ᠨᠢᠭᠡ ᠳᠤ᠂ ᠮᠥᠰᠥ ᠴᠠᠰᠤᠨ ᠤ ᠤᠷᠤᠯᠳᠤᠭᠠᠨ ᠤ ᠨᠡᠷᠡᠲᠦ ᠲᠡᠮᠳᠡᠭ ᠢ ᠡᠭᠦᠳᠦᠨ᠎ᠡ᠃ 11 ᠳ᠋ᠦ᠋ᠭᠡᠷ ᠰᠠᠷ᠎ᠠ ᠠᠴᠠ ᠡᠬᠢᠯᠡᠨ ᠡᠪᠦᠯ ᠤᠨ ᠤᠯᠠᠷᠢᠯ ᠤᠨ | ᠪᠠᠭᠠᠲᠤᠷ ᠤᠨ ᠴᠤᠭᠯᠠᠭᠠᠨ ᠤ ᠭᠤᠤᠯᠳᠠᠯᠭ᠎ᠠ ᠪᠣᠯᠬᠤ ᠤᠷᠤᠯᠳᠤᠭᠠᠨ ᠤ 16 ᠠᠵᠢᠯᠯᠠᠭ᠎ᠠ ᠶᠢ ᠵᠠᠯᠭᠠᠭ᠎ᠠ ᠪᠠᠷ ᠡᠷᠬᠢᠯᠡᠵᠦ᠂ ︽ᠮᠥᠰᠥ ᠴᠠᠰᠤᠨ ᠤ ᠨᠠᠭᠠᠳᠤᠮ ᠢᠶᠠᠷ | ᠠᠷᠠᠳ ᠲᠤ ᠠᠰᠢᠭ ᠬᠦᠷᠲᠡᠭᠡᠬᠦ︾ ᠰᠢᠷᠢᠰ ᠠᠵᠢᠯᠯᠠᠭ᠎ᠠ ᠶᠢ 35 ᠵᠦᠢᠯ᠂ ᠮᠥᠰᠥ ᠴᠠᠰᠤᠨ ᠤ ᠲᠥᠷᠥᠯ ᠤᠨ ᠤᠷᠤᠯᠳᠤᠭᠠᠨ ᠤ ᠠᠵᠢᠯᠯᠠᠭ᠎ᠠ ᠶᠢ 300 ᠭᠠᠷᠤᠶ | ᠤᠳᠠᠭ᠎ᠠ ᠥᠷᠨᠢᠭᠦᠯᠬᠦ ᠪᠠᠷ ᠲᠥᠯᠥᠪᠯᠡᠵᠦ ᠪᠠᠶᠢᠨ᠎ᠠ︔ ︽ᠠᠶ᠎ᠠ ᠳᠠᠭᠤᠤ ᠲᠠᠢ ᠵᠢᠭᠤᠯᠴᠢᠯᠠᠬᠤ ᠥᠪᠥᠷ ᠮᠣᠩᠭᠤᠯ · ᠬᠥᠯᠥᠨ ᠪᠤᠶᠢᠷ ᠤᠨ ᠲᠠᠯ᠎ᠠ ᠨᠤᠲᠤᠭ ᠤᠨ ᠳᠠᠭᠤᠤ | ᠬᠥᠭᠵᠢᠮ ᠤᠨ ᠦᠳᠡᠰᠢᠯᠡᠭᠡ︾ ᠶᠢᠨ ᠰᠣᠶᠣᠯ ᠤᠨ IP ᠵᠢᠭᠰᠠᠭᠠᠯ ᠢ ᠡᠭᠦᠳᠴᠦ᠂ 5 ᠲᠥᠷᠥᠯ ᠤᠨ ᠳᠠᠭᠤᠤ ᠬᠥᠭᠵᠢᠮ ᠤᠨ ᠴᠤᠭᠯᠠᠭᠠᠨ ᠤ ᠭᠤᠣᠯ ᠰᠡᠳᠦᠪᠲᠦ | ᠠᠵᠢᠯᠯᠠᠭ᠎ᠠ ᠶᠢ ᠦᠷᠨᠢᠭᠦᠯᠦᠨ᠎ᠡ᠃ ᠬᠤᠶᠠᠷ ᠲᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠦᠲᠦᠭᠡᠭᠳᠡᠬᠦᠨ ᠢ | ᠪᠠᠶᠠᠯᠢᠭᠵᠢᠭᠤᠯᠤᠨ᠎ᠠ᠃ ᠮᠥᠰᠥᠨ ᠳᠤ ᠲᠡᠰᠢᠬᠦ᠂ ᠴᠠᠰᠤᠨ ᠳᠤ ᠭᠤᠯᠭᠤᠬᠤ ᠵᠡᠷᠭᠡ ᠲᠠᠯᠠᠪᠤᠷ ᠭᠠᠵᠠᠷ ᠤᠨ ᠡᠬᠢ ᠪᠠᠶᠠᠯᠢᠭ ᠲᠤ ᠪᠠᠨ ᠲᠦᠰᠢᠭᠯᠡᠨ᠂ ᠴᠠᠰᠤᠨ ᠳᠤ | ᠭᠤᠯᠭᠤᠵᠤ ᠠᠮᠠᠷᠠᠯᠲᠠ ᠪᠠᠨ ᠦᠩᠭᠡᠷᠡᠭᠦᠯᠬᠦ᠂ ᠴᠠᠰᠦ ᠲᠠᠢ ᠭᠠᠵᠠᠷ ᠲᠤ ᠮᠠᠰᠢᠨ ᠲᠡᠷᠭᠡ ᠲᠤᠷᠰᠢᠨ ᠵᠢᠯᠣᠭᠤᠳᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ | ᠪᠣᠯᠭᠠᠨ᠎ᠠ︔ ᠠᠮᠲᠠᠲᠤ ᠢᠳᠡᠭᠡᠨ ᠪᠠ ᠠᠷᠠᠳ ᠤᠨ ᠵᠠᠩ ᠦᠢᠯᠡ ᠶᠢ ᠪᠡᠶᠡᠴᠢᠯᠡᠨ ᠣᠶᠢᠯᠠᠭᠠᠬᠤ ᠵᠢᠭᠤᠯᠴᠢᠯᠠᠯ ᠢ ᠶᠡᠭᠡ ᠪᠠᠷ ᠨᠡᠭᠡᠭᠡᠨ ᠬᠥᠭᠵᠢᠭᠦᠯᠵᠦ᠂ ᠡᠪᠦᠯ ᠤᠨ | ᠤᠯᠠᠷᠢᠯ ᠤᠨ ᠵᠢᠭᠤᠯᠴᠢᠯᠠᠯ ᠤᠨ 10 ᠵᠠᠮ ᠱᠤᠭᠤᠮ᠂ ᠵᠢᠭᠤᠯᠴᠢᠯᠠᠯ ᠤᠨ 10 ᠵᠢᠷᠤᠭ ᠰᠡᠭᠦᠳᠡᠷᠯᠡᠬᠦ ᠰᠠᠭᠤᠷᠢᠨ ᠭᠠᠵᠠᠷ ᠢ ᠭᠠᠷᠭᠠᠵᠤ᠂ ᠭᠡᠭᠡᠨ ᠭᠤᠣᠯ ᠳᠠᠬᠢ | ᠬᠦᠢᠲᠡᠨ ᠤ ᠲᠦᠢᠯ ᠪᠣᠯᠬᠤ ᠲᠣᠰᠬᠤᠨ ᠵᠡᠷᠭᠡ ᠣᠨᠴᠠᠯᠢᠭᠲᠤ ᠠᠷᠠᠳ ᠤᠨ ᠭᠡᠷ ᠪᠠᠭᠤᠳᠠᠯ ᠤᠨ ᠪᠡᠶᠡᠴᠢᠯᠡᠨ ᠤᠶᠢᠯᠠᠭᠠᠬᠤ ᠶᠢ ᠴᠤᠭᠴᠠᠯᠠᠨ᠎ᠠ᠃ ᠭᠤᠷᠪᠠ ᠳᠤ᠂ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ G331᠂ | G10᠂ G332᠂ S204 ᠵᠠᠮ ᠱᠤᠭᠤᠮ ᠳᠠᠭᠠᠤ ᠶᠢᠨ ᠤᠮᠠᠷᠠᠲᠤ ᠬᠢᠯᠢ ᠶᠢᠨ ᠰᠣᠶᠣᠯ ᠵᠢᠭᠤᠯᠴᠢᠯᠠᠯ ᠤᠨ 11 e ᠥᠷᠲᠡᠭᠡ ᠳᠤ ᠭᠦᠸᠧᠯᠦ ᠨᠡᠮᠡᠵᠦ | ᠪᠠᠶᠢᠭᠤᠯᠬᠤ ᠪᠠ ᠳᠤᠯᠠᠭᠠᠯᠠᠭ᠎ᠠ ᠶᠢ ᠬᠠᠮᠠᠭᠠᠯᠠᠨ ᠬᠥᠯᠳᠡᠬᠦ ᠶᠢ ᠰᠡᠷᠭᠡᠶᠢᠯᠡᠬᠦ ᠪᠠᠷ ᠦᠭᠡᠷᠡᠴᠢᠯᠡᠨ ᠪᠠᠶᠢᠭᠤᠯᠬᠤ ᠶᠢ ᠪᠡᠶᠡᠯᠡᠭᠦᠯᠵᠦ᠂ ᠪᠥᠬᠦ ᠤᠯᠠᠷᠢᠯ ᠢᠶᠠᠷ ᠡᠵᠡᠩᠨᠡᠵᠦ | ᠪᠣᠯᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ︔ ᠥᠭᠡᠷᠡᠴᠢᠯᠡᠨ ᠨᠡᠭᠡᠭᠡᠬᠦ ᠲᠠᠯ᠎ᠠ ᠪᠠᠷ ᠤᠯᠠᠷᠢᠯ ᠤᠨ ᠴᠢᠨᠠᠷᠲᠠᠶ᠂ ᠠᠷᠠᠳ ᠲᠤ ᠳᠥᠭᠦᠮ ᠦᠵᠡᠭᠦᠯᠬᠦ᠂ ᠵᠤᠭ᠎ᠠ | ᠴᠡᠩᠭᠡᠯ ᠤᠨ ᠴᠢᠨᠠᠷᠲᠠᠶ ᠪᠠᠶᠢᠭᠠᠯᠢᠯᠢᠭ ᠮᠦᠰᠦᠨ ᠳᠤ ᠲᠠᠰᠢᠬᠦ ᠲᠠᠯᠠᠪᠤᠷ ᠪᠠ ᠴᠠᠰᠤᠨ ᠳᠤ ᠨᠠᠭᠠᠳᠬᠤ ᠲᠠᠯᠠᠪᠤᠷ ᠢ 120 ᠪᠠᠶᠢᠭᠤᠯᠵᠤ᠂ ᠵᠤᠬᠢᠬᠤ ᠪᠠᠭᠠᠵᠢ ᠬᠡᠷᠡᠭᠰᠡᠯ ᠪᠠ | ᠦᠢᠯᠡᠴᠢᠯᠡᠭᠡᠨ ᠤ ᠪᠡᠯᠡᠳᠭᠡᠮᠵᠢ ᠶᠢ ᠲᠣᠬᠢᠷᠠᠭᠤᠯᠵᠤ᠂ ᠵᠤᠭᠠᠴᠠᠭᠰᠠᠳ ᠤᠨ ᠪᠡᠶᠡᠴᠢᠯᠡᠨ ᠤᠶᠢᠯᠠᠭᠠᠬᠤ ᠳᠤ ᠬᠠᠨᠤᠮᠵᠢᠲᠠᠢ ᠪᠣᠯᠭᠠᠨ᠎ᠠ᠃ ︵ᠬᠦᠯᠦᠨ ᠪᠤᠶᠢᠷ ᠬᠤᠳᠠ ᠶᠢᠨ | ᠵᠠᠰᠠᠭ ᠤᠨ ᠤᠷᠳᠤᠨ︶ | |