ᠬᠥᠯᠥᠨ ᠪᠤᠶᠢᠷ ᠬᠤᠲᠠ ︽ᠡᠷᠭᠦᠨ᠎ᠡ ᠭᠤᠣᠯ ᠤᠨ ᠪᠠᠷᠠᠭᠤᠨ ᠡᠷᠭᠢ︾ IP ᠲᠠᠢ ᠪᠣᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/10/11
        ᠬᠥᠯᠥᠨ ᠪᠤᠶᠢᠷ ᠬᠤᠲᠠ ︽ᠡᠷᠭᠦᠨ᠎ᠡ ᠭᠤᠣᠯ ᠤᠨ ᠪᠠᠷᠠᠭᠤᠨ ᠡᠷᠭᠢ︾ IP ᠲᠠᠢ ᠪᠣᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠪᠡ᠃ ᠨᠢᠭᠡ ᠳᠤ᠂ 6000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠡᠶᠢᠭᠡᠮ ᠤᠨ ᠪᠡᠯᠡ ᠮᠥᠩᠭᠦ ᠶᠢ 5 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠣᠯᠭᠤᠶᠠ ᠶᠢᠨ ᠦᠵᠡᠮᠵᠢ ᠶᠢᠨ ᠣᠷᠣᠨ ᠤ ᠰᠠᠭᠤᠷᠢ ᠪᠡᠯᠡᠳᠭᠡᠮᠵᠢ ᠶᠢ ᠲᠡᠭᠦᠯᠳᠡᠷᠵᠢᠭᠦᠯᠦᠨ᠂ ᠠᠷᠠᠳ ᠤᠨ ᠵᠠᠩ ᠦᠢᠯᠡ ᠶᠢᠨ ᠡᠯᠧᠮᠧᠨ᠋ᠲ ᠤᠨ ᠭᠤᠣᠯ ᠰᠡᠳᠦᠪᠲᠦ ᠪᠠᠭᠤᠳᠠᠯ᠂ ᠬᠡᠭᠡᠷᠡᠯᠡᠨ ᠪᠠᠭᠤᠳᠠᠯᠯᠠᠬᠤ ᠭᠠᠵᠠᠷ ᠪᠠ ᠠᠷᠠᠳ ᠤᠨ ᠭᠡᠷ ᠪᠠᠭᠤᠳᠠᠯ ᠢ ᠪᠣᠶ ᠪᠣᠯᠭᠠᠪᠠ︔ ᠪᠤᠭᠤ ᠲᠠᠢ ᠡᠸᠡᠩᠬᠢ ᠵᠠᠩ ᠦᠢᠯᠡ ᠶᠢᠨ ᠰᠤᠳᠤᠯᠭᠠᠨ ᠤ ᠪᠦᠲᠦᠭᠡᠭᠳᠡᠬᠦᠨ ᠢ ᠡᠭᠦᠳᠴᠦ᠂ ︽ᠡᠷᠭᠦᠨ᠎ᠡ ᠭᠤᠣᠯ ᠤᠨ ᠪᠠᠷᠠᠭᠤᠨ ᠡᠷᠭᠢ︾ ᠳᠠᠬᠢ 2 ᠡᠳᠦᠷ ᠤᠨ ᠵᠢᠭᠤᠯᠴᠢᠯᠠᠯ ᠤᠨ ᠵᠠᠮ ᠱᠤᠭᠤᠮ ᠢ ᠨᠡᠬᠡᠬᠡᠪᠡ᠃ ᠬᠤᠶᠠᠷ ᠲᠤ᠂ ᠰᠢᠨ᠎ᠡ ᠵᠠᠭᠤᠴᠢᠯᠠᠭᠤᠷ ᠤᠨ ︽ᠣᠯᠭᠤᠶᠠ ᠡᠭᠦᠯᠡ︾  ᠡᠯᠧᠺᠲᠷᠣᠨ ᠬᠤᠳᠠᠯᠳᠤᠭᠠᠨ ᠤ ᠲᠠᠪᠴᠠᠩ ᠢ ᠪᠠᠶᠢᠭᠤᠯᠵᠤ᠂ ︽ᠡᠷᠭᠦᠨ᠎ᠡ ᠭᠤᠣᠯ ᠤᠨ ᠪᠠᠷᠠᠭᠤᠨ ᠡᠷᠭᠢ︾ ᠭᠤᠣᠯ ᠰᠡᠳᠦᠪᠲᠦ ᠰᠢᠭᠤᠳ ᠨᠡᠪᠲᠡᠷᠡᠭᠦᠯᠭᠡ᠂ ᠣᠬᠤᠷ ᠸᠢᠳᠢᠤ᠋ ᠵᠡᠷᠭᠡ 2 ᠲᠣᠮᠣ ᠤᠬᠠᠭᠤᠯᠭ᠎ᠠ ᠶᠢᠨ ᠰᠤᠪᠠᠭ ᠫᠷᠣᠭ᠍ᠷᠠᠮ ᠢ ᠭᠠᠷᠭᠠᠵᠤ᠂ ︽ᠡᠷᠭᠦᠨ᠎ᠡ ᠭᠤᠣᠯ ᠤᠨ ᠪᠠᠷᠠᠭᠤᠨ ᠡᠷᠭᠢ︾ ᠬᠡᠮᠡᠬᠦ ᠷᠣᠮᠠᠨ ᠤ ᠪᠤᠭᠤ ᠲᠠᠢ ᠡᠸᠡᠩᠬᠢ ᠦᠨᠳᠦᠰᠦᠲᠡᠨ ᠤ ᠠᠮᠢᠳᠤᠷᠠᠯ ᠤᠨ ᠪᠠᠶᠢᠳᠠᠯ ᠢ ᠳᠠᠬᠢᠨᠲᠠ ᠢᠯᠡᠷᠡᠭᠦᠯᠦᠭᠰᠡᠨ ᠪᠠᠶᠢᠨ᠎ᠠ᠃ ᠣᠳᠣᠬᠠᠨ ᠪᠣᠯᠲᠠᠯ᠎ᠠ᠂ ︽ᠣᠯᠭᠤᠶᠠ ᠡᠭᠦᠯᠡ︾ ᠨᠢ ᠨᠡᠶᠢᠲᠡ ᠸᠢᠳᠢᠣ᠋ ᠪᠦᠲᠦᠭᠡᠯ ᠢ 840 ᠭᠠᠷᠭᠠᠵᠤ᠂ ᠸᠢᠳᠢᠣ᠋ ᠳᠤ ᠢᠯᠡᠷᠡᠭᠰᠡᠨ ᠲᠤᠭ᠎ᠠ ᠨᠢ 1.3 ᠳ᠋ᠦᠩᠰᠢᠭᠤᠷ ᠢ ᠳᠠᠪᠠᠪᠠ᠂ 106 ᠤᠳᠠᠭ᠎ᠠ ᠶᠢᠨ ᠰᠢᠭᠤᠳ ᠨᠡᠪᠲᠡᠷᠡᠭᠦᠯᠭᠡ ᠶᠢ ᠬᠢᠵᠦ᠂ ᠤᠳᠠᠭ᠎ᠠ ᠪᠦᠷᠢ ᠶᠢᠨ ᠰᠣᠨᠢᠷᠬᠠᠭᠰᠠᠨ ᠬᠥᠮᠥᠨ ᠤ ᠲᠤᠭ᠎ᠠ 5000 ᠬᠥᠮᠥᠨ ᠤᠳᠠᠭ᠎ᠠ ᠶᠢ ᠳᠠᠪᠠᠪᠠ᠃ ᠭᠤᠷᠪᠠ ᠳᠤ᠂ ︽ᠡᠷᠭᠦᠨ᠎ᠡ ᠭᠤᠣᠯ ᠤᠨ ᠪᠠᠷᠠᠭᠤᠨ ᠡᠷᠭᠢ︾ ᠶᠢᠨ ᠥᠯᠢᠭᠡᠷ ᠢᠶᠠᠷ ᠭᠤᠣᠯ ᠰᠢᠵᠢᠮᠯᠡᠵᠦ᠂ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠵᠢᠴᠢ ᠪᠦᠲᠦᠭᠡᠭᠳᠡᠬᠦᠨ ᠢ ᠪᠥᠬᠦ ᠲᠠᠯ᠎ᠠ ᠪᠠᠷ ᠲᠥᠯᠥᠪᠵᠢᠭᠦᠯᠵᠦ᠂ ︽ᠡᠷᠭᠦᠨ᠎ᠡ ᠭᠤᠣᠯ ᠤᠨ ᠪᠠᠷᠠᠭᠤᠨ ᠡᠷᠭᠢ︾ ᠯᠦᠭᠡ ᠭᠠᠷᠴᠠᠭ ᠪᠠ ᠠᠭᠤᠯᠭ᠎ᠠ ᠨᠢ ᠢᠵᠢᠯᠬᠡᠨ ᠲᠣᠮᠣ ᠬᠡᠯᠪᠡᠷᠢ ᠶᠢᠨ ᠰᠣᠶᠣᠯ ᠤᠨ IP ᠳᠠᠭᠤᠤ ᠬᠥᠭᠵᠢᠮᠲᠦ ᠵᠦᠴᠦᠭᠡ ᠶᠢ ᠵᠣᠬᠢᠶᠠᠨ ᠪᠦᠲᠦᠭᠡᠵᠦ ᠭᠠᠷᠭᠠᠭᠠᠳ᠂ ᠥᠨᠥ ᠨᠢᠭᠡᠨᠲᠡ ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠴᠣᠭᠴᠠᠯᠠᠭᠰᠠᠨ ᠭᠤᠣᠯᠳᠠᠯᠭ᠎ᠠ ᠪᠣᠯᠬᠤ ᠲᠥᠷᠥᠯ ᠵᠦᠢᠯ ᠤᠨ ᠬᠥᠮᠥᠷᠭᠡ ᠳᠤ ᠣᠷᠣᠭᠤᠯᠤᠭᠰᠠᠨ ᠪᠠᠶᠢᠨ᠎ᠠ᠃ ︵ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ︶   
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ