ᠮᠦ ᠳ᠋ᠦᠩ ᠨᠡᠶᠢᠭᠡᠮ ᠲᠣᠭᠤᠷᠢᠭ ︽ᠤᠮᠠᠷᠠᠲᠤ ᠶᠢᠨ ᠰᠣᠶᠣᠯ ᠢ ᠪᠠᠳᠠᠷᠠᠭᠤᠯᠵᠤ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠬᠠᠮᠲᠤᠪᠠᠷ ᠡᠳ᠋ᠯᠡᠶ᠎ᠡ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/3
        ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠷᠠᠯᠳᠤᠬᠤ ᠶᠢ ᠤᠭᠲᠤᠵᠤ᠂ ︽ᠪᠦᠬᠦᠳᠡ ᠶᠢ ᠲᠠᠶᠢᠴᠢᠯᠠᠬᠤ᠂ ᠪᠦᠬᠦᠨ ᠢᠶᠠᠷ ᠢᠶᠠᠨ ᠮᠡᠳᠡᠬᠦ᠂ ᠪᠦᠬᠦᠨ ᠢᠶᠠᠷ ᠢᠶᠠᠨ ᠤᠷᠤᠯᠴᠠᠬᠤ᠂ ᠪᠥᠬᠦ ᠲᠠᠯ᠎ᠠ ᠶᠢ ᠬᠠᠮᠤᠷᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠮᠥ ᠶᠤᠸᠠᠨ ᠪᠠᠯᠭᠠᠰᠤᠨ ᠤ ᠮᠥ ᠳ᠋ᠦᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠡᠪᠦᠯ ᠤᠨ ᠤᠯᠠᠷᠢᠯ ᠤᠨ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠴᠤᠭᠯᠠᠭᠠᠨ ᠢ ᠬᠠᠮᠲᠤ ᠪᠠᠷ ᠡᠳ᠋ᠯᠡᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠮᠥᠰᠥ ᠴᠠᠰᠤᠨ ᠤ ᠰᠣᠶᠣᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠪᠡ᠃       
02乡镇01.jpg      
                 ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠠᠵᠢᠯᠲᠠᠳ ᠨᠠᠮ ᠤᠨ ᠭᠡᠰᠢᠭᠦᠨ ᠤᠯᠠᠨ ᠲᠦᠮᠡᠨ ᠢ ᠵᠣᠬᠢᠶᠠᠨ ᠪᠠᠶᠢᠭᠤᠯᠤᠨ ︽ᠠᠷᠪᠠᠨ ᠳᠥᠷᠪᠡᠳᠦᠭᠡᠷ ᠡᠪᠦᠯ︾ ᠤᠨ ᠴᠤᠭᠯᠠᠭᠠᠨ ᠤ ᠤᠬᠠᠭᠤᠯᠭ᠎ᠠ ᠶᠢᠨ ᠸᠢᠳᠢᠣ᠋ ᠶᠢ ᠦᠵᠡᠭᠦᠯᠵᠦ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳᠠᠭᠤᠤ ︽ᠮᠥᠰᠥ ᠴᠠᠰᠤᠨ ᠤ ᠪᠣᠯᠵᠤᠭ᠎ᠠ︾ ᠶᠢ ᠰᠣᠨᠣᠰᠬᠤ ᠶᠢᠨ ᠬᠠᠮᠲᠤ ᠤᠬᠠᠭᠤᠯᠤᠨ ᠲᠠᠶᠢᠯᠪᠤᠷᠢᠯᠠᠬᠤ ᠬᠢᠴᠢᠶᠡᠯ ᠢᠶᠠᠷ ᠳᠠᠮᠵᠢᠭᠤᠯᠤᠨ ᠨᠠᠮ ᠤᠨ ᠭᠡᠰᠢᠭᠦᠨ ᠤᠯᠠᠨ ᠲᠦᠮᠡᠨ ᠳᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠡᠳᠡᠯᠭᠡ᠂ ᠮᠥᠰᠥ ᠴᠠᠰᠤᠨ ᠤ ᠰᠣᠶᠣᠯ᠂ ᠲᠠᠮᠢᠷ ᠤᠨ ᠬᠥᠳᠡᠯᠭᠡᠭᠡᠨ ᠤ ᠲᠦᠷᠦᠯ ᠵᠦᠢᠯ᠂ ᠥᠯᠵᠡᠶᠢᠲᠦ ᠠᠮᠢᠲᠠᠨ᠂ ᠭᠠᠯ ᠪᠠᠮᠪᠠᠷ ᠵᠡᠷᠭᠡ ︽ᠠᠷᠪᠠᠨ ᠳᠥᠷᠪᠡᠳᠦᠭᠡᠷ ᠡᠪᠦᠯ︾ ᠤᠨ ᠴᠤᠭᠯᠠᠭᠠᠨ ᠤ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ︽ᠠᠷᠪᠠᠨ ᠳᠥᠷᠪᠡᠳᠦᠭᠡᠷ ᠡᠪᠦᠯ︾ ᠤᠨ ᠲᠤᠬᠠᠢ ᠣᠶᠢᠯᠠᠭᠠᠬᠤ ᠨᠤᠷᠮ᠎ᠠ ᠪᠣᠯᠤᠨ ᠣᠷᠣᠯᠴᠠᠬᠤ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠡᠭᠦᠨ ᠤ ᠵᠡᠷᠭᠡ ᠳᠤ᠂ ᠰᠠᠶᠢᠨ ᠲᠤᠷᠠᠴᠤᠤᠯ ᠤᠬᠠᠭᠤᠯᠭ᠎ᠠ ᠶᠢᠨ ᠸᠢᠳᠢᠣ᠋ ᠲᠠᠢ ᠪᠠᠨ ᠤᠶᠠᠯᠳᠤᠭᠤᠯᠤᠨ ᠨᠠᠮ ᠤᠨ ᠭᠡᠰᠢᠭᠦᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠠᠷᠪᠠᠨ ᠳᠥᠷᠪᠡᠳᠦᠭᠡᠷ ᠡᠪᠦᠯ︾ ᠤᠨ ᠴᠤᠭᠯᠠᠭᠠᠨ ᠤ ᠡᠬᠢᠯᠡᠯᠳᠡ ᠶᠢᠨ ᠡᠳᠦᠷ ᠢ ᠲᠣᠩᠭᠤᠷᠤᠤ ᠲᠣᠭᠠᠯᠠᠬᠤ ᠱᠠᠲᠤᠨ ᠳᠤ ᠪᠣᠯᠪᠠᠰᠤᠨ ᠶᠣᠰᠣ ᠵᠢᠷᠤᠮ ᠢ ᠡᠷᠬᠢᠮᠯᠡᠵᠦ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ︽ᠠᠷᠪᠠᠨ ᠳᠥᠷᠪᠡᠳᠦᠭᠡᠷ ᠡᠪᠦᠯ︾ ᠤᠨ ᠴᠤᠭᠯᠠᠭᠠᠨ ᠤ ᠬᠦᠷᠴᠦ ᠢᠷᠡᠬᠦ ᠶᠢ ᠤᠭᠳᠤᠨ᠎ᠠ᠃
02乡镇02.jpg   
        ᠲᠠᠷᠠᠭ᠎ᠠ ᠨᠢ᠂ ᠨᠡᠶᠢᠭᠡᠮ ᠲᠣᠭᠤᠷᠢᠭ ᠤᠨ ᠤᠷᠠᠨ ᠰᠠᠶᠢᠬᠠᠨ ᠤ ᠰᠠᠶᠢᠨ ᠳᠤᠷ᠎ᠠ ᠶᠢᠨ ᠪᠦᠯᠬᠦᠮ ᠤᠨ ᠬᠢᠨ ᠲᠤᠬᠠᠢ ᠶᠢᠨ ᠲᠠᠯᠠᠪᠠᠢ ᠶᠢᠨ ᠰᠠᠭᠤᠭᠠᠯᠢ ᠠᠷᠠᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠦᠨᠳᠦᠰᠦᠲᠡᠨ ᠤ ᠪᠥᠵᠢᠭ᠂ ᠭᠤᠴᠣᠯᠠᠯ ᠳᠠᠭᠤᠤ᠂ ᠬᠥᠭᠵᠢᠮ ᠬᠦᠭᠵᠢᠮᠳᠡᠬᠦ ᠵᠡᠷᠭᠡ ᠤᠯᠠᠨ ᠬᠡᠯᠪᠡᠷᠢ ᠶᠢᠨ ᠲᠣᠭᠯᠠᠯᠲᠠ ᠭᠤᠶᠢᠳᠠ ᠰᠠᠶᠢᠬᠠᠨ ᠪᠤᠯᠵᠤ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤᠯᠠᠨ ᠲᠦᠮᠡᠨ ᠤ ᠤᠮᠠᠷᠠᠲᠤ ᠶᠢᠨ ᠰᠣᠶᠣᠯ ᠢ ᠪᠠᠳᠠᠷᠠᠭᠤᠯᠵᠤ᠂ ︽ᠠᠷᠪᠠᠨ ᠳᠥᠷᠪᠡᠳᠦᠭᠡᠷ ᠡᠪᠦᠯ︾ ᠤᠨ ᠴᠤᠭᠯᠠᠭᠠᠨ ᠤ ᠤᠶᠤᠨ ᠰᠠᠨᠠᠭᠠᠨ ᠤ ᠳᠦᠷᠰᠦ ᠪᠠᠶᠢᠳᠠᠯ ᠳᠤ ᠬᠦᠴᠦᠨ ᠨᠡᠮᠡᠷᠢᠯᠡᠵᠤ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
02乡镇03.jpg   
        ᠲᠣᠰ ᠤᠳᠠᠭᠠᠨ ᠤ ︽ᠤᠮᠠᠷᠠᠲᠤ ᠶᠢᠨ ᠰᠣᠶᠣᠯ ᠢ ᠪᠠᠳᠠᠷᠠᠭᠤᠯᠵᠤ᠂ ᠡᠪᠦᠯ ᠤᠨ ᠤᠯᠠᠷᠢᠯ ᠤᠨ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠴᠤᠭᠯᠠᠭᠠᠨ ᠢ ᠬᠠᠮᠲᠤ ᠪᠠᠷ ᠡᠳ᠋ᠯᠡᠶ᠎ᠡ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠠᠷᠢᠶᠠᠲᠤ ᠣᠷᠣᠨ ᠤ ᠨᠠᠮ ᠤᠨ ᠭᠡᠰᠢᠭᠦᠨ ᠰᠠᠭᠤᠭᠠᠯᠢ ᠠᠷᠠᠳ ᠤᠨ ︽ᠠᠷᠪᠠᠨ ᠳᠥᠷᠪᠡᠳᠦᠭᠡᠷ ᠡᠪᠦᠯ︾ ᠤᠨ ᠴᠤᠭᠯᠠᠭᠠᠨ ᠢ ᠣᠶᠢᠯᠠᠭᠠᠬᠤ᠂ ︽ᠠᠷᠪᠠᠨ ᠳᠥᠷᠪᠡᠳᠦᠭᠡᠷ ᠡᠪᠦᠯ︾ ᠤᠨ ᠴᠤᠭᠯᠠᠭᠠᠨ ᠢ ᠠᠩᠬᠠᠷᠬᠤ᠂ ︽ᠠᠷᠪᠠᠨ ᠳᠥᠷᠪᠡᠳᠦᠭᠡᠷ ᠡᠪᠦᠯ︾ ᠤᠨ ᠴᠤᠭᠯᠠᠭᠠᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠣᠶᠣᠯ ᠢ ᠤᠯᠠᠮᠵᠢᠯᠠᠬᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠯᠠᠭᠤᠨ ᠥᠷᠨᠢᠯᠲᠡ ᠶᠢ ᠪᠣᠶ ᠪᠣᠯᠭᠠᠪᠠ᠃
ᠢᠷᠡᠯᠲᠡ᠄ ᠶᠠᠭᠰᠢ ᠬᠤᠳᠠ ᠶᠢᠨ ᠠᠷᠠᠳ ᠤᠨ ᠵᠠᠰᠠᠭ ᠤᠨ ᠤᠷᠳᠤᠨ