ᠭᠤᠷᠪᠠ᠂ ᠵᠠᠰᠠᠭ ᠤᠨ ᠣᠷᠳᠣᠨ ᠤ ᠦᠢᠯᠡᠴᠢᠯᠡᠭᠡ ᠶᠢᠨ ᠴᠢᠨᠠᠷ ᠰᠠᠶᠢᠲᠠᠶ ᠬᠥᠭᠵᠢᠯᠲᠡ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠎ᠡ | ᠣᠳᠣᠬᠢᠴᠢᠯᠠᠭᠰᠠᠨ ᠬᠥᠯᠥᠨ ᠪᠤᠶᠢᠷ ᠢ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠳᠤ ᠪᠢᠳᠡ ᠬᠠᠷᠢᠭᠤᠴᠠᠯᠭ᠎ᠠ ᠪᠠᠨ ᠪᠠᠲᠤ | ᠡᠭᠦᠷᠭᠡᠯᠡᠵᠦ᠂ ᠤᠭ ᠰᠠᠨᠠᠭ᠎ᠠ ᠪᠠᠨ ᠦᠯᠦ ᠮᠠᠷᠲᠠᠨ᠎ᠠ᠃ ᠵᠠᠰᠠᠭ ᠤᠨ ᠣᠷᠳᠣᠨ ᠤ ᠰᠢᠰᠲ᠋ᠧᠮ ᠢᠮᠠᠭᠲᠠ ᠦᠷ᠎ᠡ ᠪᠦᠲᠦᠮᠵᠢ ᠶᠢ ᠲᠡᠷᠢᠭᠦᠨ ᠳᠤ ᠲᠠᠯᠪᠢᠬᠤ᠂ | ᠨᠠᠶᠢᠳᠠᠪᠤᠷᠢᠵᠢᠭᠤᠯᠤᠯᠳᠠ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠢᠨᠠᠷᠵᠢᠭᠤᠨ | ᠥᠨᠳᠥᠷ ᠪᠦᠲᠦᠮᠵᠢᠲᠡᠢ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠴᠢᠭᠡᠴᠢ ᠰᠡᠷᠭᠡᠭ ᠡᠷᠡᠰ ᠪᠠᠲᠤ ᠪᠠᠶᠢᠬᠤ ᠰᠢᠨ᠎ᠡ ᠳᠦᠷᠢ ᠲᠥᠷᠬᠦ ᠶᠢ ᠱᠤᠭᠤᠨ᠎ᠠ᠃ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠠᠵᠢᠯ ᠶᠠᠪᠤᠳᠠᠯ ᠰᠠᠲᠤᠵᠤ ᠲᠦᠯᠦᠪᠵᠢᠭᠦᠯᠬᠦ ᠳᠡᠭᠡᠨ ᠴᠠᠭ ᠢᠮᠠᠭᠲᠠ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ | ᠲᠥᠷᠥ ᠶᠢᠨ ᠲᠠᠯ᠎ᠠ ᠠᠴᠠ ᠭᠦᠢᠴᠡᠳᠬᠡᠬᠦ ᠶᠢ ᠪᠡᠶᠡᠯᠡᠬᠦᠯᠦᠨ᠎ᠡ᠃ ᠨᠠᠶᠢᠳᠠᠪᠤᠷᠢᠵᠢᠭᠤᠯᠤᠯᠲᠠ ᠶᠢ ᠠᠳᠬᠤᠬᠤ ᠨᠢᠭᠡᠳᠦᠭᠡᠷ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ | ᠬᠥᠭᠵᠢᠯᠲᠡ ᠶᠢᠨ ᠲᠠᠨᠢᠯᠲᠠ ᠪᠠᠨ ᠲᠥᠪ ᠪᠤᠯᠭᠠᠵᠤ᠂ ︽ᠳᠤᠯᠤᠭ᠎ᠠ ᠶᠢ ᠲᠠᠶᠠᠭᠳᠠᠬᠤ︾ ᠶᠢ ᠨᠠᠶᠢᠲᠠᠪᠤᠷᠢᠵᠢᠭᠤᠯᠤᠨ ᠂ ︽ᠵᠢᠷᠭᠤᠭᠠᠨ ᠬᠤᠣᠰ ᠬᠠᠷᠢᠴᠠᠭ᠎ᠠ︾ ᠶᠢ | ᠡᠵᠡᠮᠳᠡᠵᠦ᠂ ︽ᠵᠢᠷᠭᠤᠭ᠎ᠠ ᠶᠢ ᠪᠠᠷᠢᠮᠲᠠᠯᠠᠬᠤ︾ ᠶᠢ ᠭᠦᠢᠴᠡᠳᠬᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠰᠠᠬᠢᠯᠭ᠎ᠠ ᠪᠠᠲᠤ ᠶᠣᠰᠣ ᠲᠦᠷᠢᠮ ᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠵᠢᠭᠠᠪᠤᠷᠢ ᠠᠪᠴᠤ | ᠮᠡᠳᠡᠭᠦᠯᠬᠦ ᠲᠦᠷᠢᠮ ᠢ ᠬᠢᠨᠠᠮᠠᠭᠠᠢ ᠬᠡᠷᠡᠭᠵᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ︽ᠲᠦᠷᠪᠡᠨ ᠰᠤᠷᠲᠠᠯ︾ | ᠣᠨᠴᠠᠭᠠᠶᠢᠯᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠬᠡᠪᠰᠢ ᠠᠷᠢᠭᠤᠨ ᠴᠢᠬᠡᠴᠢ ᠪᠠᠷ ᠵᠠᠰᠠᠭ | ᠪᠠᠷᠢᠬᠤ᠂ ᠴᠡᠪᠡᠷ ᠴᠢᠬᠡᠴᠢ ᠪᠠᠷ ᠠᠵᠢᠯ ᠬᠢᠬᠦ ᠪᠠᠷ ᠴᠢᠷᠮᠠᠶᠢᠨ᠎ᠠ᠃ | ᠠᠷᠠᠳ ᠲᠦᠮᠡᠨ ᠢ ᠲᠣᠳᠤᠨᠤᠴᠢᠯᠠᠬᠤ ᠠᠷᠠᠳ ᠲᠦᠮᠡᠨ ᠤ ᠲᠦᠯᠦᠭᠡ ᠦᠢᠯᠡᠴᠢᠯᠡᠬᠦ ᠰᠢᠨ᠎ᠡ ᠳᠦᠷᠢ ᠲᠥᠷᠬᠦ ᠶᠢ ᠱᠤᠭᠤᠨ᠎ᠠ᠃ ᠠᠷᠠᠳ ᠲᠦᠮᠡᠨ ᠤ ᠬᠦᠰᠡᠯ | ᠡᠷᠡᠮᠡᠯᠵᠡᠯ ᠪᠣᠯ ᠵᠠᠰᠠᠭ ᠲᠦᠷᠦ ᠶᠢᠨ ᠴᠢᠭᠯᠡᠯ ᠮᠥᠨ᠃ ᠤᠯᠠᠨ ᠲᠦᠮᠡᠨ ᠲᠠᠢ ᠨᠢᠭᠲᠠ ᠬᠠᠷᠢᠯᠴᠠᠬᠤ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠢᠮᠠᠭᠲᠠ ᠤᠯᠠᠨ | ᠲᠦᠮᠡᠨ ᠤ ᠬᠠᠷᠠᠭᠠᠰᠤ ᠠᠴᠠ ᠠᠰᠠᠭᠤᠳᠠᠯ ᠢ ᠪᠤᠳᠤᠯᠬᠢᠯᠠᠬᠤ᠂ ᠪᠤᠳᠤᠯᠭ᠎ᠠ ᠲᠤᠭᠲᠠᠭᠠᠬᠤ᠂ ᠤᠴᠢᠷ ᠶᠠᠪᠤᠳᠠᠯ ᠭᠦᠢᠴᠡᠳᠬᠡᠵᠦ᠂ ᠤᠯᠠᠨ ᠲᠦᠮᠡᠨ ᠤ ᠬᠠᠯᠠᠮᠵᠢᠯᠠᠵᠤ | ᠪᠠᠶᠢᠭ᠎ᠠ ᠲᠥᠪᠯᠡᠷᠡᠯ ᠴᠡᠭ᠂ ᠠᠩᠬᠠᠷᠴᠤ ᠪᠠᠶᠢᠭ᠎ᠠ ᠬᠠᠯᠠᠮᠰᠢᠯ ᠴᠡᠭ ᠤᠨ ᠳᠤᠮᠳᠠ ᠠᠴᠠ ᠠᠷᠠᠳ ᠤᠨ ᠠᠮᠢᠳᠤᠷᠠᠯ ᠤᠨ ᠠᠵᠢᠯ ᠤᠨ ᠭᠠᠷᠳᠠᠴᠠ ᠶᠢ ᠣᠨᠣᠪᠴᠢᠲᠠᠢ ᠣᠯᠵᠤ | ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ᠂ ᠠᠮᠠᠷᠬᠠᠨ ᠬᠦᠯᠢᠶᠠᠨ ᠠᠪᠬᠤ ᠠᠷᠭ᠎ᠠ ᠪᠠᠷ ᠠᠵᠢᠯ ᠢᠶᠠᠨ ᠥᠷᠨᠢᠭᠦᠯᠵᠦ᠂ ᠠᠮᠠᠯᠳᠠᠭᠰᠠᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠡᠷᠡᠰ ᠰᠠᠶᠢᠲᠤᠷ ᠬᠢᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠤ ᠳᠣᠲᠠᠭᠤᠳᠠᠯ ᠪᠠᠭᠤᠷᠠᠢ ᠲᠠᠯ᠎ᠠ ᠶᠢ ᠪᠦᠬᠦ | ᠬᠦᠴᠦᠨ ᠢᠶᠠᠷ ᠨᠦᠬᠦᠪᠦᠷᠢᠯᠡᠨ᠎ᠡ᠃ ᠢᠯᠠᠩᠭᠤᠶ᠎ᠠ ᠣᠨᠴᠠᠭᠠᠢ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠶᠠᠮᠠᠷᠪᠠ ᠨᠢᠭᠡ | ᠬᠥᠮᠦᠨ᠂ ᠶᠠᠮᠠᠷᠪᠠ ᠨᠢᠭᠡ ᠭᠡᠷ ᠪᠦᠯᠢ ᠶᠢ ᠴᠦ ᠣᠳᠤᠬᠢᠴᠢᠯᠠᠯᠲᠠ ᠶᠢᠨ ᠠᠶᠠᠨ ᠤ ᠡᠩᠨᠡᠭᠡ ᠠᠴᠠ ᠬᠤᠴᠣᠷᠤᠭᠤᠯᠬᠤ ᠦᠭᠡᠢ᠃ ᠤᠯᠠᠨ ᠤ ᠶᠠᠪᠤᠳᠠᠯ ᠢ ᠥᠪᠡᠷ ᠤᠨ | ᠶᠠᠪᠤᠳᠠᠯ ᠢᠶᠠᠨ ᠪᠣᠯᠭᠠᠵᠤ᠂ ᠤᠯᠠᠨ ᠲᠦᠮᠡᠨ ᠢ ᠭᠡᠷ ᠤᠨ ᠬᠥᠮᠦᠰ ᠢᠶᠠᠨ ᠰᠢᠭ ᠦᠵᠡᠳᠡᠭ ᠯᠠ ᠶᠤᠮ ᠪᠣᠯ ᠬᠢᠭᠰᠡᠨ ᠠᠵᠢᠯ ᠨᠢ ᠤᠯᠠᠨ ᠲᠦᠮᠡᠨ ᠤ ᠲᠠᠭᠠᠰᠢᠶᠠᠯ ᠢ ᠤᠯᠵᠤ | ᠂ ᠤᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠣᠯᠵᠤ ᠴᠢᠳᠠᠬᠤ ᠶᠤᠮ᠃ | ᠠᠮᠠᠯᠠᠭᠰᠠᠨ ᠢᠶᠠᠨ ᠢᠲᠡᠭᠡᠮᠵᠢᠲᠡᠢ ᠪᠡᠶᠡᠯᠡᠭᠦᠯᠬᠦ ᠰᠢᠨ᠎ᠡ ᠳᠦᠷᠢ ᠲᠥᠷᠬᠦ ᠶᠢ ᠱᠤᠭᠤᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠲᠦᠷᠭᠡᠳᠬᠡᠵᠦ᠂ ᠣᠯᠠᠨ ᠲᠦᠮᠡᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠬᠠᠤᠯᠢ ᠶᠣᠰᠣᠨ ᠤ ᠬᠢᠨᠠᠨ ᠪᠠᠶᠢᠴᠠᠭᠠᠬᠤ᠂ ᠬᠠᠮᠲᠤ ᠪᠠᠷ | ᠶᠠᠷᠢᠯᠴᠠᠬᠤ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠬᠢᠨᠠᠮᠠᠭᠠᠶ | ᠭᠦᠢᠴᠡᠳᠬᠡᠵᠦ᠂ ᠴᠢᠬᠤᠯᠠ ᠶᠡᠭᠡ ᠲᠥᠷᠥ ᠶᠢᠨ ᠪᠣᠳᠣᠯᠭ᠎ᠠ ᠲᠣᠭᠲᠠᠭᠠᠬᠤ ᠠᠴᠠ ᠡᠮᠦᠨᠡᠬᠢ ᠦᠨᠡᠯᠡᠨ ᠵᠢᠱᠢᠬᠦ ᠪᠠ ᠳᠠᠷᠠᠭᠠᠬᠢ ᠦᠨᠡᠯᠡᠬᠦ ᠲᠦᠷᠢᠮ ᠢ ᠪᠦᠷᠢᠨᠰᠢᠭᠦᠯᠦᠨ᠎ᠡ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠡᠷᠡᠰ | ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠪᠠᠷ ᠬᠢᠨᠠᠯᠲᠠ ᠳᠠᠯᠪᠢᠬᠤ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠡᠯ ᠢᠶᠠᠷ | ᠬᠢᠨᠠᠯᠲᠠ ᠲᠠᠯᠪᠢᠬᠤ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ᠎ᠡ᠃ ᠵᠠᠰᠠᠭ ᠤᠨ ᠣᠷᠳᠣᠨ ᠤ ᠢᠲᠡᠭᠡᠮᠵᠢ ᠪᠠᠷ | ᠨᠡᠶᠢᠭᠡᠮ ᠤᠨ ᠢᠲᠡᠭᠡᠮᠵᠢ ᠶᠢᠨ ᠪᠠᠶᠢᠭᠤᠯᠤᠯᠲᠠ ᠶᠢ ᠳᠠᠶᠢᠴᠢᠯᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠠᠮᠠᠯᠠᠯᠲᠠ ᠶᠢᠨ ᠬᠡᠯᠡᠯᠴᠡᠭᠡᠷ ᠢ ᠨᠠᠷᠢᠨ ᠬᠢᠨᠠᠮᠠᠭᠠᠶ | ᠭᠦᠢᠴᠡᠳᠬᠡᠵᠦ᠂ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠪᠥᠬᠦ ᠬᠦᠴᠦᠨ ᠢᠶᠠᠷ ᠢᠶᠠᠨ | ᠠᠷᠢᠯᠭᠠᠨ ᠳᠥᠯᠥᠵᠦ᠂ ᠨᠠᠮ ᠵᠠᠰᠠᠭ ᠤᠨ ᠪᠠᠶᠢᠭᠤᠯᠭ᠎ᠠ ᠳᠤ ᠬᠤᠯᠪᠤᠭᠳᠠᠬᠤ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠬᠤ ᠬᠡᠷᠡᠭ ᠢ ᠡᠷᠡᠰ ᠲᠦᠷᠭᠡᠨ | ᠭᠦᠢᠴᠡᠳᠬᠡᠵᠦ᠂ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠭᠦᠯᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠪᠣᠳᠠᠲᠠᠶ ᠠᠵᠢᠯᠯᠠᠵᠤ ᠲᠡᠷᠢᠬᠦᠨ ᠳᠤ ᠨᠢ ᠤᠷᠤᠬᠤ ᠰᠢᠨ᠎ᠡ ᠳᠦᠷᠢ ᠲᠥᠷᠬᠦ ᠶᠢ ᠱᠤᠭᠤᠨ᠎ᠠ᠃ ︽ᠲᠤᠭ᠎ᠠ ᠪᠠᠷᠢᠮᠲᠠ ᠪᠠᠷ ᠦᠨᠳᠦᠰᠦ ᠪᠣᠯᠭᠠᠬᠤ᠂ ᠪᠣᠳᠠᠲᠤ | ᠪᠦᠲᠦᠮᠵᠢ ᠪᠠᠷ ᠰᠢᠯᠭᠠᠯᠲᠠ ᠲᠤᠰᠢᠶᠠᠬᠤ᠂ ᠦᠷ᠎ᠡ ᠪᠦᠲᠦᠮᠵᠢ ᠪᠠᠷ ᠰᠢᠯᠭᠠᠨ ᠪᠠᠶᠢᠴᠠᠭᠠᠬᠤ︾ ᠠᠵᠢᠯ ᠤᠨ ᠤᠳᠤᠷᠢᠳᠤᠮᠵᠢ ᠶᠢ ᠪᠤᠢ ᠪᠣᠯᠭᠠᠵᠤ᠂ ︽ᠤᠳᠠᠭᠠᠨ︾ ᠤ | ᠠᠰᠠᠭᠤᠳᠠᠯ ᠢ ᠡᠷᠴᠢᠮᠲᠡᠢ ᠴᠡᠭᠴᠡᠯᠡᠨ ᠵᠠᠰᠠᠵᠤ᠂ ᠪᠠᠶᠢᠷᠢᠯᠠᠭᠤᠯᠤᠭᠰᠠᠨ ᠠᠵᠢᠯ ᠪᠠ ᠲᠣᠭᠲᠠᠭᠠᠭᠰᠠᠨ ᠶᠠᠪᠤᠳᠠᠯ ᠳᠤ᠂ ᠴᠠᠭ ᠤᠨ ᠬᠢᠵᠠᠭᠠᠷᠯᠠᠯ ᠱᠠᠭᠠᠷᠳᠠᠯᠭ᠎ᠠ ᠶᠢ | ᠲᠣᠳᠤᠷᠬᠠᠶᠢᠯᠠᠵᠤ᠂ ᠪᠣᠰᠢᠭᠤ ᠱᠠᠯᠠᠮᠠᠭᠠᠢ ᠠᠵᠢᠯᠯᠠᠬᠤ᠂ ᠪᠠᠷᠢᠨ ᠭᠦᠢᠴᠡᠳᠬᠡᠬᠦ ᠶᠢ ᠡᠷᠡᠰ ᠪᠡᠶᠡᠯᠡᠭᠦᠯᠦᠨ᠎ᠡ︔ ︽ᠵᠠᠳᠠᠭᠠᠢ︾ ᠶᠢᠨ ᠠᠰᠠᠭᠤᠳᠠᠯ ᠢ ᠡᠷᠴᠢᠮᠲᠡᠢ ᠴᠡᠭᠴᠡᠯᠡᠨ | ᠵᠠᠰᠠᠵᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠳᠠᠯᠠᠵᠤ᠂ ᠲᠦᠪᠯᠡᠷᠡᠭᠦᠯᠦᠨ ᠵᠣᠬᠢᠴᠠᠭᠤᠯᠬᠤ᠂ ᠲᠣᠭᠲᠠᠮᠠᠯ ᠮᠡᠳᠡᠭᠦᠯᠬᠦ᠂ ᠦᠷ᠎ᠡ ᠳ᠋ᠦᠩ ᠢ ᠬᠠᠷᠢᠭᠤ ᠳᠤᠰᠬᠠᠬᠤ | ᠳᠦᠷᠢᠮ ᠢ ᠪᠦᠷᠢᠨᠰᠢᠭᠦᠯᠵᠦ᠂ ᠶᠠᠪᠤᠳᠠᠯ ᠪᠣᠯᠭᠠᠨ ᠳᠤ ᠬᠠᠷᠢᠭᠤ ᠦᠭᠴᠦ ᠨᠠᠶᠢᠳᠠᠪᠤᠷᠢᠵᠢᠭᠤᠯᠬᠤ ᠶᠢ ᠡᠷᠡᠰ ᠪᠡᠶᠡᠯᠡᠭᠦᠯᠦᠨ᠎ᠡ︔ ︽ᠠᠯᠵᠠᠭᠤ︾ ᠶᠢᠨ ᠠᠰᠠᠭᠤᠳᠠᠯ ᠢ | ᠡᠷᠴᠢᠮᠲᠡᠢ ᠴᠡᠭᠴᠡᠯᠡᠨ ᠵᠠᠰᠠᠵᠤ᠂ ᠰᠡᠳᠬᠢᠯ ᠰᠠᠨᠠᠭ᠎ᠠ ᠪᠠᠨ ᠲᠣᠭᠲᠠᠭᠤᠨᠵᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠡᠮᠦᠨ᠎ᠡ ᠹᠷᠣᠨᠲ ᠲᠤ ᠬᠦᠷᠴᠦ᠂ | ᠲᠤᠬᠠᠢ ᠶᠢᠨ ᠲᠠᠯᠠᠪᠠᠢ ᠪᠠᠷ ᠦᠵᠡᠵᠦ᠂ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ᠂ ᠱᠠᠯᠠᠪᠳᠠᠨ ᠬᠠᠪᠰᠤᠷᠴᠤ ᠨᠠᠶᠢᠳᠠᠪᠤᠷᠢᠵᠢᠭᠤᠯᠬᠤ᠂ ᠰᠢᠯᠭᠠᠨ ᠦᠨᠡᠯᠡᠬᠦ ᠵᠡᠷᠭᠡ | ᠲᠣᠭᠲᠠᠴᠠ ᠶᠢ ᠰᠢᠯᠢᠳᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠡᠷᠡᠰ ᠪᠡᠶᠡᠯᠡᠭᠦᠯᠦᠨ᠎ᠡ᠃ ᠠᠵᠢᠭᠯᠠᠨ ᠰᠡᠳᠬᠢᠵᠦ ᠰᠢᠢᠳᠪᠦᠷᠢᠯᠡᠬᠦ | ᠰᠡᠳᠬᠢᠬᠦᠢ ᠪᠠᠨ ᠴᠢᠩᠭᠠᠷᠠᠭᠤᠯᠵᠤ᠂ ᠬᠦᠴᠢᠷ ᠲᠤᠯᠭᠠᠷᠠᠪᠠᠯ ᠲᠤᠭᠤᠯᠤᠨ ᠳᠠᠪᠠᠵᠤ᠂ ᠠᠮᠵᠢᠯᠲᠠ ᠣᠯᠬᠤ ᠪᠠᠷ ᠠᠷᠭ᠎ᠠ ᠰᠠᠮᠪᠠᠭ᠎ᠠ ᠰᠦᠪᠡᠭᠴᠢᠯᠡᠨ᠎ᠡ︔ ᠲᠡᠷᠢᠭᠦᠨ ᠳᠤ ᠨᠢ | ᠣᠷᠤᠬᠤ ᠤᠬᠠᠮᠰᠠᠷ ᠢᠶᠠᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠬᠢᠵᠦ᠂ ᠲᠡᠷᠢᠭᠦᠯᠡᠬᠦ ᠪᠠᠷ ᠴᠢᠷᠮᠠᠶᠢᠨ ᠰᠢᠯᠢᠳᠡᠭ ᠢ ᠪᠦᠲᠦᠭᠡᠵᠦ᠂ ᠵᠣᠷᠢᠭ ᠢᠶᠠᠨ ᠬᠦᠪᠴᠢᠯᠡᠨ | ᠴᠢᠨᠠᠷ ᠠᠰᠢᠭ ᠢ ᠳᠡᠭᠡᠭᠰᠢᠯᠡᠭᠦᠯᠬᠦ ᠳᠦᠭᠦᠷᠡᠩ ᠢᠳᠡᠭᠡᠯ ᠢᠶᠠᠷ ᠠᠵᠢᠯ ᠦᠢᠯᠡᠰ ᠴᠣᠭᠴᠠᠯᠠᠬᠤ ︽ᠬᠤᠷᠳᠤᠴᠠ︾ ᠪᠠᠨ ᠲᠦᠷᠭᠡᠳᠬᠡᠵᠦ᠂ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃ | ᠲᠥᠯᠥᠭᠡᠯᠡᠭᠴᠢᠳ ᠡ︕ ᠪᠦᠯᠬᠦᠮᠳᠡᠯ ᠪᠣᠯ ᠬᠦᠴᠦᠨ ᠮᠦᠨ᠂ ᠰᠢᠷᠭᠠᠭᠤ ᠲᠡᠮᠡᠴᠡᠪᠡᠯ ᠰᠠᠶ᠋ᠢ ᠭᠡᠷᠡᠯ ᠰᠠᠴᠤᠷᠠᠩᠭᠤᠢ ᠦᠢᠯᠡᠰ ᠢ ᠪᠦᠲᠦᠭᠡᠵᠦ ᠴᠢᠳᠠᠨ᠎ᠠ᠃ | ᠪᠢᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠣᠮᠤᠭ ᠵᠤᠷᠢᠭ | ᠪᠠᠳᠠᠷᠠᠩᠭᠤᠢ ᠪᠠᠷ ᠡᠷᠡᠮᠡᠬᠡᠶᠢᠯᠡᠨ ᠴᠢᠷᠮᠠᠶᠢᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠬᠥᠯᠥᠨ ᠪᠦᠢᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | | ᠳᠠᠭᠠᠯᠳᠤᠭᠤᠯᠤᠯ᠄ 1. ᠬᠦᠯᠦᠨ ᠪᠤᠶᠢᠷ ᠬᠤᠲᠠ ᠶᠢᠨ 2023 ᠣᠨ ᠳᠠᠬᠢ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠤᠨ 46 ᠲᠥᠷᠥᠯ ᠵᠦᠢᠯ | ᠵᠢᠴᠢ ᠲᠦᠷᠦᠭᠦᠯᠡᠨ ᠬᠠᠷᠢᠭᠤᠴᠠᠬᠤ ᠨᠢᠭᠡᠴᠢ | 2. ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠦᠷᠢ | | |