10 ᠰᠠᠷ᠎ᠠ ᠶᠢᠨ 11 ᠤ ᠡᠳᠦᠷ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ᠂ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠭᠦ ᠤᠯᠤᠰ ᠤᠨ | ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠣᠲᠣᠭᠠᠳᠤ ᠶᠢ | ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠰᠦᠨ ᠱᠤᠤ ᠴᠧᠩ ᠶᠠᠷᠢᠶᠠᠨ ᠳᠠᠭᠠᠨ ᠥᠩᠭᠡᠷᠡᠭᠰᠡᠨ ᠲᠠᠪᠤᠨ ᠵᠢᠯ ᠤᠨ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠯᠣᠭᠰᠠᠨ | ᠠᠮᠵᠢᠯᠲᠠ ᠶᠢ ᠭᠦᠢᠴᠡᠳ ᠨᠤᠲᠠᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠪᠦᠭᠦ | ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠣᠨ ᠥᠷᠭᠡᠨ ᠤᠯᠠᠨ ᠠᠷᠠᠳ ᠤᠨ ᠴᠠᠭᠳᠠᠭ᠎ᠠ ᠳᠤ ᠡᠷᠬᠢᠮ ᠳᠡᠭᠡᠳᠦ ᠬᠦᠨᠳᠦᠳᠬᠡᠯ | ᠳᠡᠪᠰᠢᠭᠦᠯᠪᠡ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠳᠣᠲᠣᠭᠠᠳᠤ ᠶᠢ ᠬᠠᠮᠠᠭᠠᠯᠠᠬᠤ | ᠠᠵᠢᠯ ᠤᠨ ᠲᠣᠭᠤᠷᠢᠨ ᠳᠤ ᠠᠯᠢ ᠤᠯᠠᠨ ᠴᠢᠬᠤᠯᠠ ᠥᠭᠦᠯᠡᠯᠲᠡ ᠬᠢᠵᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ | ᠦᠨᠳᠦᠰᠦᠨ ᠵᠢᠷᠤᠮᠯᠠᠯ ᠬᠠᠩᠭᠠᠪᠠ᠂ ᠪᠢᠳᠡ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠣᠳᠣᠬᠠᠨ ᠳᠤ᠂ ᠣᠷᠣᠨ | ᠳᠠᠶᠠᠭᠠᠷ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠵᠤ ᠪᠤᠢ᠃ ᠡᠯ᠎ᠡ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ | ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠳᠡᠭᠡᠳᠦ ᠬᠡᠮᠵᠢᠶᠡᠨ ᠤ ᠤᠬᠠᠮᠰᠠᠷ ᠢᠶᠠᠷ ᠳᠣᠲᠣᠭᠠᠳᠤ ᠶᠢ | ᠬᠠᠮᠠᠭᠠᠯᠠᠬᠤ ᠠᠵᠢᠯ ᠢ ᠪᠦᠭᠦ ᠤᠯᠤᠰ ᠪᠣᠯᠣᠨ ᠪᠦᠭᠦ ᠣᠷᠣᠨ ᠤ ᠶᠡᠭᠡ ᠲᠠᠯ᠎ᠠ ᠳᠤ ᠲᠠᠯᠪᠢᠵᠤ ᠤᠬᠠᠭᠠᠯᠠᠨ ᠲᠥᠯᠥᠪᠯᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠲᠥᠷᠥ ᠪᠠᠷ | ᠴᠠᠭᠳᠠᠭ᠎ᠠ ᠪᠠᠨ ᠪᠠᠶᠢᠭᠤᠯᠬᠤ᠂ ᠥᠭᠡᠷᠡᠴᠢᠯᠡᠯᠲᠡ ᠪᠠᠷ ᠴᠠᠭᠳᠠᠭ᠎ᠠ ᠪᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠪᠠᠨ | ᠮᠠᠨᠳᠤᠭᠤᠯᠬᠤ᠂ ᠴᠠᠭᠳᠠᠭ᠎ᠠ ᠶᠢ ᠴᠢᠩᠭ᠎ᠠ ᠵᠠᠰᠠᠬᠤ᠂ ᠴᠠᠭᠳᠠᠭ᠎ᠠ ᠶᠢ ᠰᠠᠶᠢᠲᠤᠷ ᠬᠠᠷᠠᠭᠠᠯᠵᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠳᠤ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠶ | ᠪᠣᠯᠭᠠᠨ ᠥᠭᠬᠦ ᠬᠡᠷᠡᠭᠲᠡᠢ ᠭᠡᠵᠡᠢ᠃ | ᠰᠦᠨ ᠱᠤᠤ ᠴᠧᠩ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠭᠤᠣᠯ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠭᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠶᠢ ᠪᠠᠲᠤᠯᠠᠨ | ᠬᠠᠮᠠᠭᠠᠯᠠᠬᠤ ᠬᠡᠷᠡᠭᠲᠡᠢ᠃ ᠤᠯᠤᠰ ᠲᠥᠷᠥ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠡᠯ᠎ᠡ ᠵᠦᠢᠯ ᠤᠨ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ | ᠬᠢᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ | ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠰᠡᠷᠭᠡᠶᠢᠯᠡᠨ ᠰᠢᠢᠳᠪᠦᠷᠢᠯᠡᠬᠦ ᠶᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠪᠠᠶᠢᠳᠠᠯ ᠢ ᠪᠦᠭᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠬᠢᠬᠠᠨ ᠮᠡᠬᠡᠯᠡᠬᠦ ᠶᠢ ᠡᠰᠡᠷᠭᠦᠴᠡᠬᠦ | ᠠᠵᠢᠯ ᠢ ᠪᠣᠳᠠᠲᠠᠢ ᠨᠠᠷᠢᠯᠢᠭ ᠬᠢᠵᠦ᠂ ︽ᠴᠣᠬᠢᠯᠲᠠ ᠥᠭᠬᠦ ᠪᠠ ᠰᠡᠷᠭᠡᠶᠢᠯᠡᠬᠦ ᠶᠢ ᠤᠶᠠᠯᠳᠤᠭᠤᠯᠬᠤ︾ ᠪᠠᠷ ᠳᠠᠮᠵᠢᠨ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ | ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠯ᠎ᠡ ᠲᠥᠷᠥᠯ ᠤᠨ | ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠲᠠᠷᠢᠶᠠᠨ ᠭᠠᠵᠠᠷ ᠢ ᠬᠠᠤᠯᠢ | ᠪᠤᠰᠤ ᠪᠠᠷ ᠡᠵᠡᠯᠡᠨ ᠬᠡᠷᠡᠭᠯᠡᠬᠦ ᠪᠠ ᠡᠪᠳᠡᠬᠦ᠂ ᠣᠶ ᠰᠢᠭᠤᠢ ᠶᠢ ᠡᠪᠳᠡᠨ ᠠᠲᠠᠷ ᠬᠠᠭᠠᠯᠪᠤᠷᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ | ᠵᠠᠯᠬᠠᠭᠠᠨ ᠰᠢᠢᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ ᠭᠡᠪᠡ᠃ | ᠰᠦᠨ ᠱᠤᠤ ᠴᠧᠩ᠂ ᠲᠥᠪ ᠭᠤᠣᠯᠴᠢ ᠰᠢᠳᠤᠷᠭᠤ ᠶᠣᠰᠣ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠮᠢᠨ ᠰᠤᠳᠠᠰᠤ | ᠮᠥᠨ᠂ ᠴᠢᠩᠭ᠎ᠠ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠶᠢ ᠪᠣᠳᠠᠲᠠᠢ ᠪᠥᠭᠡᠳ ᠭᠦᠨᠵᠡᠭᠡᠢ ᠨᠠᠶᠢᠳᠠᠪᠤᠷᠢᠵᠢᠭᠤᠯᠵᠤ᠂ | ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢ ᠪᠠᠷ ᠵᠠᠰᠠᠬᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠠᠶᠢᠭᠤᠯᠭ᠎ᠠ ᠶᠢᠨ ᠰᠤᠷᠲᠠᠯ ᠢ | ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ ᠠᠴᠠ ᠭᠠᠷᠳᠠᠵᠤ᠂ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ ᠶᠢ ᠶᠡᠭᠡ ᠪᠠᠷ ᠠᠬᠢᠭᠤᠯᠵᠤ᠂ | ᠤᠯᠠᠨ ᠲᠦᠮᠡᠨ ᠳᠤ ︽ᠵᠢᠵᠢᠭ ᠭᠡᠷᠴᠢᠶᠡᠭᠡᠰᠤ︾ ᠠᠴᠠ ︽ᠶᠡᠭᠡ ᠬᠤᠪᠢᠷᠠᠯᠲᠠ︾ ᠶᠢ ᠮᠡᠳᠡᠷᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠴᠠᠭᠳᠠᠭ᠎ᠠ ᠶᠢ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠣᠶᠤᠨᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ | ᠲᠦᠪᠰᠢᠨ ᠢ ᠲᠦᠷᠭᠡᠳᠬᠡᠨ ᠳᠡᠭᠡᠭᠰᠢᠯᠡᠭᠦᠯᠭᠦ ᠬᠡᠷᠡᠭᠲᠡᠢ᠃ ᠬᠠᠶᠢᠷᠠᠯᠠᠵᠤ ᠬᠠᠯᠠᠮᠵᠢᠯᠠᠬᠤ ᠪᠠ ᠴᠢᠩᠭ᠎ᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ ᠤᠨ | ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠡᠷᠬᠡ ᠠᠰᠢᠭ ᠢ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠺᠠᠳ᠋ᠷ ᠴᠠᠭᠳᠠᠭ᠎ᠠ ᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠᠷ ᠪᠠᠷᠠᠬᠤ ᠦᠭᠡᠢ ᠪᠠᠰᠠ ᠪᠦᠭᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠣᠯᠣᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ | ᠰᠢᠯᠭᠠᠷᠠᠭᠰᠠᠨ ᠳᠣᠲᠣᠭᠠᠳᠤ ᠶᠢ ᠬᠠᠮᠠᠭᠠᠯᠠᠬᠤ ᠪᠦᠭᠦᠨ ᠢ ᠢᠯᠠᠭᠴᠢ ᠴᠡᠷᠢᠭ ᠢ ᠬᠦᠴᠦᠯᠡᠨ ᠳᠠᠪᠲᠠᠨ ᠪᠤᠯᠪᠠᠰᠤᠷᠠᠭᠤᠯᠬᠤ ᠬᠡᠷᠡᠭᠲᠡᠢ ᠭᠡᠪᠡ᠃ | ᠰᠦᠨ ᠱᠤᠤ ᠴᠧᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠣᠲᠣᠭᠠᠳᠤ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠴᠠᠭᠳᠠᠭ᠎ᠠ ᠳᠤ ᠬᠠᠷᠠᠭᠠᠯᠵᠠᠯ ᠦᠵᠡᠭᠦᠯᠭᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠠᠢ | ᠠᠰᠠᠭᠤᠳᠠᠯ ᠢ ᠢᠳᠡᠪᠬᠢᠲᠡᠢ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠠᠵᠢᠯ ᠢ ᠪᠠᠲᠤᠯᠠᠬᠤ ᠶᠢ ᠪᠦᠭᠦ ᠬᠦᠴᠦᠨ ᠢᠶᠠᠷ ᠢᠶᠠᠨ ᠵᠢᠯᠣᠭᠤᠳᠤᠨ ᠳᠡᠮᠵᠢᠵᠦ᠂ ᠡᠯ᠎ᠡ ᠬᠤᠯᠪᠣᠭᠳᠠᠯ ᠪᠦᠬᠦᠢ | ᠲᠠᠯ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠠᠵᠢᠯ ᠢᠶᠠᠨ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ | ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃ | ᠵᠧᠩ ᠭᠤᠸᠠᠩ ᠵᠣᠣ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠦᠨᠳᠦᠰᠦᠨ | ᠠᠭᠤᠯᠤᠭᠳᠠᠬᠤᠨ ᠢ ᠭᠦᠨᠵᠡᠭᠡᠢ ᠡᠵᠡᠮᠰᠢᠵᠦ᠂ ︽ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠯ︾ ᠪᠣᠯᠣᠨ ︽ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠭᠦᠨᠵᠡᠭᠡᠢ | ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠵᠢᠴᠢ ᠡᠭᠦᠷᠭᠡ ᠶᠢᠨ ᠬᠤᠪᠢᠶᠠᠷᠢᠯᠠᠯ︾ ᠤᠨ ᠲᠣᠭᠤᠷᠢᠨ ᠳᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠪᠦᠭᠦ ᠤᠯᠤᠰ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠡᠯ᠎ᠡ | ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠴᠢᠨᠠᠷ ᠤᠨ ᠳᠣᠲᠣᠭᠠᠳᠤ ᠶᠢ ᠬᠠᠮᠠᠭᠠᠯᠠᠬᠤ ᠲᠠᠶᠢᠴᠢᠨ ᠬᠦᠴᠦᠨ ᠢ ᠲᠦᠷᠭᠡᠪᠴᠢᠯᠡᠨ ᠪᠤᠢ ᠪᠤᠯᠭᠠᠵᠤ | ᠬᠥᠭᠵᠢᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠢᠯᠡᠳᠬᠡᠪᠡ᠃ | ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠣᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ | ᠲᠠᠯᠠᠪᠠᠢ ᠲᠣᠬᠢᠷᠠᠭᠤᠯᠪᠠ᠃ |