᠬᠢᠨᠠᠨ ᠪᠣᠳᠣᠭᠰᠠᠨ ᠦᠷ᠎ᠡ ᠳ᠋ᠦᠩ ᠢ ᠮᠡᠳᠡᠭᠳᠡᠨ᠎ᠡ᠃    ᠳᠥᠷᠪᠡ᠂ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠬᠢᠨᠠᠨ ᠪᠣᠳᠣᠭᠰᠠᠨ ᠲᠣᠭᠲᠠᠭᠠᠯ ᠭᠠᠷᠭᠠᠵᠤ᠂ ᠬᠢᠨᠠᠨ ᠪᠣᠳᠣᠭᠰᠠᠨ ᠮᠡᠳᠡᠭᠦᠯᠦᠯᠲᠡ ᠬᠢᠵᠦ ᠥᠭᠬᠦ ᠬᠡᠷᠡᠭᠲᠡᠶ᠃  ᠲᠡᠭᠡᠳᠦ ᠱᠠᠲᠤᠨ ᠤ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠠᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠬᠤᠲᠠ ᠶᠢᠨ ᠲᠣᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠲᠡᠭᠡᠳᠦ ᠱᠠᠲᠤᠨ ᠤ ᠡᠳ᠋ ᠤᠨ ᠵᠠᠰᠠᠭ ᠤᠨ ᠰᠢᠯᠵᠢᠭᠦᠯᠦᠨ ᠥᠭᠭᠦᠭᠰᠡᠨ ᠪᠡᠯᠡ ᠮᠥᠩᠭᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ︵ᠳᠣᠣᠷᠠᠳᠤ ᠱᠠᠲᠤᠨ ᠤ ᠪᠠᠶᠢᠭᠤᠯᠭ᠎ᠠ ᠪᠠᠭᠳᠠᠨ᠎ᠠ︶᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ︔ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠵᠢᠴᠢ ᠲᠣᠰ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠨᠢᠭᠡᠴᠡ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠤᠰ ᠤᠨ ᠪᠡᠯᠡ ᠣᠷᠣᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ᠂ ᠬᠥᠯᠥᠨ ᠪᠤᠶᠢᠷ ᠬᠤᠲᠠ᠂ ᠶᠠᠭᠰᠢ ᠬᠤᠲᠠ ᠶᠢᠨ ᠪᠡᠯᠡ ᠣᠷᠣᠭᠤᠯᠤᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ᠂ ᠶᠠᠭᠰᠢ ᠬᠤᠲᠠ ᠶᠢᠨ ᠪᠡᠯᠡ ᠣᠷᠣᠭᠤᠯᠤᠯᠲᠠ ᠪᠠᠷ ᠭᠤᠤᠯ ᠪᠣᠯᠭᠠᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ ᠲᠥᠰᠦᠪ ᠤᠨ ᠭᠦᠢᠴᠡᠳᠭᠡᠯ᠂ ᠬᠤᠲᠠ ᠶᠢᠨ ᠬᠠᠷᠢᠶᠠᠨ ᠳᠠᠬᠢ ᠤᠯᠤᠰ ᠤᠨ ᠦᠮᠴᠢᠯᠡᠯᠳᠦ ᠨᠢᠭᠡᠴᠡ ᠶᠢᠨ ᠥᠪᠡᠷ ᠢᠶᠠᠷ ᠴᠤᠭᠯᠠᠭᠤᠯᠤᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ︔ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠭᠰᠡᠨ ᠪᠠᠶᠢᠳᠠᠯ︔ ᠬᠤᠲᠠ ᠶᠢᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠤᠲᠠ ᠶᠢᠨ ᠵᠠᠰᠠᠭ ᠤᠨ ᠣᠷᠳᠣᠨ ᠠᠴᠠ ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠨᠢ ᠬᠤᠪᠢ ᠡᠵᠡᠮᠳᠡᠬᠦ ᠪᠤᠶᠤ ᠭᠤᠤᠯᠯᠠᠬᠤ ᠪᠠᠶᠢᠷᠢ ᠰᠠᠭᠤᠷᠢ ᠶᠢ ᠡᠵᠡᠯᠡᠵᠦ ᠪᠠᠶᠢᠭ᠎ᠠ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ᠂ ᠥᠷᠢ ᠰᠢᠷᠢ ᠪᠣᠯᠤᠨ ᠣᠯᠵᠠᠪᠤᠷᠢ ᠠᠯᠳᠠᠪᠤᠷᠢ᠂ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠤᠨ ᠬᠠᠨᠳᠢᠪᠯᠠᠨ ᠬᠦᠷᠭᠡᠭᠰᠡᠨ ᠪᠡᠯᠡ ᠮᠥᠩᠭᠦ ᠪᠠ ᠪᠤᠰᠤᠳ ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂  ᠵᠢᠭᠡᠯᠡᠯᠭᠡ ᠶᠢᠨ ᠵᠦᠢᠯᠡᠰ︔ ᠬᠠᠤᠯᠢ ᠴᠠᠭᠠᠵᠠ ᠬᠠᠤᠯᠢ ᠲᠣᠭᠲᠠᠭᠠᠯ ᠳᠤ ᠬᠢᠨᠠᠨ ᠪᠤᠳᠤᠬᠤ ᠲᠣᠪᠴᠢᠶ᠎ᠠ ᠶᠢᠨ ᠬᠢᠨᠠᠨ ᠪᠤᠳᠤᠬᠤ ᠶᠣᠰᠣᠲᠠᠶ ᠪᠤᠰᠤᠳ ᠵᠦᠢᠯ ᠳᠤ ᠬᠢᠨᠠᠨ ᠪᠤᠳᠤᠭᠰᠠᠨ ᠲᠣᠭᠲᠠᠭᠠᠯ ᠭᠠᠷᠭᠠᠨ᠎ᠠ ᠭᠡᠵᠦ ᠲᠣᠭᠲᠠᠭᠠᠵᠠᠶ᠃    ᠲᠠᠪᠤ᠂ ᠲᠣᠭᠲᠠᠭᠠᠯ ᠶᠣᠰᠣᠭᠠᠷ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠵᠠᠰᠠᠭ ᠤᠨ ᠤᠳᠤᠷᠢᠳᠤᠯᠭ᠎ᠠ ᠵᠢᠴᠢ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠳᠠᠨ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠬᠢᠬᠦ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠳᠤ ᠬᠢᠨᠠᠨ ᠪᠣᠳᠣᠯᠲᠠ ᠬᠢᠬᠦ ᠬᠡᠷᠡᠭᠲᠡᠶ᠃    ᠵᠢᠷᠭᠤᠭ᠎ᠠ᠂ ᠲᠡᠭᠡᠳᠦ ᠱᠠᠲᠤᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠤᠳᠣᠯᠭ᠎ᠠ ᠪᠠ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠵᠢᠴᠢ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠳᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠤᠨᠴᠠᠭᠠᠢ ᠲᠣᠭᠲᠠᠭᠠᠭᠰᠠᠨ ᠵᠦᠢᠯᠡᠰ ᠲᠤ ᠲᠤᠰᠬᠠᠶ ᠵᠦᠢᠯ ᠤᠨ ᠬᠢᠨᠠᠨ ᠪᠣᠳᠣᠯᠲᠠ ᠪᠠᠶᠢᠴᠠᠭᠠᠯᠲᠠ ᠬᠢᠨ᠎ᠡ᠃    ᠳᠣᠯᠤᠭ᠎ᠠ᠂ ᠬᠢᠨᠠᠨ ᠪᠣᠳᠣᠬᠤ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠰᠢᠮᠳᠠᠭᠤᠯᠵᠤ ᠴᠡᠭᠴᠡᠯᠡᠨ ᠰᠠᠶᠢᠵᠢᠷᠠᠭᠤᠯᠵᠤ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠬᠢᠨᠠᠨ ᠪᠣᠳᠣᠯᠲᠠ ᠶᠢᠨ ᠲᠣᠭᠲᠠᠭᠠᠯ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ ᠤ ᠵᠠᠷᠭᠤ ᠪᠤᠶᠤ ᠬᠤᠲᠠ ᠶᠢᠨ ᠵᠠᠰᠠᠭ ᠤᠨ ᠣᠷᠳᠣᠨ ᠤ ᠲᠠᠰᠤᠯᠤᠯᠲᠠ ᠲᠣᠮᠳᠠᠬᠢ ᠬᠤᠯᠪᠣᠭᠳᠠᠯ ᠪᠦᠬᠦᠢ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠪᠦᠬᠦ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠢ ᠪᠡᠯᠡ ᠮᠥᠩᠭᠦ ᠶᠢ ᠬᠡᠷᠡᠭᠯᠡᠵᠦ ᠪᠠᠶᠢᠭ᠎ᠠ ᠪᠦᠲᠦᠭᠡᠨ ᠪᠠᠶᠢᠭᠤᠯᠤᠯᠳᠠ ᠶᠢᠨ ᠲᠥᠷᠥᠯ ᠵᠦᠢᠯ ᠢ ᠪᠠᠶᠢᠴᠠᠭᠠᠬᠤ ᠠᠵᠢᠯ᠂ ᠲᠣᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠤᠯᠢ ᠶᠣᠰᠣᠭᠠᠷ ᠦᠷᠨᠢᠭᠦᠯᠦᠨ᠎ᠡ᠃    ᠨᠠᠢᠮᠠ᠂ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠣᠳᠣᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠬᠢᠵᠦ ᠥᠭᠭᠦᠭᠰᠡᠨ ᠬᠠᠮᠢᠶ᠎ᠠ ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠬᠡᠷᠡᠭᠲᠡᠶ᠃    ᠶᠢᠰᠦ᠂ ᠬᠢᠨᠠᠨ ᠪᠣᠳᠣᠬᠤ ᠬᠦᠷᠢᠶ᠎ᠡ ᠴᠠᠷᠠᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠶᠢᠨ ᠪᠦᠬᠦ ᠬᠤᠲᠠ ᠶᠢᠨ ᠬᠢᠨᠠᠨ ᠪᠣᠳᠣᠬᠤ ᠬᠦᠷᠢᠶ᠎ᠡ ᠴᠠᠷᠠᠭ᠎ᠠ ᠳᠠᠬᠢ ᠬᠡᠷᠡᠭᠯᠡᠯᠲᠡ ᠶᠢ ᠵᠢᠯᠣᠭᠤᠳᠤᠨ ᠳᠡᠯᠭᠡᠷᠡᠭᠦᠯᠦᠨ᠎ᠡ᠃    ᠠᠷᠪᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠠᠷᠪᠠᠨ ᠨᠢᠭᠡ᠂ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠢᠨᠠᠨ ᠪᠣᠳᠣᠬᠤ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠬᠤᠲᠠ ᠶᠢᠨ ᠬᠢᠨᠠᠨ ᠪᠣᠳᠣᠬᠤ ᠠᠵᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠬᠢᠨᠠᠨ ᠪᠣᠳᠣᠬᠤ ᠪᠠᠶᠢᠭᠤᠯᠤᠯᠭ᠎ᠠ ᠶᠢᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠬᠢᠨᠠᠨ ᠪᠤᠳᠤᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠵᠤ ᠂ ᠲᠥᠪᠯᠡᠷᠡᠩᠭᠦᠶ ᠨᠢᠭᠡᠳᠦᠯᠲᠡᠶ᠂ ᠪᠥᠬᠦ ᠲᠠᠯ᠎ᠠ ᠪᠠᠷ ᠬᠠᠮᠤᠷᠤᠭᠰᠠᠨ᠂ ᠡᠷᠬᠡ ᠰᠦᠷᠲᠦ ᠥᠨᠳᠥᠷ ᠪᠦᠲᠦᠮᠵᠢᠲᠡᠶ ᠬᠢᠨᠠᠨ ᠪᠤᠳᠤᠬᠤ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ᠎ᠠ᠃ ᠬᠢᠨᠠᠨ ᠪᠣᠳᠣᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠴᠢᠩᠭ᠎ᠠ ᠬᠢᠨᠠᠯᠲᠠ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠬᠠᠯᠠᠨ ᠰᠠᠶᠢᠵᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ ᠭᠦᠢᠴᠡᠳ ᠲᠠᠶᠢᠴᠢᠯᠠᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃        
ᠢᠷᠡᠯᠲᠡ᠄ ᠶᠠᠭᠰᠢ ᠬᠤᠳᠠ ᠶᠢᠨ ᠠᠷᠠᠳ ᠤᠨ ᠵᠠᠰᠠᠭ ᠤᠨ ᠤᠷᠳᠤᠨ