ᠵᠣᠷᠢᠭᠲᠠᠢ ᠪᠠᠷ ᠰᠦᠪᠡᠭᠴᠢᠯᠡᠵᠦ ᠲᠣᠭᠲᠠᠴᠠ ᠶᠢᠨ ᠰᠢᠨ᠎ᠡ ᠶᠢ ᠡᠭᠦᠳᠦᠶ᠎ᠡ
ᠨᠡᠶᠢᠲᠡᠯᠡᠭᠰᠡᠨ ᠴᠠᠭ᠄
2024/10/24
        ᠦᠨᠳᠦᠰᠦᠨ ᠱᠠᠲᠤᠨ ᠳᠤ ᠶᠡᠭᠡ ᠪᠠᠭ᠎ᠠ ᠵᠦᠢᠯ ᠪᠦᠷᠢ ᠶᠢᠨ ᠤᠴᠢᠷ ᠶᠠᠪᠤᠳᠠᠯ ᠭᠠᠷᠳᠠᠬ᠃ ᠪᠠᠰᠠ ᠴᠦ ᠶᠡᠭᠡ ᠬᠡᠮᠵᠢᠶᠡᠨ ᠤ ᠵᠥᠷᠢᠴᠡᠯ ᠵᠠᠭᠤᠷᠠᠯᠳᠤᠭᠠᠨ ᠦᠨᠳᠦᠰᠦᠨ ᠱᠠᠲᠤᠨ ᠠᠴᠠ ᠡᠭᠦᠰᠳᠡᠭ᠃         ᠡᠶᠢᠮᠦ ᠠᠴᠠ ᠦᠨᠳᠦᠰᠦᠨ ᠱᠠᠲᠤᠨ ᠳᠤ ᠠᠪᠴᠤ ᠬᠡᠯᠡᠪᠡᠯ᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠵᠥᠷᠢᠴᠡᠯ ᠮᠦᠷᠭᠦᠯᠳᠦᠭᠡᠨ ᠢ ᠴᠤᠬᠤᠶᠢᠯᠳᠠ ᠶᠢᠨ ᠬᠤᠭᠤᠴᠠᠭᠠᠨ ᠳᠤᠨᠢ ᠠᠷᠢᠯᠭᠠᠬᠤ ᠪᠣᠯ ᠮᠠᠰᠢ ᠬᠦᠴᠢᠷ ᠲᠦᠪᠡᠭᠲᠡᠢ᠂ ᠨᠠᠷᠢᠨ ᠪᠤᠳᠤᠯᠢᠶᠠᠨᠲᠠᠢ ᠠᠰᠠᠭᠤᠳᠠᠯ ᠶᠤᠮ᠃         ᠦᠨᠳᠦᠰᠦᠨ ᠱᠠᠲᠤᠨ ᠤ ᠵᠥᠷᠢᠴᠡᠯ ᠵᠠᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠳᠤ ᠥᠪᠡᠷ ᠢ ᠪᠠᠨ ᠤᠯᠠᠨ ᠲᠦᠮᠡᠨ ᠤ ᠳᠣᠲᠣᠷᠠᠬᠢ ᠨᠢᠭᠡᠨ ᠪᠦᠷᠢᠯᠳᠦᠭᠦᠨ ᠢᠶᠠᠷ ᠦᠵᠡᠵᠦ᠂ ᠤᠯᠠᠨ ᠲᠦᠮᠡᠨ ᠤ ᠶᠠᠪᠤᠳᠠᠯ ᠢ ᠥᠪᠡᠷ ᠤᠨ ᠢᠶᠠᠨ ᠤᠴᠢᠷ ᠶᠠᠪᠤᠳᠠᠯ ᠢᠶᠠᠨ ᠪᠣᠯᠭᠠᠨ ᠦᠵᠡᠵᠦ᠂ ᠤᠯᠠᠨ ᠲᠦᠮᠡᠨ ᠲᠠᠢ ᠤᠶᠢᠷᠠᠳᠴᠤ᠂ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠪᠡᠯ ᠰᠠᠶ᠋ᠢ ᠤᠯᠠᠨ ᠲᠦᠮᠡᠨ ᠤ ᠢᠲᠡᠭᠡᠯ ᠢ ᠣᠯᠵᠤ ᠴᠢᠳᠠᠨ᠎ᠠ᠃ ᠮᠥᠨ ᠴᠦ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠬᠦᠴᠦᠨ ᠢᠶᠠᠨ ᠬᠠᠮᠲᠤᠳᠬᠠᠨ᠂ ᠵᠥᠷᠢᠴᠡᠯ ᠵᠠᠭᠤᠷᠠᠯᠳᠤᠭᠠᠨ ᠤ ᠵᠠᠩᠭᠢᠯᠠᠭ᠎ᠠ ᠶᠢᠨ ᠴᠡᠭ ᠲᠤ ᠴᠢᠭᠯᠡᠭᠦᠯᠦᠨ ᠣᠨᠣᠴᠠᠲᠠᠢ ᠬᠦᠴᠦᠯᠡᠪᠡᠯ ᠰᠠᠶ᠋ᠢ ᠤᠴᠢᠷ ᠶᠠᠪᠤᠳᠠᠯ ᠢ ᠪᠦᠳᠦᠮᠵᠢᠳᠡᠢ ᠰᠢᠢᠳᠪᠦᠷᠢᠯᠡᠵᠦ ᠴᠢᠳᠠᠨ᠎ᠠ᠃         ᠶᠠᠨ ᠱᠠᠨ ᠶᠢᠩ ᠲᠣᠮᠢᠯᠠᠭᠰᠠᠨ ᠰᠠᠯᠪᠤᠷᠢ ᠶᠢᠨ ᠬᠡᠷᠡᠭᠵᠢᠭᠦᠯᠵᠦ ᠪᠠᠶᠢᠭ᠎ᠠ ︽ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ᠂ ᠦᠨᠳᠦᠰᠦᠨ ᠱᠠᠲᠤᠨ ᠤ ᠰᠢᠭᠦᠬᠦ ᠲᠢᠩᠬᠢᠮ︾ ᠤᠨ ᠵᠥᠷᠢᠴᠡᠯ ᠵᠠᠭᠤᠷᠠᠯᠳᠤᠭᠠᠨ ᠢ ᠬᠤᠯᠪᠤᠭᠠᠯᠠᠨ ᠡᠶᠡᠳᠡᠭᠦᠯᠬᠦ ᠲᠣᠭᠲᠠᠴᠠ ᠨᠢ ᠶᠠᠭ ᠡᠶᠢᠮᠦᠷᠬᠦᠦ ᠪᠠᠶᠢᠳᠠᠯ ᠳᠤ ᠴᠢᠭᠯᠡᠭᠦᠯᠦᠭᠰᠡᠨ ᠰᠢᠨ᠎ᠡ ᠶᠢ ᠡᠭᠦᠳᠦᠭᠰᠡᠨ ᠬᠠᠶᠢᠨ ᠰᠦᠪᠡᠭᠴᠢᠯᠡᠯᠲᠡ ᠪᠤᠯᠬᠤ ᠶᠤᠮ᠃ ᠡᠨᠡ ᠬᠦ ᠲᠣᠭᠲᠠᠴᠠ ᠨᠢ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠤᠨ ᠲᠤᠰ ᠲᠤᠰ ᠤᠨ ᠳᠠᠪᠠᠭᠤᠯᠢᠭ ᠢ ᠪᠠᠳᠠᠷᠠᠭᠤᠯᠤᠨ᠂ ᠭᠠᠭᠴᠠᠭᠠᠷ ᠠᠵᠢᠯᠯᠠᠬᠤ ᠠᠴᠠ ᠵᠠᠶᠢᠯᠠᠰᠬᠢᠨ᠂ ᠬᠠᠮᠲᠤᠷᠠᠯ ᠬᠦᠴᠦᠨ ᠢ ᠪᠦᠷᠢᠯᠳᠦᠭᠦᠯᠵᠦ ᠴᠢᠳᠠᠭᠰᠠᠨ ᠠᠴᠠ ᠵᠥᠷᠢᠴᠡᠯ ᠵᠠᠭᠤᠷᠠᠯᠳᠤᠭᠠᠨ ᠢ ᠪᠦᠳᠦᠮᠵᠢᠳᠡᠢ ᠡᠶᠡᠳᠡᠭᠦᠯᠵᠦ ᠴᠢᠳᠠᠵᠠᠢ ; ︽ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠠᠮᠤᠷ ᠲᠦᠪᠰᠢᠨ ᠪᠠᠶᠢᠯᠭᠠᠬᠤ᠂ ᠦᠢᠯᠡᠴᠢᠯᠡᠭᠡ ᠶᠢ ᠰᠠᠭᠠᠲᠠᠭᠠᠬᠤ ᠦᠭᠡᠢ︾ ᠪᠠᠷ ᠬᠠᠷᠠᠯᠲᠠ ᠪᠤᠯᠭᠠᠵᠤ᠂ ᠶᠠᠨ ᠱᠠᠨ ᠶᠢᠩ ᠲᠣᠮᠢᠯᠠᠭᠰᠠᠨ ᠰᠠᠯᠪᠤᠷᠢ ︽ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ︾ ᠤᠨ ᠬᠤᠯᠪᠤᠭᠠᠯᠠᠨ ᠬᠥᠳᠡᠯᠦᠯᠴᠡᠬᠦ᠂ ︽ᠰᠣᠨᠣᠰᠬᠤ᠂ ᠰᠤᠷᠪᠤᠯᠵᠢᠯᠠᠬᠤ᠂ ᠤᠬᠠᠭᠤᠯᠬᠤ᠂ ᠰᠡᠷᠭᠡᠶᠢᠯᠡᠬᠦ᠂ ᠬᠤᠯᠪᠣᠭᠠᠯᠠᠬᠤ᠂ ᠰᠢᠢᠳᠪᠦᠷᠢᠯᠡᠬᠦ︾ ᠵᠡᠷᠭᠡ ᠠᠵᠢᠯ ᠤᠨ ᠲᠣᠭᠲᠠᠴᠠ ᠪᠠ ᠠᠵᠢᠯ ᠤᠨ ᠠᠷᠭ᠎ᠠ ᠶᠢ ᠢᠳᠡᠪᠬᠢᠲᠡᠢ ᠪᠠᠷ ᠰᠢᠨ᠎ᠡ ᠶᠢ ᠡᠭᠦᠳᠦᠨ ᠰᠤᠳᠤᠯᠤᠨ ᠰᠦᠪᠡᠭᠴᠢᠯᠡᠵᠦ᠂ ᠲᠣᠮᠢᠯᠠᠭᠰᠠᠨ ᠰᠠᠯᠪᠤᠷᠢ ᠶᠢᠨ ᠪᠣᠳᠠᠲᠤ ᠬᠦᠴᠦᠨ᠂ ᠠᠮᠢᠵᠢᠷᠠᠯ ᠤᠨ ᠬᠦᠴᠦᠨ᠂ ᠳᠠᠶᠢᠴᠢᠨ ᠬᠦᠴᠦᠨ ᠢ ᠬᠥᠭᠵᠢᠭᠡᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠰᠢᠯᠢᠳᠡᠭᠵᠢᠭᠦᠯᠦᠭᠰᠡᠨ ᠠᠴᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ᠃         ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾  ᠶᠢ ᠪᠠᠷᠢᠮᠲᠠᠯᠠᠨ ᠬᠥᠭᠵᠢᠭᠦᠯᠵᠦ ᠪᠠᠶᠢᠭ᠎ᠠ ᠡᠷᠡᠨ ᠳᠤ᠂ ᠪᠢᠳᠡ ᠴᠠᠭ ᠦᠶ᠎ᠡ ᠶᠢᠨ ᠬᠥᠭᠵᠢᠯᠲᠡ ᠪᠣᠯᠣᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠤᠨᠤᠪᠴᠢᠳᠠᠢ ᠡᠵᠡᠮᠳᠡᠵᠦ᠂ ᠦᠢᠯᠡᠳᠦᠯᠭᠡ ᠶᠢᠨ ᠳᠤᠮᠳᠠ ᠠᠴᠠ ᠲᠠᠰᠤᠷᠠᠯᠲᠠ ᠦᠭᠡᠢ ᠲᠤᠷᠰᠢᠯᠭ᠎ᠠ ᠬᠤᠷᠠᠮᠳᠤᠭᠤᠯᠵᠤ᠂ ᠲᠣᠭᠲᠠᠴᠠ ᠶᠢ ᠲᠡᠭᠦᠯᠳᠡᠷᠵᠢᠭᠦᠯᠦᠨ᠂ ᠦᠢᠯᠡᠴᠢᠯᠡᠭᠡ ᠪᠠᠨ ᠰᠢᠯᠢᠳᠡᠭᠵᠢᠭᠦᠯᠦᠨ᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠠᠷᠢᠯᠭᠠᠪᠠᠯ᠂ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠭᠦ ᠨᠢ ᠯᠠᠪᠲᠠᠢ᠃  
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ