ᠲᠠᠷᠢᠶᠠᠯᠠᠩ ᠤᠨ ᠰᠤᠯᠠ ᠰᠡᠯᠡᠭᠦᠦ ᠤᠯᠠᠷᠢᠯ ᠢᠶᠠᠨ ᠲᠠᠷᠢᠶᠠᠯᠠᠩ ᠤᠨ ᠶᠠᠭᠠᠷᠠᠤ ᠦᠶ᠎ᠡ ᠪᠤᠯᠭᠠᠵᠤ  ᠢᠷᠡᠬᠦ ᠵᠢᠯ ᠳᠤ ᠨᠡᠩ ᠢᠯᠡᠭᠦᠦ ᠰᠢᠯᠢᠮᠳᠡᠭ ᠴᠡᠴᠡᠭᠯᠡᠬᠦ ᠪᠣᠯᠤᠨ᠎ᠠ
ᠨᠡᠶᠢᠲᠡᠯᠡᠭᠰᠡᠨ ᠴᠠᠭ᠄
2023/12/16
        ᠰᠢᠭᠤᠶᠢᠳᠤ ᠶᠠᠭᠰᠢ ᠨᠢᠭᠡᠨᠲᠡ ᠬᠠᠬᠢᠷ ᠡᠪᠦᠯ ᠤᠨ ᠤᠯᠠᠷᠢᠯ ᠪᠣᠯᠤᠭᠰᠠᠨ ᠪᠣᠯᠪᠠᠴᠤ ᠠᠵᠢᠯᠴᠢ ᠬᠥᠳᠡᠯᠮᠦᠷᠢᠴᠢ ᠰᠢᠨ᠎ᠡ ᠲᠠᠷᠢᠶᠠᠴᠢᠨ ᠲᠠᠷᠢᠶᠠᠯᠠᠩ ᠤᠨ ᠰᠡᠯᠡᠭᠦᠦ ᠴᠠᠭ ᠢᠶᠠᠨ ᠲᠠᠷᠢᠶᠠᠯᠠᠩ ᠤᠨ ᠠᠵᠢᠯ ᠶᠠᠭᠠᠷᠠᠤ ᠪᠣᠯᠭᠠᠵᠠᠢ᠂ ᠲᠡᠳᠡ ᠬᠦᠷ ᠬᠥᠭᠵᠢᠶᠡᠨ ᠲᠠᠢ ᠨᠠᠮᠤᠷ ᠤᠨ ᠬᠤᠷᠢᠶᠠᠯᠲᠠ ᠶᠢᠨ ᠲᠤᠬᠠᠢ ᠶᠢᠨ ᠲᠠᠯᠠᠪᠠᠢ ᠠᠴᠠ ᠴᠢᠷᠮᠠᠶᠢᠨ ᠤᠷᠤᠭᠰᠢᠯᠠᠬᠤ ᠰᠤᠷᠤᠯᠴᠠᠯᠭ᠎ᠠ ᠶᠢᠨ ᠬᠢᠴᠢᠶᠡᠯ ᠬᠦᠷᠲᠡᠯ᠎ᠡ᠂ ᠰᠢᠯᠢᠮᠳᠡᠭ ᠲᠠᠷᠢᠬᠤ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠳᠤ ᠢᠳᠡᠪᠬᠢᠲᠡᠢ ᠣᠷᠣᠯᠴᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠲᠠᠷᠢᠶᠠᠯᠠᠩ ᠢ ᠲᠤᠰᠠᠯᠠᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢ ᠣᠯᠭᠤᠵᠤ᠂ ᠢᠷᠡᠬᠦ ᠵᠢᠯ ᠤᠨ ᠰᠢᠯᠢᠮᠳᠡᠭ ᠤᠨ ᠴᠡᠴᠡᠭ ᠢ ᠨᠡᠩ ᠪᠠᠳᠠᠷᠠᠭᠤᠯᠤᠨ ᠳᠡᠯᠭᠡᠷᠡᠭᠦᠯᠬᠦ ᠳᠤ ᠬᠦᠴᠦᠨ ᠨᠡᠮᠡᠷᠢᠯᠡᠨ᠎ᠡ᠃
02乡镇01.jpg   
        ᠡᠨᠡ ᠵᠢᠯ 52 ᠨᠠᠰᠤᠲᠠᠶ ᠽᠦᠩ ᠱᠦ ᠬᠤᠸᠠ ᠪᠣᠯ ᠶᠠᠭᠰᠢ ᠬᠤᠲᠠ ᠶᠢᠨ ᠮᠥ ᠶᠤᠸᠠᠨ ᠪᠠᠯᠭᠠᠰᠤᠨ ᠤ ᠨᠢᠭᠡᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠳᠠᠷᠤᠭ᠎ᠠ ᠪᠣᠯᠤᠨ᠎ᠠ᠂ ᠲᠡᠷᠡ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠪ ᠤᠨ ᠡᠷᠬᠢᠯᠡᠭᠰᠡᠡ ᠲᠠᠷᠢᠶᠠᠯᠠᠩ ᠤᠨ ᠲᠤᠰᠬᠠᠢ ᠲᠦᠷᠦᠯ ᠤᠨ ᠲᠠᠷᠢᠮᠠᠯ ᠤᠨ ᠮᠡᠷᠭᠡᠵᠢᠯ ᠤᠨ ᠪᠣᠯᠪᠠᠰᠤᠷᠠᠯ ᠤᠨ ᠠᠩᠬᠢ ᠳᠤ ᠭᠤᠷᠪᠠᠳᠠᠬᠢ ᠤᠳᠠᠭ᠎ᠠ ᠣᠷᠣᠯᠴᠠᠵᠠᠢ᠂ ᠡᠨᠡᠬᠦ ᠰᠢᠯᠭᠠᠯᠲᠠ ᠦᠭᠡᠢ ᠲᠠᠷᠢᠶᠠᠯᠠᠩ ᠤᠨ ᠶᠡᠭᠡ ᠬᠢᠴᠢᠶᠡᠯ ᠤᠨ ᠲᠠᠩᠬᠢᠮ ᠳᠤ᠂ ᠲᠡᠷᠡ ᠬᠠᠭᠠᠰ ᠵᠠᠭᠤ ᠭᠠᠷᠤᠢ ᠨᠠᠰᠤᠨ ᠤ ᠰᠢᠨ᠎ᠡ ᠲᠠᠷᠢᠶᠠᠴᠢᠨ ᠬᠠᠷᠢᠨ ᠮᠠᠰᠢ ᠰᠡᠳᠬᠢᠯ ᠲᠠᠯᠪᠢᠨ ᠰᠣᠨᠣᠰᠴᠤ᠂ ᠰᠢᠯᠢᠮᠳᠡᠭ ᠤᠨ ᠦᠷ᠎ᠡ ᠰᠣᠩᠭᠤᠬᠤ ᠠᠴᠠ ᠲᠠᠷᠢᠶᠠᠨ ᠠᠵᠢᠯ ᠤᠨ ᠬᠠᠮᠢᠶᠠᠷᠤᠯᠲᠠ᠂ ᠬᠠᠮᠤᠭ ᠰᠠᠶᠢᠨ ᠨᠠᠮᠤᠷ ᠤᠨ ᠬᠤᠷᠢᠶᠠᠯᠲᠠ ᠶᠢᠨ ᠴᠠᠭ ᠦᠶ᠎ᠡ ᠬᠦᠷᠲᠡᠯ᠎ᠡ᠂ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠨᠠᠷᠢᠨ ᠬᠢᠨᠠᠮᠠᠭᠠᠢ ᠶᠠᠷᠢᠵᠤ᠂ ᠽᠦᠩ ᠱᠦ ᠬᠤᠸᠠ ᠨᠠᠷᠢᠨ ᠬᠢᠨᠠᠮᠠᠭᠠᠢ ᠰᠣᠨᠣᠰᠴᠠᠢ᠃
02乡镇02.jpg   
        ᠶᠠᠭᠰᠢ ᠬᠤᠲᠠ ᠶᠢᠨ ᠮᠦ ᠶᠤᠸᠠᠨ ᠪᠠᠯᠭᠠᠰᠤᠨ ᠤ ᠳᠥᠴᠢᠨ ᠨᠢᠭᠡᠳᠦᠭᠡᠷ ᠬᠥᠳᠡᠭᠡ ᠲᠣᠰᠬᠤᠨ ᠤ ᠠᠵᠤ ᠠᠬᠤᠶ ᠶᠢᠨ ᠬᠤᠷᠰᠢᠶᠠᠵᠢᠯ ᠤᠨ ᠲᠠᠷᠢᠶᠠᠯᠠᠩ ᠤᠨ ᠲᠠᠯᠠᠪᠠᠶ ᠶᠢᠨ ᠳᠠᠷᠤᠭ᠎ᠠ ᠽᠦᠩ ᠱᠦ ᠬᠤᠸᠠ ᠬᠡᠯᠡᠬᠦ ᠳᠡᠭᠡᠨ᠄ ︽ᠶᠠᠭᠰᠢ ᠪᠣᠯ ᠰᠢᠯᠢᠮᠳᠡᠭ ᠳᠠᠷᠢᠬᠤ ᠰᠠᠭᠤᠷᠢᠨ ᠭᠠᠵᠠᠷ ᠮᠥᠨ᠂ ᠵᠢᠯ ᠪᠦᠷᠢ ᠤᠯᠤᠰ ᠲᠤ ᠮᠠᠰᠢ ᠣᠯᠠᠨ ᠰᠢᠯᠢᠳᠡᠭ ᠰᠠᠶᠢᠨ ᠨᠣᠭᠤᠭ᠎ᠠ ᠶᠢᠨ ᠦᠷ᠎ᠡ ᠭᠠᠷᠭᠠᠵᠤ ᠪᠠᠶᠢᠳᠠᠭ᠂ ᠤᠯᠤᠰ ᠴᠤ ᠡᠶᠢᠮᠦ ᠲᠣᠰᠣᠯᠢᠭ ᠲᠠᠷᠢᠮᠠᠯ ᠢ ᠶᠡᠭᠡ ᠬᠡᠮᠵᠢᠶ᠎ᠡ ᠪᠠᠷ ᠬᠡᠷᠡᠭᠰᠡᠬᠦ ᠪᠣᠯᠬᠤᠷ ᠪᠣᠯᠪᠠᠰᠤᠷᠠᠯ ᠤᠨ ᠠᠩᠭᠢ ᠳᠤ ᠯᠠᠪᠲᠠᠶ ᠴᠢᠷᠮᠠᠶᠢᠨ ᠰᠤᠷᠤᠯᠴᠠᠵᠤ᠂ ᠰᠣᠷᠣᠭᠰᠠᠨ ᠲᠤᠰᠬᠠᠶ ᠮᠡᠷᠭᠡᠵᠢᠯ ᠤᠨ ᠮᠡᠳᠡᠯᠭᠡ ᠪᠠᠨ ᠲᠠᠷᠢᠶᠠᠨ ᠭᠠᠵᠠᠷ ᠲᠤ ᠬᠡᠷᠡᠭᠯᠡᠬᠦ ᠪᠣᠯᠤᠨ᠎ᠠ︾ ᠭᠡᠵᠡᠶ᠃
02乡镇03.jpg
        ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠡᠷᠢᠭᠦᠨ ᠤ ᠲᠠᠷᠢᠶᠠᠯᠠᠩ ᠤᠨ ᠮᠡᠷᠭᠡᠵᠢᠯ ᠢ ᠡᠵᠡᠮᠰᠢᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠢᠨ᠎ᠡ ᠮᠠᠶ᠋ᠢᠭ ᠤᠨ ᠥᠨᠳᠥᠷ ᠬᠡᠪ ᠴᠢᠨᠠᠷ ᠪᠦᠬᠦᠢ  ᠲᠤᠬᠠᠶᠢᠯᠠᠭᠰᠠᠨ ᠠᠵᠢᠯ ᠤᠨ ᠲᠠᠷᠢᠶᠠᠴᠢᠨ ᠢ ᠬᠦᠮᠦᠵᠢᠭᠦᠯᠦᠨ᠎ᠡ᠃ ᠡᠨᠡ ᠵᠢᠯ᠂ ᠲᠥᠪ ᠤᠨ ᠬᠥᠳᠡᠭᠡ ᠲᠣᠰᠬᠤᠨ ᠤ ᠷᠠᠳᠢᠣ᠋ ᠨᠡᠪᠲᠡᠷᠡᠭᠦᠯᠭᠡ ᠶᠢᠨ ᠰᠤᠷᠭᠠᠭᠤᠯᠢ ᠬᠥᠯᠥᠨ ᠪᠤᠶᠢᠷ ᠲᠤ ᠠᠩᠬ᠎ᠠ ᠤᠳᠠᠭ᠎ᠠ ︽ᠲᠠᠷᠢᠶᠠᠯᠠᠭᠴᠢ︾ ᠶᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠶᠠᠪᠤᠭᠳᠠᠭᠤᠯᠵᠠᠢ᠃ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠪ ᠠᠴᠠ ᠮᠠᠨ ᠤ ᠬᠤᠲᠠ ᠶᠢᠨ ᠲᠠᠷᠢᠶᠠᠯᠠᠩ ᠤᠨ ᠲᠠᠷᠢᠮᠠᠯ ᠤᠨ ᠡᠷᠦᠬᠡ ᠶᠢ ᠵᠣᠬᠢᠶᠠᠨ ᠪᠠᠶᠢᠭᠤᠯᠤᠨ ᠬᠥᠯᠥᠨ ᠪᠤᠶᠢᠷ ᠠᠴᠠ ᠭᠠᠷᠴᠤ᠂ ᠠᠯᠤᠰ ᠬᠤᠯᠠ ᠱᠠᠨᠳᠦ᠋ᠩ ᠳᠤ ᠬᠦᠷᠴᠦ ᠸᠧᠶ ᠹᠠᠩ ᠤᠨ ᠲᠠᠷᠢᠶᠠᠴᠢᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠦᠢᠯᠡᠳᠦᠯᠭᠡ ᠶᠢᠨ ᠵᠢᠭᠠᠨ ᠰᠤᠷᠭᠠᠯᠲᠠ ᠶᠢ ᠡᠷᠭᠢᠯᠡᠪᠡ᠃ ᠣᠶᠢᠷ᠎ᠠ ᠳᠤ ᠡᠷᠭᠢᠯᠡᠭᠰᠡᠨ 2023 ᠣᠨ ᠤ ᠥᠨᠳᠥᠷ ᠬᠡᠪ ᠴᠢᠨᠠᠷ ᠪᠦᠬᠦᠢ ᠲᠠᠷᠢᠶᠠᠴᠢᠨ ᠤ ᠪᠣᠯᠪᠠᠰᠤᠷᠠᠯ ᠤᠨ ᠠᠩᠭᠢ ᠰᠢᠯᠢᠮᠳᠡᠭ ᠤᠨ ᠲᠤᠰᠬᠠᠶ ᠠᠩᠭᠢ ᠳᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠵᠢᠯᠲᠠᠨ ᠪᠠ ᠲᠤᠰ ᠭᠠᠵᠠᠷ ᠣᠷᠣᠨ ᠤ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ︽ᠨᠤᠲᠤᠭ ᠤᠨ ᠲᠤᠰᠬᠠᠶ ᠮᠡᠷᠭᠡᠵᠢᠯᠲᠡᠨ︾ ᠢ ᠤᠷᠢᠵᠤ ᠲᠤᠬᠠᠶ ᠶᠢᠨ ᠭᠠᠵᠠᠷ ᠲᠤᠨᠢ ᠬᠢᠴᠢᠶᠡᠯᠯᠡᠭᠦᠯᠵᠦ᠂ ᠮᠠᠨ ᠤ ᠬᠤᠲᠠ ᠶᠢᠨ ᠡᠯ᠎ᠡ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶ᠎ᠠ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ 80 ᠮᠠᠯᠴᠢᠨ ᠲᠠᠷᠢᠶᠠᠴᠢᠨ ᠰᠤᠷᠤᠯᠴᠠᠯᠭ᠎ᠠ ᠳᠤ ᠣᠷᠣᠯᠴᠠᠵᠤ᠂ ᠰᠡᠩᠬᠡᠷᠡᠭᠦᠯᠬᠦ ᠮᠠᠶ᠋ᠢᠭ ᠤᠨ᠂ ᠣᠷᠣᠯᠴᠠᠬᠤ ᠮᠠᠶ᠋ᠢᠭ ᠤᠨ ᠢᠳᠡᠪᠬᠢᠲᠡᠶ ᠬᠥᠳᠡᠯᠦᠯᠴᠡᠯ ᠢᠶᠠᠷ ᠳᠡᠮᠵᠢᠨ᠂ ᠲᠣᠰ ᠪᠡᠶ᠎ᠡ ᠶᠢᠨ ᠰᠢᠯᠢᠮᠳᠡᠭ ᠤᠨ ᠲᠠᠷᠢᠮᠠᠯ ᠤᠨ ᠬᠠᠮᠢᠶ᠎ᠠ ᠪᠥᠬᠦᠶ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠵᠦ᠂ ᠢᠷᠡᠬᠦ ᠵᠢᠯ ᠤᠨ ᠡᠯᠪᠡᠭ ᠬᠤᠷᠢᠶᠠᠯᠲᠠ ᠳᠤ ᠬᠦᠴᠦᠨ ᠴᠢᠳᠠᠯ ᠢᠶᠠᠨ ᠨᠡᠮᠡᠷᠢᠯᠡᠪᠡ᠃
02乡镇04.jpg
ᠢᠷᠡᠯᠲᠡ᠄ ᠶᠠᠭᠰᠢ ᠬᠤᠳᠠ ᠶᠢᠨ ᠠᠷᠠᠳ ᠤᠨ ᠵᠠᠰᠠᠭ ᠤᠨ ᠤᠷᠳᠤᠨ