︽ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠨᠡᠭᠡᠭᠡᠨ ᠬᠦᠭᠵᠢᠬᠦᠯᠬᠦ ᠬᠡᠰᠡᠭ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠵᠤ ᠬᠡᠰᠡᠭᠷᠡᠨ ᠨᠡᠭᠡᠭᠡᠨ ᠬᠥᠭᠵᠢᠭᠦᠯᠬᠦ ᠲᠥᠰᠥᠯ ᠤᠨ ︵2023 — 2025 ᠣᠨ︶ ᠤ ᠲᠣᠬᠢᠷᠠᠭᠤᠯᠤᠯᠲᠠ ᠶᠢᠨ ᠲᠥᠰᠥᠯ︾ ᠤᠨ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2023/10/17
ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄         ᠲᠠᠨ ᠤ ᠬᠤᠲᠠ ᠶᠢᠨ ︽︿ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠨᠡᠭᠡᠭᠡᠨ ᠬᠦᠭᠵᠢᠬᠦᠯᠬᠦ ᠬᠡᠰᠡᠭ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠵᠤ ᠬᠡᠰᠡᠭᠷᠡᠨ ᠨᠡᠭᠡᠭᠡᠨ ᠬᠥᠭᠵᠢᠭᠦᠯᠬᠦ ᠲᠥᠰᠥᠯ ︵2023 — 2025 ᠣᠨ︶ ᠳᠤ ᠲᠣᠬᠢᠷᠠᠭᠤᠯᠤᠯᠲᠠ ᠬᠢᠬᠦ ᠲᠥᠰᠥᠯ﹀ ᠢ ᠴᠣᠬᠤᠯᠠᠪᠤᠷᠢᠯᠠᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠵᠠᠯᠠᠨ ᠠᠶᠢᠯ ᠵᠠᠰᠠᠭ ᠲᠠᠷᠬᠠᠭᠠᠭᠰᠠᠨ ︹2023︺ 17 ᠳ᠋ᠤᠭᠠᠷ ᠲᠣᠭᠠᠲᠤ︶ ᠶᠢ ᠲᠤᠰᠴᠤ ᠠᠪᠤᠯ᠎ᠠ᠃ ᠰᠤᠳᠤᠯᠬᠤ ᠪᠠᠷ ᠳᠡᠮᠵᠢᠨ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ ᠬᠡᠰᠡᠭ ᠬᠡᠰᠡᠭ ᠢᠶᠠᠷ ᠨᠡᠭᠡᠭᠡᠨ ᠬᠦᠭᠵᠢᠬᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠯᠡᠬᠦ︶﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠶᠢᠨ ᠡᠬᠢ ᠪᠠᠶᠠᠯᠢᠭ ᠵᠠᠬᠢᠳᠠᠯ ︹2022︺ 305 ᠳ᠋ᠤᠭᠠᠷ ᠲᠣᠭᠠᠲᠤ︶  ᠢ ᠦᠨᠳᠦᠰᠦᠯᠡᠨ᠂ ᠡᠳᠦᠭᠡ ᠳᠣᠣᠷᠠᠬᠢ ᠮᠡᠲᠦ ᠴᠣᠬᠤᠯᠠᠪᠤᠷᠢᠯᠠᠶ᠎ᠠ᠄         ᠨᠢᠭᠡ᠂ ︽ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠨᠡᠭᠡᠭᠡᠨ ᠬᠦᠭᠵᠢᠬᠦᠯᠦᠯᠳᠡ ᠶᠢᠨ ᠬᠡᠰᠡᠭ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠡᠰᠡᠭᠷᠡᠨ ᠨᠡᠭᠡᠭᠡᠨ ᠬᠥᠭᠵᠢᠭᠦᠯᠬᠦ ᠲᠥᠰᠥᠯ ᠤᠨ ︵2023 — 2025 ᠣᠨ︶ ᠤ ᠲᠣᠬᠢᠷᠠᠭᠤᠯᠤᠯᠲᠠ ᠶᠢᠨ ᠲᠥᠰᠥᠯ︾ ︵ᠳᠣᠷᠣᠭᠰᠢ ︽ᠲᠣᠬᠢᠷᠠᠭᠤᠯᠤᠯᠲᠠ ᠶᠢᠨ ᠲᠥᠰᠥᠯ︾ ᠭᠡᠵᠦ ᠲᠣᠪᠴᠢᠯᠠᠨ᠎ᠠ︶ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠶᠡᠷᠦᠩᠬᠡᠢ ᠲᠠᠯᠠᠪᠠᠶ ᠨᠢ 48.7652 ᠾᠧᠺᠲ᠋ᠠᠷ ᠢ ᠬᠡᠰᠡᠭᠷᠡᠨ ᠨᠡᠭᠡᠭᠡᠨ ᠬᠥᠭᠵᠢᠭᠦᠯᠬᠦ ᠪᠣᠯᠣᠨ᠎ᠠ᠃         ᠬᠤᠶᠠᠷ᠂ ᠲᠠᠨ ᠤ ᠬᠤᠲᠠ ᠶᠢᠨ ᠬᠢᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠶᠢ ᠴᠢᠬᠤᠯᠠᠴᠢᠯᠠᠨ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢ ᠴᠢᠬᠤᠯᠠᠴᠢᠯᠠᠨ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠴᠢᠬᠤᠯᠠᠴᠢᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠨ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠲᠣᠬᠢᠲᠠᠢ ᠰᠠᠶᠢᠲᠤᠷ ᠰᠢᠢᠳᠪᠦᠷᠢᠯᠡᠵᠦ᠂ ᠭᠠᠵᠠᠷ ᠰᠢᠷᠣᠢ ᠲᠠᠲᠠᠪᠤᠷᠢᠯᠠᠬᠤ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃         ᠭᠤᠷᠪᠠ᠂ ᠲᠠᠨ ᠤ ᠬᠤᠲᠠ ᠶᠢᠨ ᠬᠢᠨ ᠲᠥᠰᠥᠯ ᠳᠤ ᠲᠣᠭᠲᠠᠭᠠᠭᠰᠠᠨ ᠴᠠᠭ ᠤᠨ ᠳᠠᠷᠠᠭᠠᠯᠠᠯ ᠤᠨ ᠲᠥᠯᠥᠪᠯᠡᠭᠡ ᠪᠠ ᠲᠥᠯᠦᠪᠵᠢᠭᠦᠯᠭᠡ ᠶᠢᠨ ᠬᠡᠷᠡᠭᠴᠡᠭᠡ ᠶᠢ ᠴᠢᠩᠭ᠎ᠠ ᠵᠢᠷᠤᠮᠯᠠᠨ᠂ ᠬᠡᠰᠡᠭ ᠪᠦᠯᠦᠭ ᠢᠶᠠᠷ ᠨᠡᠭᠡᠭᠡᠨ ᠬᠥᠭᠵᠢᠭᠦᠯᠬᠦ ᠶᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠭᠡᠷᠦᠮᠵᠢ ᠵᠢᠴᠢ ᠪᠤᠰᠤᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠠᠪᠠᠷ ᠪᠠᠲᠤᠯᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠬᠠᠮᠢᠶ᠎ᠠ ᠪᠦᠬᠦᠢ ᠭᠠᠷᠳᠠᠮ ᠢ ᠬᠠᠤᠯᠢ ᠶᠣᠰᠣᠭᠠᠷ ᠭᠦᠢᠴᠡᠳᠬᠡᠨ᠎ᠡ᠃ ︽ᠲᠣᠬᠢᠷᠠᠭᠤᠯᠤᠯᠲᠠ ᠶᠢᠨ ᠲᠥᠰᠥᠯ︾ ᠤᠨ ᠴᠢᠬᠤᠯᠠ ᠴᠢᠨᠠᠷ ᠪᠠ ᠲᠥᠪ ᠴᠢᠩᠭ᠎ᠠ ᠴᠢᠨᠠᠷ ᠢ ᠭᠦᠢᠴᠡᠳ ᠲᠠᠨᠢᠬᠤ ᠶᠢᠨ ᠬᠠᠮᠲᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠲᠠᠢ ᠠᠪᠴᠠᠯᠳᠤᠭᠤᠯᠬᠤ ᠶᠢ ᠴᠢᠩᠭᠠᠳᠬᠠᠬᠤ ᠬᠡᠷᠡᠭᠲᠡᠢ᠃ ᠭᠠᠵᠠᠷ ᠰᠢᠷᠣᠢ ᠶᠢ ᠲᠠᠲᠠᠪᠤᠷᠢᠯᠠᠬᠤ᠂ ᠬᠠᠩᠭᠠᠬᠤ ᠪᠠ ᠠᠰᠢᠭᠯᠠᠬᠤ ᠵᠡᠷᠭᠡ ᠡᠯ᠎ᠡ ᠵᠦᠢᠯ ᠤᠨ ᠳᠠᠩᠰᠠᠯᠠᠭᠤᠯᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃         ᠳᠥᠷᠪᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠢ ᠶᠢ ᠲᠠᠲᠠᠪᠤᠷᠢᠯᠠᠨ ᠬᠡᠰᠡᠭᠷᠡᠭᠦᠯᠦᠨ ᠨᠡᠭᠡᠭᠡᠨ ᠬᠦᠭᠵᠢᠬᠦᠯᠬᠦ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃        ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                                     2023 ᠣᠨ ᠤ 9 ᠰᠠᠷ᠎ᠠ ᠶᠢᠨ 20︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ