ᠶᠠᠭᠰᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2020/8/11
   ᠨᠢᠭᠡ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠥᠯᠥᠨ ᠪᠤᠶᠢᠷ ᠬᠤᠲᠠ ᠶᠢᠨ ︽ᠭᠤᠷᠪᠠᠨ ᠲᠠᠷᠢᠶᠠᠯᠠᠩ ᠭᠤᠷᠪᠠᠨ ᠮᠠᠯᠵᠢᠯ︾᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠡᠭᠦᠨ ᠤ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ ᠪᠠᠶᠢᠭᠤᠯᠤᠯᠳᠠ ᠶᠢ ᠪᠦᠷᠢᠨᠰᠢᠭᠦᠯᠬᠦ ᠬᠡᠷᠡᠭᠲᠡᠶ᠃    ᠬᠤᠶᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ᠂ ᠤᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠪᠠ ᠬᠥᠳᠡᠭᠡ ᠲᠣᠰᠬᠤᠨ ᠤ ᠵᠠᠰᠠᠯᠲᠠ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠪᠠ ᠦᠢᠯᠡᠳᠪᠦᠷᠢᠯᠡᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠬᠠᠷᠢᠭᠤᠴᠠᠨ᠎ᠠ᠃ ᠬᠥᠳᠡᠭᠡ ᠲᠣᠰᠬᠤᠨ ᠤ ᠤᠶᠤᠨ ᠤ ᠪᠣᠯᠪᠠᠰᠤᠨ ᠪᠠ ᠲᠠᠷᠢᠶᠠᠯᠠᠬᠤ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃    ᠭᠤᠷᠪᠠ᠂ ᠬᠥᠳᠡᠭᠡ ᠲᠣᠰᠬᠤᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠵᠢᠯ ᠢ ᠡᠭᠦᠷᠭᠡᠯᠡᠬᠦ ᠬᠡᠷᠡᠭᠲᠡᠶ᠃ ᠲᠠᠷᠢᠶᠠᠴᠢᠨ ᠮᠠᠯᠴᠢᠳ ᠤᠨ ᠳᠠᠭᠠᠭᠠᠴᠢᠯᠠᠭᠰᠠᠨ ᠭᠠᠵᠠᠷ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠠᠵᠢᠯ ᠢ ᠵᠢᠯᠣᠭᠤᠳᠴᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠦᠭᠵᠢᠯᠳᠡ ᠪᠣᠯᠤᠨ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠲᠠᠷᠢᠶᠠᠴᠢᠨ ᠮᠠᠯᠴᠢᠳ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ᠃    ᠳᠥᠷᠪᠡ᠂ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠪᠠ ᠰᠤᠯᠢᠯᠴᠠᠭ᠎ᠠ ᠬᠠᠮᠲᠤᠷᠠᠯᠴᠠᠭ᠎ᠠ ᠶᠢ ᠬᠠᠷᠢᠭᠤᠴᠠᠨ᠎ᠠ᠃ ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠪᠠ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠵᠤ᠂ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠠᠵᠤ ᠠᠬᠤᠶ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠲᠠᠢ ᠬᠠᠮᠲᠤᠷᠠᠯᠴᠠᠬᠤ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠣᠯᠠᠨ ᠤᠯᠤᠰ ᠤᠨ ᠬᠠᠮᠳᠤᠷᠠᠯᠴᠠᠭᠠᠨ ᠤ ᠬᠤᠯᠪᠣᠭᠳᠠᠯ ᠪᠦᠬᠦᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠲᠠᠪᠤ᠂ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠲᠡᠯᠭᠡᠷᠡᠭᠦᠯᠦᠯᠳᠠ ᠶᠢᠨ ᠲᠥᠯᠥᠪᠵᠢᠭᠦᠯᠭᠡ ᠶᠢ ᠲᠤᠭᠤᠷᠪᠢᠵᠤ ᠲᠤᠭᠳᠠᠭᠠᠬᠤ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠵᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠢ ᠶᠢᠨ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠳᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠡᠭᠦᠯᠳᠡᠷ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ ᠲᠥᠮᠥᠰᠥ ᠶᠢᠨ ᠠᠵᠤ ᠦᠢᠯᠡᠰ᠂ ᠬᠢᠲᠠᠳ ᠡᠪᠡᠰᠦᠨ ᠡᠮ ᠤᠨ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠵᠢᠷᠭᠤᠭ᠎ᠠ᠂ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠥᠳᠡᠭᠡ ᠲᠣᠰᠬᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ ᠤᠨ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠬᠥᠮᠦᠵᠢᠯ ᠪᠣᠯᠤᠨ ᠨᠡᠭᠡᠭᠡᠯᠲᠡ ᠶᠢᠨ ᠠᠵᠢᠯ ᠢ ᠵᠢᠯᠣᠭᠤᠳᠬᠤ ᠬᠡᠷᠡᠭᠲᠡᠶ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃    ᠳᠣᠯᠤᠭ᠎ᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠪᠠᠶᠢᠳᠠᠯ ᠤᠨ ᠬᠤᠯᠪᠤᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠶ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠳᠠ ᠶᠢ ᠵᠢᠯᠣᠭᠤᠳᠴᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠨᠡᠬᠡᠮᠵᠢᠯᠡᠬᠦ ᠰᠢᠰᠲ᠋ᠧᠮᠵᠢ ᠶᠢᠨ ᠪᠠᠶᠢᠭᠤᠯᠤᠯᠲᠠ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠨᠡᠶᠢᠲᠡ ᠳᠤ ᠬᠤᠤᠷᠳᠠᠭᠳᠠᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠪᠣᠬᠢᠷᠲᠤᠯ ᠦᠭᠡᠢ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠭᠠᠵᠠᠷ ᠵᠦᠢ ᠶᠢᠨ ᠲᠡᠮᠳᠡᠭ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠮᠢᠶ᠎ᠠ ᠪᠦᠬᠦᠢ ᠠᠵᠢᠯ ᠢ ᠵᠤᠬᠢᠶᠠᠨ ᠪᠠᠶᠢᠭᠤᠯᠤᠨ ᠵᠢᠯᠣᠭᠤᠳᠤᠨ᠎ᠠ᠃    ᠨᠠᠢᠮᠠ᠂ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠠᠵᠤ ᠦᠢᠯᠡᠰ ᠵᠢᠴᠢ ᠠᠵᠤ ᠦᠶᠢᠯᠡᠰᠵᠢᠭᠰᠡᠨ ᠡᠵᠡᠩᠨᠡᠯᠲᠡ ᠶᠢᠨ ᠠᠵᠢᠯ ᠢ ᠬᠠᠷᠢᠭᠤᠴᠠᠨ᠎ᠠ᠃ ᠭᠤᠤᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠵᠣᠬᠢᠶᠠᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠴᠤ᠂ ᠴᠢᠨᠠᠷ ᠰᠠᠶᠢᠲᠠᠶ ᠥᠨᠳᠥᠷ ᠦᠷ᠎ᠡ ᠠᠰᠢᠭ ᠲᠠᠢ ᠪᠣᠬᠢᠷᠲᠤᠯ ᠥᠬᠡᠶ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ᠂ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠣᠯᠤᠨ ᠠᠵᠤ ᠦᠶᠢᠯᠡᠰᠵᠢᠭᠰᠡᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠥᠳᠡᠭᠡ ᠲᠣᠰᠬᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠤᠨ᠎ᠠ᠃    ᠶᠢᠰᠦ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠬᠡᠷᠡᠭᠯᠡᠬᠦ ᠭᠠᠵᠠᠷ᠂ ᠵᠢᠭᠠᠰᠤᠨ ᠠᠵᠤ ᠠᠬᠤᠶ ᠶᠢᠨ ᠤᠰᠤᠨ ᠣᠷᠣᠨ ᠵᠢᠴᠢ ᠲᠠᠷᠢᠶᠠᠯᠠᠩ ᠮᠠᠯ ᠠᠵᠤ ᠠᠬᠤᠶ ᠶᠢᠨ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ᠂ ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠪᠣᠯᠤᠨ ᠬᠠᠮᠢᠶᠠᠷᠤᠯᠲᠠ ᠶᠢ ᠵᠢᠯᠣᠭᠤᠳᠴᠤ᠂ ᠵᠢᠭᠠᠰᠤᠨ ᠤ ᠶᠠᠪᠤᠳᠠᠯ ᠵᠢᠭᠠᠰᠤᠨ ᠭᠠᠷᠠᠮ ᠢ ᠬᠢᠨᠠᠵᠤ ᠬᠠᠮᠢᠶᠠᠷᠤᠨ᠎ᠠ᠃ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ ᠶᠠᠰᠤ ᠴᠢᠨᠠᠷ᠂ ᠬᠠᠮᠠᠭᠠᠯᠠᠯᠲᠠ ᠪᠠ ᠠᠷᠢᠭᠤᠨ ᠴᠡᠪᠡᠷ ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠶ᠂ ᠠᠮᠢ ᠠᠬᠤᠢ ᠶᠢᠨ ᠣᠷᠴᠢᠯ ᠲᠠᠷᠢᠶᠠᠯᠠᠩ ᠮᠠᠯ ᠠᠵᠤ ᠠᠬᠤᠶ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠵᠢᠴᠢ ᠬᠥᠳᠡᠭᠡ ᠲᠣᠰᠬᠤᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠶᠡᠷᠦᠩᠬᠡᠶᠢᠯᠡᠨ ᠨᠡᠭᠡᠭᠡᠨ ᠠᠰᠢᠭᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠣᠳᠠᠰ ᠤᠨ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃    ᠠᠷᠪᠠ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠬᠥᠭᠵᠢᠯᠲᠡ ᠶᠢ ᠲᠡᠳᠬᠦᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠪᠡᠯᠡ ᠣᠷᠣᠭᠤᠯᠵᠤ ᠪᠡᠯᠡ ᠨᠡᠶᠢᠯᠡᠭᠦᠯᠬᠦ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠬᠤ ᠬᠡᠷᠡᠭᠲᠡᠶ᠃ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠤᠨ ᠶᠠᠭᠰᠢ ᠬᠤᠲᠠ ᠶᠢᠨ ᠡᠳ᠋ ᠤᠨ ᠵᠠᠰᠠᠭ ᠠᠴᠠ ᠲᠣᠬᠢᠷᠠᠭᠤᠯᠣᠭᠰᠠᠨ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠶᠢᠨ ᠲᠥᠯᠥᠪᠯᠡᠭᠡ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠮᠡᠳᠡᠭᠦᠯᠦᠨ᠎ᠡ᠃ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠶᠠᠭᠰᠢ ᠬᠤᠲᠠ ᠶᠢᠨ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠠᠷᠢᠶᠠᠯᠠᠩ ᠮᠠᠯ ᠠᠵᠤ ᠠᠬᠤᠶ ᠬᠥᠳᠡᠭᠡ ᠲᠣᠰᠬᠤᠨ ᠤ ᠪᠡᠯᠡ ᠤᠷᠤᠭᠤᠯᠤᠯᠳᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠵᠦ  ᠂ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠲᠣᠬᠢᠷᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    ᠠᠷᠪᠠᠨ ᠨᠢᠭᠡ᠂ ᠠᠮᠢᠲᠠᠨ ᠤᠷᠭᠤᠮᠠᠯ ︵ᠲᠠᠷᠢᠮᠠᠯ᠂ ᠮᠠᠯ ᠵᠢᠭᠦᠷᠲᠡᠨ ᠪᠣᠯᠤᠨ ᠤᠰᠤᠨ ᠤ ᠠᠮᠢᠳᠤ ᠪᠣᠳᠠᠰ︶ ᠤᠨ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠠᠮᠢᠲᠠᠨ ᠤᠷᠭᠤᠮᠠᠯ ᠬᠢᠵᠢᠭ ᠢ ᠰᠡᠷᠭᠡᠶᠢᠯᠡᠬᠦ ᠪᠠ ᠬᠢᠵᠢᠭ ᠪᠠᠶᠢᠴᠠᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠠᠮᠢᠲᠠᠨ ᠤᠷᠭᠤᠮᠠᠯ ᠤᠨ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠬᠢᠨᠠᠯᠳᠠ ᠲᠠᠯᠪᠢᠵᠤ᠂ ᠭᠡᠨᠡᠳᠲᠡ ᠡᠭᠦᠰᠬᠦ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠥᠨᠥᠭᠡᠯᠲᠡᠶ ᠠᠮᠢᠳᠤ ᠪᠣᠳᠠᠰ ᠤᠨ ᠨᠡᠶᠢᠳᠡᠮ ᠪᠠᠶᠢᠴᠠᠭᠠᠯᠲᠠ ᠪᠣᠯᠤᠨ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠮᠠᠯ ᠡᠮᠨᠡᠯᠭᠡ ᠶᠢᠨ ᠡᠩᠨᠡᠭᠡ᠂ ᠮᠠᠯ ᠤᠨ ᠡᠮ ᠪᠣᠯᠤᠨ ᠨᠢᠲᠤᠯᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠠᠷᠪᠠᠨ ᠬᠤᠶᠠᠷ᠂ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠵᠦ ᠨᠡᠶᠢᠲᠡᠯᠡᠵᠦ᠂ ᠦᠷ᠎ᠡ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠮᠠᠯ ᠤᠨ ᠡᠮ᠂ ᠲᠡᠵᠢᠭᠡᠯ ᠡᠪᠡᠰᠦ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ ᠰᠢᠯᠵᠢᠭᠦᠯᠦᠨ ᠥᠭᠬᠦ ᠠᠵᠢᠯ ᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠭᠠᠮᠰᠢᠭ ᠠᠴᠠ ᠪᠠᠴᠢᠮ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠶᠢ ᠵᠢᠯᠣᠭᠤᠳᠤᠨ᠎ᠠ    ᠠᠷᠪᠠᠨ ᠭᠤᠷᠪᠠ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠪᠤᠳᠠᠰ ᠲᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠪᠤᠳᠠᠰ ᠤᠨ ᠬᠤᠯᠪᠤᠭᠳᠠᠯ ᠪᠦᠬᠦᠢ ᠤᠯᠤᠰ ᠤᠨ ᠪᠠᠷᠢᠮᠵᠢᠶ᠎ᠠ ᠶᠢ ᠨᠠᠢᠳᠠᠪᠤᠷᠢᠵᠢᠭᠤᠯᠬᠤ᠂ ᠲᠠᠷᠢᠮᠠᠯ᠂ ᠲᠡᠵᠢᠭᠡᠯ ᠡᠪᠡᠰᠦᠨ ᠤ ᠦᠷ᠎ᠡ ︵ᠦᠷ᠎ᠡ ᠴᠢᠬᠢ︶᠂ ᠪᠣᠷᠳᠣᠭᠤᠷ᠂ ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠤᠭ᠎ᠠ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠡᠷᠬᠡ ᠶᠢᠨ ᠬᠡᠪᠴᠢᠶᠡᠨ ᠳᠣᠲᠣᠷᠠᠬᠢ ᠦᠢᠯᠡᠳᠪᠦᠷᠢᠯᠡᠵᠦ ᠪᠤᠷᠤᠯᠠᠭᠤᠯᠬᠤ ᠵᠥᠪᠰᠢᠶᠡᠷᠡᠯ ᠵᠢᠴᠢ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ᠃ ᠲᠡᠵᠢᠭᠡᠯ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ᠠᠷᠪᠠᠨ ᠲᠦᠷᠪᠡ᠂ ᠪᠦᠬᠦ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠲᠥᠯᠥᠪᠵᠢᠭᠦᠯᠪᠡ᠂ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠵᠢᠯᠣᠭᠤᠳᠴᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠢᠨᠠᠨ ᠬᠠᠮᠢᠶᠠᠷᠬᠤ ᠪᠠ ᠠᠮᠵᠢᠯᠲᠠ ᠪᠦᠲᠦᠮᠵᠢ ᠶᠢ ᠦᠨᠡᠯᠡᠬᠦ ᠠᠵᠢᠯ ᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠠᠷᠪᠠᠨ ᠲᠠᠪᠤ  ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    
ᠢᠷᠡᠯᠲᠡ᠄ ᠶᠠᠭᠰᠢ ᠬᠤᠳᠠ ᠶᠢᠨ ᠠᠷᠠᠳ ᠤᠨ ᠵᠠᠰᠠᠭ ᠤᠨ ᠤᠷᠳᠤᠨ