ᠭᠦᠸᠧ ᠱᠣᠣ ᠵᠢᠤᠸᠠᠨ᠄ ︽ᠪᠢ︾ ᠪᠣᠯ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠮᠥᠨ᠂ ᠴᠠᠭ ᠢᠮᠠᠭᠲᠠ ᠭᠠᠵᠠᠷ ᠪᠣᠯᠭᠠᠨ ᠳᠤ ᠲᠦᠷᠦᠭᠦᠯᠡᠨ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2023/12/3
        ᠡᠨᠡ ᠵᠢᠯ 68 ᠨᠠᠰᠤᠲᠠᠢ ᠭᠦᠸᠧ ᠱᠤᠤ ᠵᠢᠤᠸᠠᠨ ᠪᠣᠯ ᠶᠠᠭᠰᠢ ᠬᠤᠳᠠ ᠶᠢᠨ ᠮᠦ ᠶᠤᠸᠠᠨ ᠪᠠᠯᠭᠠᠰᠤ ᠶᠢᠨ ᠨᠤᠸᠠᠨ ᠴᠢᠤᠸᠠᠨ ᠲᠣᠰᠬᠤᠨ ᠤ ︽ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ︾ ᠪᠣᠯᠬᠤ ᠪᠥᠭᠡᠳ ᠪᠠᠰᠠ ᠴᠤ ᠨᠢᠭᠡᠨ ᠲᠤᠤᠷᠵᠢᠯ ᠤᠨ ᠠᠵᠢᠯᠳᠠᠨ ᠪᠣᠯᠤᠨ᠎ᠠ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠦᠳᠦᠯᠦᠨ ᠳᠠᠭᠠᠭᠤᠯᠬᠤ ᠠᠵᠢᠯ ᠤᠨ ᠳᠤᠮᠳᠠ᠂ ᠲᠡᠷᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠠᠷᠠᠳ ᠤᠨ ᠪᠠᠶᠢᠳᠠᠯ ᠠᠷᠠᠳ ᠤᠨ ᠰᠠᠨᠠᠯ ᠢ ᠴᠤᠭᠯᠠᠭᠤᠯᠵᠤ᠂ ᠲᠦᠷᠦ ᠶᠢᠨ ᠪᠤᠳᠤᠯᠭ᠎ᠠ ᠶᠢ ᠤᠬᠠᠭᠤᠯᠵᠤ᠂ ᠵᠥᠷᠢᠴᠡᠯ ᠵᠢᠭᠤᠷᠠᠯᠳᠤᠭᠠᠨ ᠢ ᠨᠠᠮᠳᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠠᠢ᠃
03乡镇01.jpg   
        ᠰᠤᠷᠪᠤᠯᠵᠢᠯᠠᠭᠴᠢ ᠭᠦᠸᠧ ᠱᠤᠤ ᠵᠢᠤᠸᠠᠨ ᠲᠠᠢ ᠠᠭᠤᠯᠵᠠᠬᠤ ᠦᠶ᠎ᠡ ᠳᠤ᠂ ᠲᠡᠷᠡ ᠲᠣᠰᠬᠤᠨ ᠤ ᠠᠷᠠᠳ ᠴᠠᠩ ᠰᠢᠤ ᠴᠢᠨ ᠤ ᠭᠡᠷ ᠲᠤ ᠭᠠᠭ᠋ᠠᠢ ᠲᠡᠵᠢᠭᠡᠨ ᠦᠷᠡᠵᠢᠭᠦᠯᠬᠦ ᠮᠡᠷᠭᠡᠵᠢᠯ ᠢ ᠵᠢᠯᠣᠭᠤᠳᠴᠤ ᠪᠠᠶᠢᠪᠠ᠃ ᠭᠦᠸᠧ ᠱᠤᠤ ᠵᠢᠤᠸᠠᠨ 1985 ᠣᠨ ᠳᠤ ᠭᠠᠭ᠋ᠠᠢ ᠲᠡᠵᠢᠭᠡᠬᠦ ᠲᠠᠯᠠᠪᠠᠢ ᠶᠢ ᠪᠠᠶᠢᠭᠤᠯᠤᠭᠰᠠᠨ ᠠᠴᠠ ᠨᠠᠭᠠᠰᠢ᠂ ᠤᠳᠤ ᠪᠣᠯᠲᠠᠯ᠎ᠠ ᠨᠢᠭᠡᠨᠲᠡ 38 ᠵᠢᠯ ᠪᠤᠯᠵᠤ᠂ ᠠᠵᠢᠯᠴᠢ ᠬᠥᠳᠡᠯᠮᠦᠷᠢᠴᠢ ᠪᠠ ᠬᠠᠳᠠᠨ ᠵᠣᠷᠢᠭ ᠢᠶᠠᠷ ᠢᠶᠠᠨ ᠲᠣᠰᠬᠤᠨ ᠤ ᠪᠠᠨ ᠭᠠᠭ᠋ᠠᠢ ᠲᠡᠵᠢᠭᠡᠬᠦ ᠨᠡᠷᠡᠳᠤ ᠲᠤᠮᠤ ᠡᠷᠦᠬᠡ᠂ ᠪᠠᠶᠠᠵᠢᠯ ᠤᠨ ᠲᠠᠭᠠᠭᠤᠯᠤᠬᠴᠢ ᠪᠣᠯᠵᠠᠢ᠃ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠭᠦᠸᠧ ᠱᠤᠤ ᠵᠢᠤᠸᠠᠨ ᠪᠠᠶᠠᠵᠢᠭᠰᠠᠨ ᠴᠤ ᠨᠤᠲᠤᠭ ᠤᠨ ᠠᠬ᠎ᠠ ᠳᠡᠭᠦᠦ ᠨᠡᠷ ᠢᠶᠠᠨ ᠮᠠᠷᠲᠠᠬᠤ ᠦᠭᠡᠢ᠂ ᠲᠡᠷᠡ ᠲᠣᠰᠬᠤᠨ ᠤ ᠠᠷᠠᠳ ᠲᠤ ᠭᠠᠭ᠋ᠠᠢ ᠲᠡᠵᠢᠭᠡᠬᠦ ᠮᠡᠷᠭᠡᠵᠢᠯ ᠢ ᠦᠨ᠎ᠡ ᠲᠥᠯᠥᠪᠦᠷᠢ ᠦᠭᠡᠢ ᠪᠠᠷ ᠤᠯᠠᠮᠵᠢᠯᠠᠵᠤ᠂ ᠲᠤᠷᠤᠢ ᠶᠢ ᠱᠡᠭᠡᠯᠡᠨ ᠬᠤᠳᠠᠯᠳᠤᠵᠤ᠂ ᠭᠠᠭ᠋ᠠᠢ ᠲᠡᠵᠢᠭᠡᠨ ᠦᠷᠡᠵᠢᠭᠦᠯᠬᠦ ᠦᠢᠯᠡᠰ ᠢ ᠠᠷᠠᠳ ᠢ ᠪᠠᠶᠠᠵᠢᠭᠤᠯᠬᠤ ᠠᠵᠤ ᠦᠢᠯᠡᠰ ᠪᠣᠯᠭᠠᠵᠤ᠂ ᠠᠷᠪᠠᠨ ᠬᠡᠳᠦᠨ ᠡᠷᠤᠬᠡ ᠲᠣᠰᠬᠤᠨ ᠤ ᠠᠷᠠᠳ ᠢ ᠬᠠᠪᠰᠤᠷᠤᠨ ᠣᠷᠣᠯᠭ᠎ᠠ ᠶᠢ ᠨᠢ ᠬᠠᠮᠲᠤ ᠪᠠᠷ ᠨᠡᠮᠡᠭᠳᠡᠭᠦᠯᠵᠡᠢ᠃
03乡镇02.jpg   
        ᠭᠦᠸᠧ ᠱᠣᠣ ᠵᠢᠤᠸᠠᠨ᠄ ︽ᠪᠢ ᠮᠠᠰᠢ ᠣᠯᠠᠨ ᠬᠦᠴᠢᠷᠳᠡᠯ ᠲᠠᠢ ᠡᠷᠦᠬᠡ ᠶᠢ ᠬᠠᠪᠰᠤᠷᠤᠨ ᠲᠡᠳᠬᠦᠵᠡᠶ᠂ ᠲᠡᠳᠡᠨ ᠤ ᠵᠠᠷᠢᠮ ᠨᠢ ᠨᠠᠰᠤ ᠠᠬᠠᠰᠢᠷᠠᠵᠤ᠂ ᠵᠠᠷᠢᠮ ᠨᠢ ᠭᠡᠷ ᠪᠦᠯᠢ ᠶᠢᠨ ᠳᠠᠷᠤᠭᠠᠰᠤ ᠬᠦᠨᠳᠦ᠂ ᠪᠠᠰᠠ ᠵᠠᠷᠢᠮ ᠨᠢ ᠬᠡᠦᠬᠡᠳ ᠢᠶᠠᠨ ᠶᠡᠭᠡ ᠰᠤᠷᠭᠠᠭᠤᠯᠢ ᠳᠤ ᠰᠤᠷᠤᠯᠴᠠᠭᠤᠯᠬᠤ ᠬᠡᠷᠡᠭᠴᠡᠭᠡ ᠲᠠᠢ ᠪᠣᠯᠬᠤᠷ ᠪᠢ ᠲᠡᠳᠡᠨ ᠳᠤ ᠲᠤᠷᠤᠢ᠂ ᠮᠡᠭᠡᠵᠢ ᠶᠢ ᠱᠡᠭᠡᠯᠡᠨ ᠥᠭᠴᠦ᠂ ᠲᠡᠳᠡᠨ ᠢ ᠬᠠᠪᠰᠤᠷᠤᠨ ᠲᠡᠵᠢᠭᠡᠯ ᠪᠣᠷᠳᠤᠭ᠎ᠠ ᠶᠢᠨ ᠠᠰᠠᠭᠤᠳᠠᠯ ᠢ ᠨᠢ  ᠰᠢᠢᠳᠪᠦᠷᠢᠯᠡᠵᠤ ᠥᠭᠭᠦᠭᠰᠡᠨ ᠶᠤᠮ︾ ᠭᠡᠵᠡᠶ᠃         ᠴᠠᠩ ᠰᠢᠤ ᠴᠢᠨ᠄ ︽ᠭᠦᠸᠧ ᠠᠪᠠᠭ᠎ᠠ ᠡᠵᠢ ᠮᠠᠰᠢ ᠬᠠᠯᠠᠭᠤᠨ ᠰᠡᠳᠬᠢᠯ ᠲᠠᠢ᠂ ᠠᠮᠢᠳᠤᠷᠠᠯ ᠤᠨ ᠲᠠᠯ᠎ᠠ ᠪᠠᠷ ᠴᠤ ᠲᠡᠷᠡ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠲᠠᠯ᠎ᠠ ᠪᠠᠷ ᠴᠤ ᠲᠡᠷᠡ᠂ ᠪᠦᠷ ᠪᠢᠳᠡᠨ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠡᠶ᠂ ᠪᠢ ᠲᠡᠭᠦᠨ ᠳᠤ ᠮᠠᠰᠢ ᠲᠠᠯᠠᠷᠬᠠᠵᠤ ᠪᠠᠶᠢᠨ᠎ᠠ︾ ᠭᠡᠵᠦ ᠬᠡᠯᠡᠪᠡ᠃        ︽ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ︾ ᠪᠠᠷ ᠰᠣᠩᠭᠤᠭᠳᠠᠭᠰᠠᠨ ᠠᠴᠠ ᠨᠠᠭᠠᠰᠢ᠂ ᠲᠣᠰᠬᠤᠨ ᠳᠤ ᠤᠯᠠᠨ ᠢᠶᠠᠷ ᠢᠶᠠᠨ ᠭᠦᠸᠧ ᠱᠤᠤ ᠵᠢᠤᠸᠠᠨ ᠤ ᠶᠠᠭᠠᠷᠠᠯᠲᠠᠢ ᠪᠠᠶᠢᠳᠠᠯ ᠢ ᠳᠠᠩᠳᠠ ᠣᠯᠵᠤ ᠬᠠᠷᠠᠨ᠂ ᠵᠢᠭᠤᠷᠠᠯᠳᠤᠭᠠᠨ ᠲᠤᠯᠭᠠᠷᠠᠪᠠᠯ᠂ ᠲᠡᠷᠡ ᠶᠡᠷᠦᠨᠢ ᠬᠠᠮᠤᠭ ᠲᠦᠷᠦᠭᠦᠨ ᠳᠤ ᠦᠨᠡᠨ ᠰᠡᠳᠬᠢᠯ ᠠᠴᠠ ᠪᠠᠨ ᠵᠥᠷᠢᠴᠡᠯ ᠢ ᠰᠢᠢᠳᠪᠦᠷᠢᠯᠡᠵᠦ᠂ ᠬᠦᠯᠢᠴᠡᠩᠭᠦᠢ ᠪᠠᠷ ᠠᠷᠠᠳ ᠤᠨ ᠰᠡᠳᠬᠢᠯ ᠢ ᠨᠥᠯᠥᠭᠡᠯᠡᠨ᠂ ᠦᠢᠯᠡ ᠠᠵᠢᠯᠯᠠᠭ᠎ᠠ ᠪᠠᠷ ᠢᠶᠠᠨ ᠠᠰᠠᠭᠤᠳᠠᠯ ᠢ ᠰᠢᠢᠳᠪᠦᠷᠢᠯᠡᠵᠦ᠂ ᠨᠤᠸᠠᠨ ᠴᠢᠤᠸᠠᠨ ᠲᠣᠰᠬᠤᠨ ᠤ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠩᠭᠤᠢ ᠵᠣᠯ ᠵᠢᠷᠭᠠᠯ ᠢ ᠰᠠᠬᠢᠨ ᠬᠠᠮᠠᠭᠠᠯᠠᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠶᠢ ᠪᠡᠶᠡᠯᠡᠭᠦᠯᠵᠡᠢ᠃ ︽ᠡᠭᠡᠯ ᠠᠷᠠᠳ ᠤᠨ ᠤᠬᠠᠭᠤᠯᠤᠨ ᠲᠠᠶᠢᠯᠪᠤᠷᠢᠯᠠᠭᠴᠢ︾ ᠪᠣᠯᠤᠭᠰᠠᠨ ᠤ ᠬᠤᠪᠢ ᠳᠤ᠂ ᠭᠦᠸᠧ ᠱᠤᠤ ᠵᠢᠤᠸᠠᠨ ᠨᠠᠮ ᠤᠨ ᠬᠢᠴᠢᠶᠡᠯ ᠲᠠᠶᠢᠯᠪᠤᠷᠢᠯᠠᠬᠤ᠂ ᠰᠤᠷᠤᠯᠴᠠᠯᠭ᠎ᠠ ᠶᠢ ᠬᠡᠷ ᠲᠤᠨᠢ ᠬᠦᠷᠭᠡᠬᠦ᠂ ᠲᠠᠷᠢᠶᠠᠨ ᠳᠤᠮᠳᠠ ᠭᠦᠨᠵᠡᠭᠡᠶᠢᠷᠡᠬᠦ ᠵᠡᠷᠭᠡ ᠠᠷᠭ᠎ᠠ ᠬᠡᠯᠪᠡᠷᠢ ᠪᠠᠷ ᠨᠠᠮ ᠤᠨ ᠤᠨᠤᠯ ᠤᠨ ᠰᠢᠨ᠎ᠡ ᠶᠢ ᠡᠭᠦᠳᠬᠦ᠂ ᠤᠯᠤᠰ ᠤᠨ ᠲᠦᠷᠦ ᠶᠢᠨ ᠪᠤᠳᠤᠯᠭ᠎ᠠ ᠴᠢᠭᠯᠡᠯᠲᠡ ᠶᠢ ᠠᠷᠠᠳ ᠤᠯᠠᠨ ᠤ ᠠᠮᠢᠳᠤᠷᠠᠯ ᠲᠠᠢ ᠤᠶᠠᠯᠳᠤᠭᠤᠯᠤᠨ ᠤᠬᠠᠭᠤᠯᠤᠨ ᠲᠠᠶᠢᠯᠪᠤᠷᠢᠯᠠᠵᠤ᠂ ︽ᠤᠯᠠᠨ ᠲᠦᠮᠡᠨ ᠲᠠᠢ ᠤᠢᠢᠷᠠᠳᠤᠭᠰᠠᠠ︾ ᠨᠤᠲᠤᠭ ᠤᠨ ᠬᠡᠯᠡ ᠪᠠᠷ ᠨᠠᠮ ᠤᠨ ᠰᠠᠶᠢᠨ ᠲᠠᠭᠤᠨ ᠪᠣᠯᠤᠨ ᠠᠷᠠᠳ ᠲᠤ ᠠᠰᠢᠭ ᠬᠦᠷᠲᠡᠭᠡᠬᠦ ᠬᠠᠮᠤᠭ ᠤᠨ ᠰᠢᠨ᠎ᠡ ᠲᠦᠷᠦ ᠶᠢᠨ ᠪᠤᠳᠤᠯᠭ᠎ᠠ ᠶᠢ ᠲᠣᠰᠬᠤᠨ ᠤ ᠠᠷᠠᠳ ᠲᠤ ᠳᠠᠮᠵᠢᠭᠤᠯᠵᠠᠢ᠃
03乡镇03.jpg   
        ᠭᠦᠸᠧ ᠱᠤᠤ ᠵᠢᠤᠸᠠᠨ᠄ ︽ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠲᠣᠰᠬᠤᠨ᠂ ᠤᠯᠠᠨ ᠲᠦᠮᠡᠨ ᠤ ᠳᠤᠮᠳᠠ ᠣᠴᠢᠵᠤ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠨᠠᠮ ᠤᠨ ᠳᠠᠭᠤᠨ ᠢ ᠰᠠᠶᠢᠲᠤᠷ ᠲᠠᠮᠵᠢᠭᠤᠯᠵᠠᠢ᠂ ᠡᠭᠦᠨ ᠤ ᠬᠠᠮᠲᠤ ᠨᠠᠮ ᠤᠨ ᠡᠯ᠎ᠡ ᠱᠠᠲᠤᠨ ᠤ ᠤᠳᠤᠷᠢᠳᠤᠯᠭ᠎ᠠ ᠶᠢᠨ ᠨᠠᠮᠠᠶᠢ ᠬᠠᠪᠰᠤᠷᠴᠤ ᠳᠡᠮᠵᠢᠭᠰᠡᠨ ᠳᠤ ᠲᠠᠯᠠᠷᠬᠠᠵᠤ ᠪᠠᠶᠢᠨ᠎ᠠ᠂ ᠪᠢ ᠦᠷᠭᠦᠯᠵᠢᠯᠡᠨ ᠬᠦᠴᠢᠷᠳᠡᠯᠲᠡᠢ ᠤᠯᠠᠨ ᠲᠦᠮᠡᠨ ᠢ ᠬᠠᠪᠰᠤᠷᠴᠤ ᠬᠠᠮᠲᠤᠪᠠᠷ ᠪᠠᠶᠠᠵᠢᠭᠤᠯᠤᠨ᠎ᠠ︾ ᠭᠡᠵᠦ ᠬᠡᠯᠡᠪᠡ᠃         ᠲᠣᠰᠬᠤᠨ ᠤ ᠠᠷᠠᠳ ᠭᠦᠸᠧ ᠱᠤᠤ ᠵᠢᠤᠸᠠᠨ ᠢ ᠳᠤᠷᠠᠳᠪᠠᠯ ᠢᠲᠡᠭᠡᠯ ᠪᠠ ᠮᠠᠭᠲᠠᠭᠠᠯ ᠰᠠᠶᠢᠰᠢᠶᠠᠯ ᠢᠶᠠᠷ ᠪᠢᠯᠬᠠᠵᠤ᠂ ᠭᠦᠸᠧ ᠱᠤᠤ ᠵᠢᠤᠸᠠᠨ ᠪᠠᠭ᠎ᠠ ᠶᠠᠪᠤᠳᠠᠯ ᠤᠳ ᠠᠴᠠ ᠡᠬᠢᠯᠡᠨ ᠬᠢᠵᠦ᠂ ᠦᠪᠡᠷ ᠤᠨ ᠠᠵᠢᠯᠯᠠᠭ᠎ᠠ ᠪᠠᠷ ᠢᠶᠠᠨ ᠤᠯᠠᠨ ᠲᠦᠮᠡᠨ ᠤ ︽ᠲᠤᠳᠤᠨᠤ ᠬᠦᠮᠦᠨ︾ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠡᠢ᠃ 
ᠢᠷᠡᠯᠲᠡ᠄ ᠶᠠᠭᠰᠢ ᠬᠤᠳᠠ ᠶᠢᠨ ᠠᠷᠠᠳ ᠤᠨ ᠵᠠᠰᠠᠭ ᠤᠨ ᠤᠷᠳᠤᠨ