︽ᠠᠷᠪᠠᠨ ᠲᠦᠷᠪᠡᠳᠦᠭᠡᠷ ᠡᠪᠦᠯ︾ ᠤᠨ ᠴᠤᠭᠯᠠᠭᠠᠨ ᠢᠶᠠᠨ ᠪᠠᠶᠠᠷᠯᠠᠨ ᠤᠭᠲᠤᠵᠤ  ᠮᠥᠰᠥ ᠴᠠᠰᠤᠨ ᠳᠤ ᠴᠩᠭᠡᠯᠳᠦᠨ ᠪᠠᠶᠠᠰᠤᠨ᠎ᠠ
ᠨᠡᠶᠢᠲᠡᠯᠡᠭᠰᠡᠨ ᠴᠠᠭ᠄
2023/12/16
        ᠰᠢᠭᠤᠶᠢᠳᠤ ᠬᠤᠲᠠ ᠶᠢᠨ ᠠᠷᠠᠳ ᠲᠦᠮᠡᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠶ᠂  ᠡᠨᠡ ᠨᠢ ᠲᠥᠷᠥᠯᠬᠢ ᠶᠢᠨ ᠶᠤᠮ᠃ ᠶᠠᠭᠰᠢ ᠶᠢᠨ ᠥᠪᠡᠷᠮᠢᠴᠡ ᠰᠠᠶᠢᠬᠠᠨ ᠠᠭᠤᠷ ᠠᠮᠢᠰᠬᠤᠯ ᠤᠨ ᠨᠥᠬᠦᠴᠡᠯ ᠨᠢ ᠠᠳᠡᠬᠢ ᠠᠷᠠᠳ ᠲᠦᠮᠡᠨ ᠳᠤ ᠮᠥᠰᠥ ᠴᠠᠰᠤ ᠶᠢᠨ ᠪᠠᠶᠠᠷ ᠴᠡᠩᠭᠡᠯ ᠢ ᠤᠯᠭᠤᠵᠤ ᠪᠠᠶᠢᠨ᠎ᠠ᠃ ︽ᠠᠷᠪᠠᠨ ᠲᠦᠷᠪᠡᠳᠦᠭᠡᠷ ᠡᠪᠦᠯ︾ ᠤᠨ ᠴᠤᠭᠯᠠᠭᠠᠨ ᠤ ᠡᠳᠦᠷ ᠢᠷᠡᠬᠦᠶ᠎ᠡ ᠣᠶᠢᠷᠠᠳᠬᠤ ᠶᠢ ᠳᠠᠭᠠᠯᠳᠤᠨ᠂ ᠶᠠᠭᠰᠢ ᠬᠤᠲᠠ ᠳᠤ ᠪᠦᠬᠦ ᠠᠷᠠᠳ ᠢᠶᠠᠷ ᠢᠶᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠥᠷᠨᠢᠯᠲᠡ ᠭᠠᠷᠴᠤ᠂ ᠶᠠᠺᠡᠰᠠ ᠶᠢᠨ ᠶᠡᠭᠡ ᠬᠥᠭᠦᠷᠭᠡ ᠶᠢᠨ ᠬᠤᠶᠢᠲᠤ ᠲᠠᠯ᠎ᠠ ᠳᠤ ᠠᠵᠢᠯ ᠤᠨ ᠴᠢᠯᠥᠭᠡᠨ ᠤ ᠢᠳᠡᠷ ᠥᠲᠡᠯᠦᠭᠡ ᠨᠠᠰᠤᠨ ᠤ ᠮᠥᠰᠥ ᠲᠡᠰᠢᠯᠲᠡ ᠶᠢᠨ ᠠᠩᠭᠢ ︽ᠮᠥᠰᠥᠨ ᠬᠦᠷᠳᠦᠨ ᠤ ᠬᠤᠰᠢᠭᠤᠴᠢ ᠠᠩᠭᠢ︾ ᠨᠢ ᠠᠶᠠᠨᠳᠠᠭᠠᠨ ᠪᠤᠶ ᠪᠣᠯᠤᠭᠰᠠᠨ ᠮᠥᠰᠥᠨ ᠳᠡᠭᠡᠷ᠎ᠡ ᠢᠳᠡᠷᠬᠡᠭ ᠢᠶᠠᠷ ᠲᠡᠰᠢᠵᠦ ᠪᠠᠶᠢᠨ᠎ᠠ᠃
01乡镇01.png   
        ᠬᠡᠳᠦᠶ ᠬᠦᠢᠲᠡᠨ ᠪᠣᠯ ᠲᠡᠳᠦᠶ ᠬᠠᠯᠠᠭᠤᠨ ᠰᠡᠳᠬᠢᠯ ᠲᠠᠢ᠂ ᠡᠨᠡ ᠬᠤᠭᠤᠴᠠᠭᠠᠨ ᠳᠤ᠂ ᠶᠠᠭᠰᠢ ᠬᠤᠲᠠ ᠶᠢᠨ ᠭᠠᠳᠠᠨᠠᠬᠢ ᠠᠭᠠᠷ ᠤᠨ ᠳᠤᠯᠠᠭᠠᠨ ᠨᠢᠭᠡᠨᠲᠡ ᠲᠡᠭ ᠠᠴᠠ ᠳᠣᠷᠣᠭᠰᠢ ᠭᠤᠴᠢ ᠭᠠᠷᠤᠶ ᠭᠷᠠᠳᠦ᠋ᠰ ᠲᠤ ᠬᠦᠷᠴᠦ᠂ ᠬᠠᠬᠢᠷ ᠬᠦᠢᠳᠡᠨ ᠠᠭᠤᠷ ᠠᠮᠢᠰᠬᠤᠯ ᠨᠢ ᠡᠲᠡᠭᠡᠷ ᠢᠳᠡᠷ ᠥᠲᠡᠯᠦᠭᠡ ᠨᠠᠰᠤᠨ ᠤ ᠮᠥᠰᠥᠨ ᠳᠤ ᠲᠡᠰᠢᠬᠦ ᠳᠤᠷᠠᠲᠠᠶ ᠬᠥᠮᠦᠰ ᠤᠨ ᠪᠡᠶ᠎ᠡ ᠲᠠᠮᠢᠷ ᠤᠨ ᠬᠠᠯᠠᠭᠤᠨ ᠰᠡᠳᠬᠢᠯᠭᠡ ᠶᠢ ᠬᠤᠷᠢᠭᠯᠠᠵᠤ ᠳᠡᠶᠢᠯᠬᠦ ᠥᠬᠡᠶ᠂ ᠲᠠᠳᠠ ᠠᠶᠠᠨᠳᠠᠭᠠᠨ ᠪᠣᠶ ᠪᠣᠯᠤᠭᠰᠠᠨ ᠮᠥᠰᠥᠨ ᠳᠡᠭᠡᠷ᠎ᠡ ᠴᠢᠯᠥᠭᠡᠲᠡᠶ ᠬᠦᠳᠡᠯᠭᠡᠭᠡᠨ ᠬᠢᠵᠤ᠂ ᠨᠢᠰᠬᠦ ᠬᠠᠷᠢᠶᠠᠴᠠᠶ ᠮᠡᠲᠦ ᠲᠠᠪᠠᠲᠠᠶ ᠲᠡᠰᠢᠵᠦ᠂ ᠶᠡᠭᠡ ᠪᠠᠶᠢᠭᠠᠯᠢ ᠶᠢᠨ ᠳᠤᠮᠳᠠ ᠮᠥᠰᠥᠨ ᠳᠡᠭᠡᠷᠡᠬᠢ ᠪᠡᠶ᠎ᠡ ᠲᠠᠮᠢᠷ ᠤᠨ ᠬᠤᠷᠳᠤᠴᠠ ᠪᠠ ᠣᠷᠭᠢᠯᠤᠮ᠎ᠠ ᠰᠡᠳᠬᠢᠯᠭᠡ ᠶᠢ ᠭᠦᠢᠴᠡᠳ ᠤᠶᠢᠯᠠᠭᠠᠨ ᠮᠡᠳᠡᠷᠡᠵᠦ᠂ ᠴᠡᠪᠡᠷ ᠲᠤᠩᠭᠠᠯᠠᠭ ᠠᠭᠤᠷ ᠠᠮᠢᠰᠬᠤᠯ ᠢ ᠠᠮᠢᠰᠬᠤᠯᠯᠠᠨ᠂ ᠰᠡᠳᠬᠢᠯ ᠰᠠᠨᠠᠭ᠎ᠠ ᠪᠠᠨ ᠪᠠᠶᠠᠰᠬᠠᠵᠤ᠂ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠵᠤ ᠪᠤᠢ᠃
01乡镇02.png   
        ᠮᠥᠰᠥᠨ ᠳᠤ ᠲᠡᠰᠢᠬᠦ ᠳᠤᠷᠠᠲᠠᠶ ᠳ᠋ᠢᠩ ᠴᠠᠩ ᠵᠢᠶᠦ᠋ᠨ᠄ ︽ᠪᠢ ᠡᠨᠡ ᠵᠢᠯ ᠪᠦᠬᠦᠯᠢ 71 ᠨᠠᠰᠤ ᠬᠦᠷᠴᠡᠢ᠂ ᠮᠥᠰᠥᠨ ᠳᠤ ᠲᠡᠰᠢᠭᠡᠳ ᠨᠢᠭᠡᠨᠲᠡ 13 ᠵᠢᠯ ᠪᠣᠯᠵᠤ ᠪᠠᠶᠢᠨ᠎ᠠ᠂ ᠮᠠᠨ ᠤ ᠠᠳᠡ ᠮᠥᠰᠥ ᠴᠠᠰᠤᠨ ᠤ ᠡᠬᠢ ᠪᠠᠶᠠᠯᠢᠭ ᠡᠯᠪᠡᠭ᠂ ᠡᠪᠦᠯ ᠤᠨ ᠴᠠᠭ ᠲᠤ ᠮᠥᠰᠥᠨ ᠳᠤ ᠲᠡᠰᠢᠬᠦ ᠪᠣᠯ ᠬᠠᠮᠤᠭ ᠤᠨ ᠰᠠᠶᠢᠨ ᠲᠠᠮᠢᠷ ᠤᠨ ᠬᠥᠳᠡᠯᠭᠡᠭᠡᠨ ᠮᠥᠨ᠂ ᠲᠠᠮᠢᠷ ᠤᠨ ᠬᠥᠳᠡᠯᠭᠡᠭᠡᠨ ᠤ ᠳᠠᠷᠠᠭ᠎ᠠ ᠨᠢᠭᠡ ᠡᠳᠦᠷ ᠤᠨ ᠴᠤᠭ ᠵᠢᠪᠬᠤᠭ᠎ᠠ ᠮᠠᠰᠢ ᠰᠠᠶᠢᠨ ᠪᠠᠶᠢᠳᠠᠭ︾ ᠭᠡᠵᠦ ᠬᠡᠯᠡᠪᠡ᠃        ᠮᠥᠰᠥᠨ ᠳᠤ ᠲᠡᠰᠢᠬᠦ ᠳᠤᠷᠠᠲᠠᠶ ᠪᠦᠦ ᠯᠢ ᠶᠦᠨ᠄ ︽ᠪᠢᠳᠡ ᠪᠣᠳᠠᠲᠤ ᠠᠵᠢᠯᠯᠠᠭ᠎ᠠ ᠪᠠᠷ ᠢᠶᠠᠨ ︿ᠠᠷᠪᠠᠨ ᠲᠦᠷᠪᠡᠳᠦᠭᠡᠷ ᠡᠪᠦᠯ﹀ ᠤᠨ ᠴᠤᠭᠯᠠᠭᠠᠨ ᠬᠦᠷᠴᠦ ᠢᠷᠡᠬᠦ ᠶᠢ ᠤᠭᠳᠤᠵᠤ ᠪᠠᠶᠢᠨ᠎ᠠ᠂ ᠪᠠᠰᠠ ᠠᠵᠢᠯ ᠠᠴᠠ ᠪᠠᠨ ᠠᠮᠠᠷᠠᠭᠰᠠᠨ ᠪᠠ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠶ ᠬᠥᠮᠦᠰ ᠤᠨ ᠣᠷᠣᠯᠴᠠᠬᠤ ᠶᠢ ᠪᠠᠶᠠᠷᠯᠠᠨ ᠤᠭᠳᠤᠨ᠎ᠠ᠂  ᠪᠢᠳᠡᠨ ᠬᠠᠮᠳᠤ ᠪᠠᠷ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠤᠶ᠎ᠠ︾ ᠭᠡᠵᠦ ᠬᠡᠯᠡᠪᠡ᠃        ︽ᠮᠥᠰᠥᠨ ᠬᠦᠷᠳᠦᠨ ᠤ ᠬᠤᠰᠢᠭᠤᠴᠢ ᠠᠩᠭᠢ︾ ᠨᠢ 2018 ᠣᠨ ᠳᠤ ᠪᠠᠶᠢᠭᠤᠯᠤᠭᠳᠠᠵᠠᠢ᠂ ᠢᠳᠡᠷ ᠥᠲᠡᠯᠦᠭᠡ ᠨᠠᠰᠤᠨ ᠤ ᠮᠥᠰᠥ ᠲᠡᠰᠢᠯᠲᠡ ᠳᠤ ᠪᠠᠭ᠋ᠠᠲᠠᠶ ᠬᠥᠮᠦᠰ ᠤᠨ ᠥᠪᠡᠷ ᠢᠶᠠᠨ ᠵᠣᠬᠢᠶᠠᠨ ᠪᠠᠶᠢᠭᠤᠯᠤᠭᠰᠠᠨ ᠠᠷᠠᠳ ᠤᠨ ᠪᠦᠯᠬᠦᠮ ᠮᠥᠨ᠂ ᠳᠤᠮᠳᠠᠴᠢ ᠪᠠᠷ 55 ᠨᠠᠰᠤᠲᠠᠶ᠂ 5 ᠵᠢᠯ ᠤᠨ ᠬᠥᠭᠵᠢᠯᠲᠡ ᠪᠠᠷ ᠳᠡᠮᠵᠢᠨ ᠡᠩᠨᠡᠭᠡ ᠨᠢ ᠲᠠᠰᠤᠷᠠᠯᠲᠠ ᠥᠬᠡᠶ ᠪᠤᠵᠠᠭᠠᠶᠢᠷᠠᠵᠤ᠂ ᠢᠳᠡᠷ ᠥᠲᠡᠯᠦᠭᠡ ᠨᠠᠰᠤᠨ ᠤ ᠬᠥᠮᠦᠰ ᠲᠠᠰᠤᠷᠠᠯᠲᠠ ᠥᠬᠡᠶ ᠣᠷᠣᠯᠴᠠᠵᠤ᠂ ᠣᠳᠣᠬᠠᠨ ᠳᠤ 160 ᠭᠠᠷᠤᠶ ᠭᠡᠰᠢᠭᠦᠳ ᠲᠠᠢ ᠪᠣᠯᠵᠠᠶ᠂ ᠲᠠᠳᠠ ᠮᠥᠰᠥ ᠴᠠᠰᠤᠨ ᠳᠤ ᠳᠤᠷᠠᠲᠠᠶ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠡᠷᠡᠭᠦᠯ ᠴᠢᠭᠢᠷᠠᠭ ᠪᠠ ᠬᠢᠵᠠᠭᠠᠯᠠᠰᠢ ᠥᠬᠡᠶ ᠪᠠᠶᠠᠷ ᠪᠠᠭ᠋ᠠᠳᠤᠯ ᠢ ᠭᠥᠷᠳᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠠᠷᠪᠠᠨ ᠲᠦᠷᠪᠡᠳᠦᠭᠡᠷ ᠡᠪᠦᠯ︾ ᠤᠨ ᠴᠤᠭᠯᠠᠭᠠᠨ ᠤ ᠠᠵᠢᠯᠯᠠᠭ᠎ᠠ ᠳᠤ ᠬᠦᠴᠦᠨ ᠴᠢᠳᠠᠯ ᠢᠶᠠᠨ ᠨᠡᠮᠡᠷᠢᠯᠡᠵᠦ ᠪᠠᠶᠢᠨ᠎ᠠ᠃
ᠢᠷᠡᠯᠲᠡ᠄ ᠶᠠᠭᠰᠢ ᠬᠤᠳᠠ ᠶᠢᠨ ᠠᠷᠠᠳ ᠤᠨ ᠵᠠᠰᠠᠭ ᠤᠨ ᠤᠷᠳᠤᠨ