ᠤᠶᠢᠷ᠎ᠠ ᠳᠤ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠦᠪᠦᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠬᠳᠠᠭᠠᠨ ᠤ ᠶᠠᠪᠤᠳᠠᠯ ᠤᠨ ᠲᠤᠰᠠᠯᠠᠬᠤ ᠠᠵᠢᠯᠳᠠᠨ ᠤ ᠲᠦᠷᠢᠮ︾ | ︵ᠲᠤᠷᠤᠬᠰᠢ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠬᠡᠵᠦ ᠲᠦᠬᠦᠮᠴᠢᠯᠡᠨ᠎ᠡ︶ ᠳᠤ ᠵᠠᠰᠠᠪᠤᠷᠢ ᠤᠷᠤᠭᠤᠯᠵᠤ᠂ ᠲᠤᠰ ︽ᠲᠦᠷᠢᠮ︾ ᠢ 2024 | ᠤᠨ ᠤ 9 ᠰᠠᠷ᠎ᠠ ᠶᠢᠨ 1 ᠠᠴᠠ ᠡᠬᠢᠯᠡᠨ ᠬᠡᠷᠡᠭᠵᠢᠬᠦᠯᠦᠨ᠎ᠡ᠃ | ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠳᠤ ᠨᠡᠶᠢᠳᠡ 7 ᠪᠦᠯᠦᠭ᠂ 47 ᠵᠦᠢᠯ ᠲᠠᠢ᠃ 2021 ᠤᠨ ᠤ ᠤᠤᠯ ᠤᠨ ︽ᠲᠦᠷᠢᠮ︾ ᠲᠠᠢ | ᠠᠳᠠᠯᠢᠳᠬᠠᠪᠠᠯ᠂ 6 ᠵᠦᠢᠯ ᠰᠢᠨ᠎ᠡ ᠪᠠᠷ ᠨᠡᠮᠡᠭᠳᠡᠨ᠂ 20 ᠵᠦᠢᠯ ᠳᠤ ᠵᠠᠰᠠᠪᠤᠷᠢ ᠤᠷᠤᠭᠤᠯᠵᠤ᠂ 1 ᠵᠦᠢᠯ ᠢ ᠬᠠᠰᠤᠵᠠᠢ᠃ ᠬᠢᠯᠠᠰ ᠴᠡᠭ ᠨᠢ ᠭᠤᠤᠯᠳᠠᠭᠤ 5 | ᠲᠠᠯ᠎ᠠ ᠪᠠᠷ ᠢᠯᠡᠷᠡᠵᠦ ᠪᠠᠶᠢᠨ᠎ᠠ᠃ | ᠵᠠᠰᠠᠬ ᠤᠨ ᠤᠷᠳᠤᠨ ᠤ ᠬᠠᠷᠢᠭᠤᠴᠠᠯᠭ᠎ᠠ ᠶᠢ ᠤᠯᠠᠮ ᠴᠢᠨᠠᠬᠰᠢᠳᠠ ᠪᠤᠳᠠᠳᠠᠶᠢᠵᠢᠭᠤᠯᠤᠨ ᠴᠢᠩᠭᠠᠳᠬᠠᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠳᠦᠷᠢᠮ︾ ᠤᠨ ᠳᠥᠷᠪᠡᠳᠦᠭᠡᠷ ᠵᠦᠢᠯ ᠳᠤ ︽ᠲᠤᠰᠠᠯᠠᠬᠤ ᠴᠠᠭᠳᠠᠭ᠎ᠠ ᠶᠢᠨ ᠬᠠᠮᠢᠶᠠᠷᠤᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ | ᠰᠢᠵᠢᠮ ᠪᠣᠯᠭᠠᠵᠤ᠂ ᠵᠢᠷᠤᠮᠵᠢᠯ ᠲᠠᠢ ᠬᠠᠮᠢᠶᠠᠷᠬᠤ᠂ ᠡᠷᠬᠡ ᠬᠠᠷᠢᠭᠤᠴᠠᠯᠭ᠎ᠠ ᠲᠣᠳᠣᠷᠬᠠᠢ᠂ ᠴᠢᠩᠭ᠎ᠠ ᠬᠢᠨᠠᠯᠲᠠ ᠲᠠᠯᠪᠢᠬᠤ᠂ ᠵᠣᠬᠢᠰᠲᠠᠢ ᠪᠠᠲᠤᠯᠠᠬᠤ ᠵᠠᠷᠴᠢᠮ ᠢ | ᠵᠢᠷᠤᠮᠯᠠᠬᠤ ᠬᠡᠷᠡᠭᠲᠡᠢ︾ ᠬᠡᠵᠦ ᠲᠤᠬᠳᠠᠭᠠᠵᠠᠢ᠃ | ᠬᠦᠮᠦᠨ ᠬᠡᠷᠡᠭᠯᠡᠬᠦ ᠲᠤᠭ᠎ᠠ ᠬᠡᠮᠵᠢᠶ᠎ᠡ ᠶᠢ ᠲᠡᠰ ᠳᠡᠪᠰᠢᠬᠦᠯᠦᠨ ᠬᠠᠮᠢᠶᠠᠷᠴᠠᠢ᠃ | ᠲᠤᠰᠠᠯᠠᠬᠤ ᠴᠠᠬᠳᠠᠭ᠎ᠠ ᠶᠢᠨ ᠡᠩᠨᠡᠬᠡᠨ ᠳᠤ ᠤᠷᠤᠬᠤ ᠪᠠᠷᠢᠮᠵᠢᠶ᠎ᠠ ᠶᠢ ᠦᠨᠳᠦᠷ ᠪᠤᠯᠭᠠᠵᠠᠢ᠃ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠳᠤ | ︽ᠲᠤᠰᠠᠯᠠᠬᠤ ᠴᠠᠬᠳᠠᠭ᠎ᠠ ᠪᠤᠯᠬᠤ ᠳᠤ ᠵᠠᠪᠠᠯ ᠰᠢᠯᠭᠠᠭᠤᠯᠬᠤ ᠠᠷᠭ᠎ᠠ ᠶᠢ ᠠᠪᠴᠤ᠂ ᠠᠵᠢᠯᠳᠠᠨ ᠡᠯᠰᠡᠬᠦ ᠪᠠᠷᠢᠮᠵᠢᠶ᠎ᠠ ᠪᠤᠯᠤᠨ ᠵᠢᠷᠤᠮ ᠢ ᠨᠢᠬᠡᠳᠦᠯᠵᠢᠬᠦᠯᠦᠨ᠂ ᠰᠤᠩᠭᠤᠨ | ᠠᠪᠴᠤ ᠬᠡᠷᠡᠭᠯᠡᠬᠦ ᠶᠢ ᠴᠢᠩᠭᠠᠳᠬᠠᠨ᠂ ᠨᠡᠶᠢᠬᠡᠮ ᠤᠨ ᠬᠢᠨᠠᠯᠳᠠ ᠶᠢ ᠬᠦᠯᠢᠶᠡᠨ᠎ᠡ︾ ᠬᠡᠵᠦ ᠨᠡᠮᠡᠨ ᠲᠤᠬᠳᠠᠭᠠᠵᠠᠢ᠃ ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠪᠠ | ᠤᠯᠭᠤᠮᠵᠢ ᠬᠦᠷᠳᠡᠬᠡᠮᠵᠢ ᠶᠢ ᠨᠡᠩ ᠪᠠᠳᠤᠯᠠᠭ᠎ᠠ ᠲᠠᠢ ᠪᠤᠯᠭᠠᠵᠠᠢ᠃ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠳᠤ ︽ᠠᠶᠢᠮᠠᠬ ᠤᠨ ᠵᠠᠬᠢᠷᠭ᠎ᠠ᠂ | ᠬᠠᠷᠢᠶᠠᠳᠤ ᠤᠷᠤᠨ ᠲᠤᠬᠢᠷᠠᠭᠤᠯᠤᠬᠰᠠᠨ ᠬᠤᠳᠠ ᠪᠤᠯᠤᠨ ᠬᠤᠰᠢᠭᠤ ᠰᠢᠶᠠᠨ ᠤ ᠲᠡᠰ ᠤᠨ ᠠᠷᠠᠳ ᠤᠨ ᠵᠠᠰᠠᠬ ᠤᠨ ᠤᠷᠳᠤᠨ ᠲᠤᠰᠠᠯᠠᠬᠤ ᠴᠠᠬᠳᠠᠭ᠎ᠠ ᠶᠢᠨ ᠴᠠᠯᠢᠩ | ᠬᠦᠯᠦᠰᠦ ᠪᠠ ᠤᠯᠭᠤᠮᠵᠢ ᠬᠦᠷᠳᠡᠬᠡᠮᠵᠢ ᠶᠢᠨ ᠲᠦᠷᠢᠮ ᠶᠤᠰᠤᠭᠠᠷ ᠲᠤᠰ ᠭᠠᠵᠠᠷ ᠤᠷᠤᠨ ᠤ ᠲᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠳᠠᠨ ᠤ | ᠲᠤᠮᠳᠠᠴᠢ ᠴᠠᠯᠢᠩ ᠤᠨ ᠲᠦᠪᠰᠢᠨ ᠢᠶᠠᠷ ᠯᠠᠪᠯᠠᠯᠳᠠ ᠪᠤᠯᠭᠠᠵᠦ᠂ ᠲᠤᠰ ᠭᠠᠵᠠᠷ ᠤᠷᠤᠨ ᠤ ᠲᠤᠰᠠᠯᠠᠬᠤ ᠴᠠᠬᠳᠠᠭ᠎ᠠ ᠶᠢᠨ ᠴᠠᠯᠢᠩ ᠬᠦᠯᠦᠰᠦ ᠶᠢᠨ ᠪᠤᠳᠠᠳᠠᠢ | ᠪᠠᠷᠢᠮᠵᠢᠶ᠎ᠠ ᠶᠢ ᠬᠢᠨᠠᠨ ᠲᠤᠬᠳᠠᠭᠠᠵᠤ᠂ ᠡᠭᠦᠨ ᠤ ᠬᠠᠮᠳᠦ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠠᠶᠢᠳᠠᠯ᠂ ᠡᠳ᠋ ᠤᠨ ᠵᠠᠰᠠᠬ ᠤᠨ ᠨᠡᠮᠡᠭᠳᠡᠯ ᠤᠨ ᠪᠠᠶᠢᠳᠠᠯ | ᠵᠡᠷᠬᠡ ᠪᠠᠶᠢᠳᠠᠯ ᠢ ᠦᠨᠳᠦᠰᠦᠯᠡᠨ᠂ ᠬᠦᠳᠡᠯᠦᠩᠬᠦᠢ ᠪᠠᠷ ᠲᠤᠬᠢᠷᠠᠭᠤᠯᠬᠤ ᠲᠤᠬᠳᠠᠴᠠ ᠶᠢ ᠪᠠᠶᠢᠭᠤᠯᠪᠠᠯ ᠵᠤᠬᠢᠨ᠎ᠠ︾ ᠬᠡᠵᠦ ᠲᠤᠬᠳᠠᠭᠠᠵᠠᠢ᠃ | ᠲᠤᠰᠠᠯᠠᠬᠤ ᠴᠠᠬᠳᠠᠭ᠎ᠠ ᠶᠢᠨ ᠲᠤᠰᠢᠶᠠᠯ ᠢᠶᠠᠨ ᠬᠦᠢᠴᠡᠳᠬᠡᠬᠦ ᠶᠢ ᠴᠢᠩᠭ᠎ᠠ ᠵᠢᠷᠤᠮᠵᠢᠭᠤᠯᠵᠠᠢ᠃ ᠪᠣᠳᠠᠲᠤ ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ᠂ | ᠠᠷᠪᠠᠨ ᠵᠢᠷᠭᠤᠳᠤᠭᠠᠷ ᠵᠦᠢᠯ ᠳᠤ ᠨᠢᠭᠡ ᠵᠦᠢᠯ ᠤᠨ ᠲᠤᠰᠠᠯᠠᠬᠤ ᠴᠠᠭᠳᠠᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠨᠡᠮᠡᠨ ᠤᠷᠤᠭᠤᠯᠵᠠᠢ᠄ ︽ᠲᠤᠰᠠᠯᠠᠬᠤ ᠴᠠᠬᠳᠠᠭ᠎ᠠ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠤᠭᠤᠴᠠᠭᠠᠨ ᠳᠤ ᠲᠣᠭᠲᠠᠭᠠᠯ ᠶᠣᠰᠣᠭᠠᠷ ᠴᠠᠭᠳᠠᠭᠠᠨ ᠳᠤ ᠬᠡᠷᠡᠭᠯᠡᠬᠦ ᠮᠠᠰᠢᠨ ᠲᠡᠷᠬᠡ ᠵᠡᠷᠭᠡ ᠴᠠᠭᠳᠠᠭᠠᠨ ᠳᠤ ᠬᠡᠷᠡᠭᠯᠡᠬᠦ | ᠵᠠᠮ ᠬᠠᠷᠢᠯᠴᠠᠭᠠᠨ ᠤ ᠪᠠᠭᠠᠵᠢ ᠶᠢ ᠵᠢᠯᠤᠭᠤᠳᠴᠤ᠂ ᠴᠠᠭᠳᠠᠭᠠᠨ ᠳᠤ ᠬᠡᠷᠡᠭᠯᠡᠬᠦ ᠮᠠᠰᠢᠨ ᠬᠥᠮᠥᠨ᠂ ᠵᠢᠯᠣᠭᠤᠴᠢ ᠦᠭᠡᠢ ᠨᠢᠰᠬᠡᠯ ᠵᠡᠷᠭᠡ ᠴᠠᠭᠳᠠᠭᠠᠨ ᠳᠤ ᠬᠡᠷᠡᠭᠯᠡᠬᠦ | ᠣᠶᠤᠨᠴᠢ ᠲᠥᠬᠦᠭᠡᠷᠦᠮᠵᠢ ᠶᠢ ᠬᠠᠤᠯᠢ ᠶᠣᠰᠣᠭᠠᠷ ᠡᠵᠡᠮᠳᠡᠵᠦ ᠪᠣᠯᠣᠨ᠎ᠠ︾᠃ | ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠲᠦᠷᠢᠮ︾ ᠤᠨ ᠠᠴᠢ ᠬᠤᠯᠪᠤᠬᠳᠠᠯ ᠪᠤᠯᠤᠨ ᠨᠦᠯᠦᠬᠡ ᠳᠤᠰᠬᠠᠯ᠄ ᠲᠤᠰᠠᠯᠠᠬᠤ ᠴᠠᠬᠳᠠᠭ᠎ᠠ ᠶᠢᠨ ᠡᠩᠨᠡᠬᠡᠨ ᠤ | ᠬᠠᠮᠢᠶᠠᠷᠤᠯᠳᠠ ᠶᠢᠨ ᠦᠷ᠎ᠡ ᠪᠦᠳᠦᠮᠵᠢ ᠪᠠ ᠡᠭᠦᠷᠭᠡ ᠴᠢᠳᠠᠪᠬᠢ ᠶᠢ ᠲᠡᠭᠡᠭᠰᠢᠯᠡᠬᠦᠯᠦᠨ᠎ᠡ︔ ᠲᠤᠰᠠᠯᠠᠬᠤ ᠴᠠᠬᠳᠠᠭ᠎ᠠ ᠶᠢᠨ ᠬᠠᠤᠯᠢ ᠶᠤᠰᠤᠨ ᠤ ᠡᠷᠬᠡ ᠠᠰᠢᠬ ᠢ ᠨᠡᠩ | ᠰᠠᠶᠢᠳᠤᠷ ᠪᠠᠳᠤᠯᠠᠨ᠎ᠠ︔ ᠲᠤᠰᠠᠯᠠᠬᠤ ᠴᠠᠬᠳᠠᠭ᠎ᠠ ᠶᠢᠨ ᠡᠩᠨᠡᠬᠡᠨ ᠤ ᠲᠤᠬᠳᠠᠭᠤᠨ ᠪᠠᠶᠢᠳᠠᠯ ᠢ ᠠᠬᠢᠭᠤᠯᠤᠨ᠎ᠠ᠃ | |