ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2024/1/1
ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠬᠥᠯᠥᠨ ᠪᠤᠶᠢᠷ ᠬᠤᠲᠠ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠳᠤ᠄         ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠠᠯᠬᠤᠮ ᠴᠢᠨᠠᠭᠰᠢᠳᠠ ᠳᠡᠭᠡᠭᠰᠢᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠠᠬᠢ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ ᠰᠢᠯᠢᠳᠡᠭᠵᠢᠬᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠢ ᠲᠥᠯᠥᠪᠯᠡᠬᠦ ᠬᠠᠮᠢᠶ᠎ᠠ ᠪᠦᠬᠦᠢ ᠠᠵᠢᠯ ᠢ ᠲᠠᠰᠤᠷᠠᠯᠲᠠ ᠦᠭᠡᠢ ᠠᠬᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨᠲᠦ ᠲᠥᠷᠥᠭᠳᠡᠯ ᠢ ᠬᠦᠴᠦᠯᠡᠨ ᠳᠡᠭᠡᠭᠰᠢᠯᠡᠭᠦᠯᠦᠨ᠎ᠡ᠃ ᠡᠲᠦᠭᠡ ᠡᠮᠴᠢᠯᠡᠭᠡᠨ ᠤ ᠳᠠᠭᠠᠳᠬᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠳᠣᠣᠷᠠᠬᠢ ᠮᠡᠲᠦ ᠮᠡᠳᠡᠭᠳᠡᠶ᠎ᠡ᠄         ᠨᠢᠭᠡ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠴᠢ ᠰᠦᠢᠳᠬᠡᠯ ᠲᠤᠰᠢᠶᠠᠬᠤ ᠨᠣᠷᠮ᠎ᠠ ᠶᠢ ᠪᠠᠭᠤᠷᠠᠭᠤᠯᠤᠨ᠎ᠠ         ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠬᠡᠨ ᠤ ᠳᠠᠭᠠᠳᠬᠠᠯ ᠤᠨ ᠨᠢᠭᠡᠴᠢ ᠰᠦᠢᠳᠬᠡᠯ ᠲᠤᠰᠢᠶᠠᠬᠤ ᠨᠣᠷᠮ᠎ᠠ ᠶᠢ 8.4% ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠪᠠᠶᠢᠭᠰᠠᠨ ᠠᠴᠠ 7.5% ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠪᠣᠯᠭᠠᠨ ᠪᠠᠭᠤᠷᠠᠭᠤᠯᠤᠨ᠎ᠠ᠂ ᠲᠤᠬᠠᠶᠢᠯᠠᠪᠠᠯ ᠬᠥᠮᠥᠨ ᠬᠡᠷᠡᠭᠯᠡᠬᠦ ᠨᠢᠭᠡᠴᠢ ᠨᠢ ᠲᠦᠷᠦᠭᠦᠤ ᠵᠢᠯ ᠤᠨ ᠲᠣᠰ ᠨᠢᠭᠡᠴᠢ ᠶᠢᠨ ᠠᠵᠢᠯᠲᠠᠨ ᠠᠵᠢᠯᠴᠢᠨ ᠤ ᠴᠠᠯᠢᠩ ᠤᠨ ᠶᠡᠷᠦᠩᠬᠡᠢ ᠲᠣᠭᠠᠨ ᠤ 7.5% ︵ᠦᠷᠡᠵᠢᠯ ᠤᠨ ᠳᠠᠭᠠᠳᠬᠠᠯ ᠢ ᠪᠠᠭᠲᠠᠭᠠᠨ᠎ᠠ︶ ᠪᠠᠷ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠤᠰᠢᠶᠠᠨ᠎ᠠ᠃         ᠬᠤᠶᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠬᠤ ᠵᠠᠷᠤᠴᠠᠭᠤᠯᠭ᠎ᠠ ᠶᠢᠨ ᠬᠠᠷᠢᠴᠠᠯ ᠢ ᠳᠡᠭᠡᠭᠰᠢᠯᠡᠬᠦᠯᠦᠨ᠎ᠡ         ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠰᠠᠭᠤᠬᠤ ᠵᠠᠷᠤᠴᠠᠭᠤᠯᠭ᠎ᠠ ᠶᠢᠨ ᠬᠠᠷᠢᠴᠠᠯ ᠢ 65% ᠪᠤᠯᠭᠠᠨ ᠲᠤᠬᠢᠷᠠᠭᠤᠯᠪᠠ᠃         ᠭᠤᠷᠪᠠ᠂ ᠠᠵᠢᠯᠲᠠᠨ ᠠᠵᠢᠯᠴᠢᠨ ᠤ ᠦᠷᠡᠵᠢᠯ ᠤᠨ ᠳᠠᠭᠠᠳᠬᠠᠯ ᠤᠨ ᠤᠯᠭᠤᠮᠵᠢ ᠶᠢ ᠳᠡᠭᠡᠭᠰᠢᠯᠡᠭᠦᠯᠦᠨ᠎ᠡ         ︵ᠨᠢᠭᠡ︶ ᠬᠥᠩᠭᠡᠵᠢᠵᠦ ᠡᠮᠨᠡᠯᠭᠡ ᠳᠤ ᠰᠠᠭᠤᠬᠤ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠥᠩᠭᠡᠵᠢᠬᠦ᠂ ᠣᠷᠤᠭ ᠤᠨᠠᠭᠠᠬᠤ᠂ ᠦᠷᠡᠵᠢᠬᠦ ᠶᠢ ᠬᠢᠵᠠᠭᠠᠷᠯᠠᠬᠤ ᠪᠤᠶᠤ ᠦᠷᠡᠵᠢᠬᠦ ᠶᠢ ᠵᠣᠭᠰᠤᠭᠠᠬᠤ ᠮᠡᠰᠡ ᠵᠠᠰᠠᠯ ᠠᠴᠠ ᠪᠣᠯᠵᠤ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ᠂ ᠬᠠᠷᠠᠭᠠᠯᠵᠠᠯ ᠤᠨ ᠡᠬᠢᠯᠡᠵᠦ ᠲᠥᠯᠥᠬᠦ ᠬᠢᠵᠠᠭᠠᠷ ᠲᠤᠬᠢᠷᠠᠭᠤᠯᠬᠤ ᠦᠭᠡᠢ᠂ ᠦᠨᠳᠦᠰᠦᠨ ᠡᠮᠴᠢᠯᠡᠬᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠪᠣᠳᠠᠲᠠᠢ ᠪᠠᠶᠢᠳᠠᠯ ᠢ ᠦᠨᠳᠦᠰᠦᠯᠡᠨ ᠲᠥᠯᠥᠨ᠎ᠡ᠃         ︵ᠬᠤᠶᠠᠷ︶ ᠡᠭᠦᠳᠡᠨ ᠡᠮᠨᠡᠯᠭᠡ᠃ ᠨᠢᠭᠡ ᠳᠤ ᠡᠮᠡᠭᠲᠡᠢ ᠠᠵᠢᠯᠲᠠᠨ ᠠᠵᠢᠯᠴᠢᠨ ᠤ ᠵᠢᠷᠮᠦᠰᠦᠨ ᠬᠤᠭᠤᠴᠠᠭ᠎ᠠ᠂ ᠬᠥᠩᠭᠡᠵᠢᠬᠦ ᠬᠤᠭᠤᠴᠠᠭ᠎ᠠ᠂ ᠬᠤᠴᠢᠯᠭ᠎ᠠ ᠶᠢᠨ ᠬᠤᠭᠤᠴᠠᠭᠠᠨ ᠳᠤ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠭᠦᠳᠡᠨ ᠡᠮᠨᠡᠯᠭᠡ ᠶᠢᠨ ᠦᠷᠡᠵᠢᠯ ᠤᠨ ᠪᠠᠶᠢᠴᠠᠭᠠᠯᠲᠠ ᠶᠢᠨ ᠵᠠᠷᠤᠳᠠᠯ ᠳᠤ ᠬᠠᠷᠠᠭᠠᠯᠵᠠᠯ ᠤᠨ ᠡᠬᠢᠯᠡᠵᠦ ᠲᠥᠯᠥᠬᠦ ᠱᠤᠭᠤᠮ ᠪᠠ ᠳᠡᠭᠡᠳᠦ ᠬᠢᠵᠠᠭᠠᠷ ᠭᠠᠷᠭᠠᠬᠤ ᠦᠭᠡᠢ᠂ ᠦᠨᠳᠦᠰᠦᠨ ᠡᠮᠴᠢᠯᠡᠬᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠪᠣᠳᠠᠲᠠᠢ ᠪᠠᠶᠢᠳᠠᠯ ᠢ ᠦᠨᠳᠦᠰᠦᠯᠡᠨ ᠲᠥᠯᠥᠨ᠎ᠡ᠃ ᠬᠤᠶᠠᠷ ᠲᠤ ᠡᠭᠦᠳᠡᠨ ᠡᠮᠨᠡᠯᠭᠡ ᠳᠤ ᠤᠷᠤᠭ ᠤᠨᠠᠭᠠᠭᠰᠠᠨ ᠪᠤᠶᠤ ᠦᠷᠡᠵᠢᠬᠦ ᠶᠢ ᠬᠢᠵᠠᠭᠠᠷᠯᠠᠬᠤ ᠮᠡᠰᠡ ᠵᠠᠰᠠᠯ ᠬᠢᠭᠰᠡᠨ ᠪᠠᠶᠢᠪᠠᠯ᠂ ᠬᠠᠷᠠᠭᠠᠯᠵᠠᠯ ᠤᠨ ᠡᠬᠢᠯᠡᠵᠦ ᠲᠥᠯᠥᠬᠦ ᠱᠤᠭᠤᠮ ᠭᠠᠷᠭᠠᠬᠤ ᠦᠭᠡᠢ᠂ ᠡᠮᠴᠢᠯᠡᠭᠡᠨ ᠤ ᠳᠠᠭᠠᠳᠬᠠᠯ ᠤᠨ ᠲᠦᠷᠦ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠴᠢᠯᠡᠬᠡᠨ ᠤ ᠵᠠᠷᠤᠳᠠᠯ ᠤᠨ ᠲᠥᠯᠥᠬᠦ ᠳᠡᠭᠡᠳᠦ ᠬᠢᠵᠠᠭᠠᠷ ᠨᠢ 2000 ᠲᠥᠭᠦᠷᠢᠭ ᠪᠣᠯᠣᠨ᠎ᠠ᠂ ᠬᠢᠵᠠᠭᠠᠷᠯᠠᠭᠰᠠᠨ ᠲᠣᠭᠠᠨ ᠠᠴᠠ ᠬᠡᠲᠦᠷᠡᠭᠰᠡᠨ ᠢ ᠲᠦᠯᠦᠬᠦ ᠦᠭᠡᠢ᠂ ᠬᠢᠵᠠᠭᠠᠷᠯᠠᠭᠰᠠᠨ ᠲᠣᠭᠠᠨ ᠤ ᠳᠣᠲᠣᠷ᠎ᠠ ᠪᠣᠳᠠᠲᠠᠢ ᠪᠠᠷ ᠲᠦᠯᠦᠨ᠎ᠡ᠃ ᠭᠤᠷᠪᠠ ᠳᠤ ᠡᠭᠦᠳᠡᠨ ᠡᠮᠨᠡᠯᠭᠡ ᠳᠤ ᠵᠢᠷᠮᠦᠰᠦᠯᠡᠬᠦ ᠶᠢ ᠵᠣᠭᠰᠤᠭᠠᠬᠤ ᠮᠡᠰᠡ ᠵᠠᠰᠠᠯ ᠬᠢᠭᠰᠡᠨ ᠪᠠᠶᠢᠪᠠᠯ᠂ ᠬᠠᠷᠠᠭᠠᠯᠵᠠᠯ ᠤᠨ ᠡᠬᠢᠯᠡᠵᠦ ᠲᠥᠯᠥᠬᠦ ᠱᠤᠭᠤᠮ ᠭᠠᠷᠭᠠᠬᠤ ᠦᠭᠡᠢ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠤᠨ ᠲᠥᠯᠥᠬᠦ ᠳᠡᠭᠡᠳᠦ ᠬᠢᠵᠠᠭᠠᠷ ᠨᠢ 2500 ᠲᠥᠭᠦᠷᠢᠭ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠢ ᠲᠦᠯᠦᠬᠦ ᠦᠭᠡᠢ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠢ ᠪᠠᠶᠢᠳᠠᠯ ᠢ ᠦᠨᠳᠦᠰᠦᠯᠡᠨ ᠲᠥᠯᠥᠨ᠎ᠡ᠃         ︵ᠭᠤᠷᠪᠠ︶ ᠡᠮᠡᠭᠲᠡᠢ ᠠᠵᠢᠯᠲᠠᠨ ᠠᠵᠢᠯᠴᠢᠨ ᠤ ᠦᠷᠡᠵᠢᠯ ᠤᠨ ᠨᠡᠮᠡᠭᠦᠷᠢ ᠮᠥᠩᠭᠦ᠃ ᠬᠥᠮᠥᠨ ᠬᠡᠷᠡᠭᠯᠡᠬᠦ ᠨᠢᠭᠡᠴᠢ ᠲᠣᠭᠲᠠᠭᠠᠯ ᠶᠣᠰᠣᠭᠠᠷ ᠡᠳ᠋ ᠤᠨ ᠵᠠᠰᠠᠭ ᠤᠨ ᠪᠦᠬᠦ ᠲᠤᠭᠠᠨ ᠤ ᠪᠤᠰᠤ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠳᠤ ᠦᠷᠡᠵᠢᠯ ᠤᠨ ᠳᠠᠭᠠᠳᠬᠠᠯ ᠢ ᠵᠠᠯᠭᠠᠭ᠎ᠠ ᠪᠠᠷ ᠪᠦᠬᠦᠯᠢ ᠨᠢᠭᠡ ᠵᠢᠯ ᠲᠤᠰᠢᠶᠠᠬᠤ ᠶᠢᠨ ᠬᠠᠮᠲᠤ ᠦᠷᠭᠦᠯᠵᠢᠯᠡᠨ ᠰᠦᠢᠳᠬᠡᠯ ᠲᠤᠰᠢᠶᠠᠪᠠᠯ᠂ ᠬᠥᠮᠥᠨ ᠬᠡᠷᠡᠭᠯᠡᠬᠦ ᠨᠢᠭᠡᠴᠢ ᠶᠢᠨ ᠲᠦᠷᠦᠭᠦᠤ ᠵᠢᠯ ᠤᠨ ᠨᠢᠭᠡᠴᠡ ᠶᠢᠨ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠰᠦᠢᠳᠬᠡᠯ ᠲᠤᠰᠢᠶᠠᠬᠤ ᠰᠠᠭᠤᠷᠢ ᠲᠤᠭ᠎ᠠ ᠪᠠᠷ ᠪᠠᠷᠢᠮᠵᠢᠶ᠎ᠠ ᠪᠣᠯᠭᠠᠵᠤ᠂ ︽ᠦᠷᠡᠵᠢᠯ ᠤᠨ ᠳᠠᠭᠠᠳᠬᠠᠯ ᠪᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹2019︺ 10 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠷᠡᠵᠢᠯ ᠤᠨ ᠨᠡᠮᠡᠭᠦᠷᠢ ᠥᠭᠬᠦ ᠬᠤᠭᠤᠴᠠᠭ᠎ᠠ ᠶᠢ ︽ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠣᠨᠴᠠᠭᠠᠶ ᠲᠣᠭᠲᠠᠭᠠᠯ︾ ᠶᠤᠰᠤᠭᠠᠷ ᠬᠥᠩᠭᠡᠵᠢᠯᠲᠡ ᠶᠢᠨ ᠴᠢᠯᠦᠭᠡᠨ ᠤ ᠬᠤᠭᠤᠴᠠᠭ᠎ᠠ ᠪᠠᠷ ᠪᠤᠳᠤᠵᠤ ᠣᠯᠭᠤᠨ᠎ᠠ᠃         ︵ᠳᠥᠷᠪᠡ︶ ᠡᠷᠡᠭᠲᠡᠢ ᠠᠵᠢᠯᠲᠠᠨ ᠠᠵᠢᠯᠴᠢᠨ ᠤ ᠰᠤᠪᠢᠯᠠᠯᠲᠠ ᠶᠢᠨ ᠴᠢᠯᠦᠭᠡᠨ ᠤ ᠨᠡᠮᠡᠭᠦᠷᠢ ᠮᠥᠩᠭᠦ᠃ ᠡᠳ᠋ ᠤᠨ ᠵᠠᠰᠠᠭ ᠤᠨ ᠪᠥᠬᠦ ᠲᠤᠭ᠎ᠠ ᠪᠤᠰᠤ ᠪᠠᠷ ᠠᠰᠠᠷᠠᠨ ᠲᠡᠵᠢᠭᠡᠬᠦ ᠡᠷᠡᠭᠲᠡᠢ ᠠᠵᠢᠯᠲᠠᠨ ᠠᠵᠢᠯᠴᠢᠨ ᠤ ᠬᠤᠯᠪᠣᠰᠤ ᠨᠢ ᠬᠥᠩᠭᠡᠵᠢᠬᠦ ᠬᠤᠭᠤᠴᠠᠭᠠᠨ ᠳᠤ᠂ ᠡᠷᠡᠭᠲᠡᠢ ᠠᠵᠢᠯᠲᠠᠨ ᠠᠵᠢᠯᠴᠢᠨ ᠤ ᠬᠥᠮᠥᠨ ᠬᠡᠷᠡᠭᠯᠡᠬᠦ ᠨᠢᠭᠡᠴᠢ ᠶᠢᠨ ᠲᠦᠷᠦᠬᠦᠦ ᠵᠢᠯ ᠤᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠲᠤᠰᠢᠶᠠᠬᠤ ᠰᠦᠢᠳᠬᠡᠯ ᠤᠨ ᠵᠣᠭᠤᠰ ᠤᠨ ᠲᠤᠭ᠎ᠠ ᠪᠠᠷ ᠰᠠᠭᠤᠷᠢ ᠲᠤᠭ᠎ᠠ ᠪᠣᠯᠭᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ 15 ᠡᠳᠦᠷ ᠤᠨ ᠰᠤᠪᠢᠯᠠᠯᠲᠠ ᠶᠢᠨ ᠴᠢᠯᠦᠭᠡᠨ ᠤ ᠨᠡᠮᠡᠭᠦᠷᠢ ᠮᠥᠩᠭᠦ ᠥᠭᠭᠦᠨ᠎ᠡ᠃         ᠳᠥᠷᠪᠡ᠂ ᠬᠤᠯᠪᠣᠭᠳᠠᠯ ᠪᠦᠬᠦᠢ ᠠᠩᠬᠠᠷᠬᠤ ᠵᠦᠢᠯ         ︵ᠨᠢᠭᠡ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠶᠠᠪᠤᠭᠳᠠᠯ ᠤᠨ ᠪᠠᠶᠢᠳᠠᠯ ᠢ ᠦᠵᠡᠵᠦ᠂ ᠨᠢᠭᠡᠴᠢ ᠶᠢᠨ ᠰᠦᠢᠳᠬᠡᠯ ᠲᠤᠰᠢᠶᠠᠬᠤ ᠨᠣᠷᠮ᠎ᠠ ᠵᠢᠴᠢ ᠲᠠᠩᠰᠠ ᠲᠠᠶᠢᠯᠬᠤ ᠣᠯᠭᠤᠮᠵᠢ ᠶᠢᠨ ᠪᠠᠷᠢᠮᠵᠢᠶ᠎ᠠ ᠶᠢ ᠴᠠᠭ ᠲᠤᠨᠢ ᠲᠣᠬᠢᠷᠠᠭᠤᠯᠤᠨ ᠬᠥᠳᠡᠯᠦᠩᠭᠦᠢ ᠪᠠᠷ ᠲᠣᠬᠢᠷᠠᠭᠤᠯᠤᠨ᠎ᠠ᠃         ︵ᠬᠤᠶᠠᠷ︶ ᠲᠣᠰ ᠮᠡᠳᠡᠭᠳᠡᠯ ᠢ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠡᠷᠪᠡ ᠰᠢᠰᠲ᠋ᠧᠮ ᠤᠨ ᠳ᠋ᠦᠩᠨᠡᠨ ᠰᠢᠯᠵᠢᠭᠦᠯᠵᠦ ᠲᠤᠷᠰᠢᠨ ᠲᠣᠬᠢᠷᠠᠭᠤᠯᠬᠤ ᠲᠤᠬᠢᠶᠠᠯᠳᠤᠪᠠᠯ᠂ ᠡᠳᠦᠷ ᠬᠤᠭᠤᠴᠠᠭ᠎ᠠ ᠶᠢ ᠬᠤᠶᠢᠰᠢᠯᠠᠭᠤᠯᠤᠨ᠎ᠠ᠃ ᠡᠮᠦᠨᠡᠬᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ  ᠨᠢ ᠲᠣᠰ ᠮᠡᠳᠡᠭᠳᠡᠯ ᠲᠠᠢ ᠨᠡᠶᠢᠴᠡᠬᠦ ᠦᠭᠡᠢ ᠪᠠᠶᠢᠪᠠᠯ᠂ ᠲᠣᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ ᠬᠡᠷᠪᠡ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠣᠬᠢᠶᠠᠯᠳᠤᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃                                                        2023 ᠣᠨ ᠤ 12 ᠰᠠᠷ᠎ᠠ ᠶᠢᠨ 29 ᠤ ᠡᠳᠦᠷ         ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ