ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠲᠠᠬᠢ ᠠᠷᠪᠢᠯᠠᠨ ᠭᠠᠮᠨᠠᠬᠤ ᠬᠠᠮᠢᠶᠠᠷᠤᠯᠲᠠ ᠶᠢ ᠨᠡᠶᠢᠲᠡᠯᠡᠨ ᠬᠡᠷᠡᠭᠵᠢᠭᠦᠯᠵᠦ ᠣᠷᠣᠨ ᠨᠤᠲᠤᠭ ᠤᠨ | ᠪᠠᠷᠢᠮᠵᠢᠶ᠎ᠠ ᠪᠠ ᠪᠦᠯᠭᠦᠮ ᠤᠨ ᠪᠠᠷᠢᠮᠵᠢᠶ᠎ᠠ ᠶᠢ ᠵᠢᠷᠤᠮᠵᠢᠭᠤᠯᠪᠠ ; ᠤᠰᠤ ᠠᠷᠪᠢᠯᠠᠬᠤ ᠤᠬᠠᠭᠤᠯᠭ᠎ᠠ ᠶᠢᠨ ᠭᠠᠷᠠᠭ᠂ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ | ᠵᠡᠷᠭᠡ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠠ ; ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠥᠷᠨᠢᠭᠦᠯᠵᠦ᠂ ᠢᠳᠡᠭᠡᠨ ᠤᠮᠳᠠᠭᠠᠨ ᠢ | ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠪᠠ ᠁ ᠣᠷᠣᠨ ᠳᠠᠶᠠᠭᠠᠷ ᠢᠶᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠦᠭᠦᠮ ᠪᠥᠭᠡᠳ | ᠲᠣᠬᠢᠷᠠᠮᠵᠢᠲᠠᠢ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠭᠡᠯᠪᠡᠷᠢ ᠶᠢ ᠠᠬᠢᠭᠤᠯᠵᠤ᠂ ᠱᠠᠯᠢᠨ ᠪᠦᠷᠢᠯᠭᠡᠬᠦ ᠪᠠ | ᠬᠡᠲᠦᠷᠡᠲᠡᠯ᠎ᠡ ᠬᠡᠷᠡᠭᠯᠡᠬᠦ ᠶᠢ ᠡᠰᠡᠷᠭᠦᠴᠡᠭᠰᠡᠨ ᠢᠶᠠᠷ ᠠᠷᠪᠢᠯᠠᠨ ᠭᠠᠮᠨᠠᠬᠤ ᠠᠭᠤᠷ ᠠᠮᠢᠰᠬᠤᠯ ᠤᠯᠠᠮ ᠠᠴᠠ ᠤᠯᠠᠮ ᠥᠳᠬᠡᠷᠡᠪᠡ᠃ | ᠠᠷᠪᠢᠯᠠᠬᠤ ᠶᠢ ᠠᠮᠠᠰᠠᠷ ᠠᠴᠠ ᠨᠢ ᠭᠡᠳᠡᠭ᠃ ᠨᠢᠭᠡ ᠭᠡᠷ ᠪᠦᠯᠢ ᠪᠠᠶᠠᠵᠢᠨ ᠴᠢᠨᠡᠭᠡᠯᠢᠭᠵᠢᠶ᠎ᠡ ᠭᠡᠪᠡᠯ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠵᠤ᠂ | ᠠᠵᠢᠯᠴᠢ ᠠᠷᠪᠢᠴᠢ ᠪᠠᠷ ᠠᠵᠤ ᠲᠦᠷᠦᠭᠦ ᠠᠴᠠ ᠰᠠᠯᠵᠤ ᠴᠢᠳᠠᠬᠤ ᠦᠭᠡᠢ ; ᠨᠢᠭᠡ ᠤᠯᠤᠰ ᠪᠠᠶᠠᠵᠢᠨ ᠬᠦᠴᠦᠷᠬᠡᠭᠵᠢᠶᠡ ᠭᠡᠪᠡᠯ ᠪᠦᠭᠦ ᠠᠷᠠᠳ ᠤᠨ ᠠᠷᠪᠢᠯᠠᠨ | ᠭᠠᠮᠨᠠᠬᠤ ᠳᠠᠳᠬᠠᠯ᠂ ᠠᠵᠢᠯᠴᠢ ᠠᠷᠪᠢᠴᠢ ᠰᠤᠷᠲᠠᠯ ᠠᠴᠠ ᠰᠠᠯᠵᠤ ᠴᠢᠳᠠᠬᠤ ᠦᠭᠡᠢ ᠶᠤᠮ᠃ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ | ᠳᠠᠭᠠᠯᠳᠤᠨ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠤᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠭᠰᠡᠨ ᠪᠤᠯᠪᠠᠴᠤ ᠠᠵᠢᠯᠴᠢ | ᠠᠷᠪᠢᠴᠢ ᠪᠠᠷ ᠠᠷᠪᠢᠯᠠᠨ ᠭᠠᠮᠨᠠᠬᠤ ᠪᠣᠯ ᠮᠠᠨ ᠤ ᠤᠯᠠᠮᠵᠢᠯᠠᠯᠲᠤ ᠡᠷᠳᠡᠨᠢ ᠪᠤᠯᠬᠤ ᠲᠤᠯᠠ ᠬᠡᠵᠢᠶ᠎ᠡ ᠴᠦ ᠭᠡᠰᠡᠨ ᠲᠠᠶᠠᠭᠳᠠᠵᠤ ᠪᠤᠯᠬᠤ ᠦᠭᠡᠢ᠃ ᠨᠠᠷᠢᠨ ᠨᠢᠮᠪᠠᠢ | ᠲᠥᠯᠥᠪᠯᠡᠨ ᠪᠤᠳᠤᠵᠤ᠂ ᠭᠦᠢᠴᠡᠳ ᠠᠰᠢᠭᠯᠠᠪᠠᠯ ᠰᠠᠶ᠋ᠢ ᠨᠡᠩ ᠪᠠᠭ᠎ᠠ ᠡᠬᠢ ᠪᠠᠶᠠᠯᠢᠭ ᠤᠨ ᠬᠤᠷᠣᠭᠳᠠᠯ ᠢᠶᠠᠷ ᠨᠡᠩ ᠤᠯᠠᠨ ᠶᠠᠪᠤᠳᠠᠯ ᠢ ᠪᠦᠲᠦᠭᠡᠵᠦ᠂ ᠥᠨᠳᠥᠷ | ᠪᠦᠲᠦᠮᠵᠢᠲᠡᠢ ᠬᠥᠭᠵᠢᠯᠲᠡ᠂ ᠪᠣᠬᠢᠷᠳᠤᠯ ᠦᠭᠡᠢ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ | ᠠᠷᠪᠢᠯᠠᠬᠤ ᠭᠠᠮᠨᠠᠬᠤ ᠨᠢ ᠬᠠᠷᠢᠶᠠᠴᠠᠢ ᠰᠢᠪᠡᠷ ᠵᠥᠭᠡᠭᠡᠬᠦ ᠲᠠᠢ ᠠᠳᠠᠯᠢ᠂ ᠪᠦᠷᠢᠯᠭᠡᠨ ᠰᠦᠢᠳᠬᠡᠬᠦ ᠨᠢ ᠬᠠᠰᠢᠯᠭ᠎ᠠ ᠰᠡᠳᠡᠷᠡᠭᠦ ᠲᠠᠢ ᠠᠳᠠᠯᠢ ᠶᠤᠮ᠃ ᠠᠵᠢᠯᠴᠢ | ᠠᠷᠪᠢᠴᠢ ᠪᠠᠷ ᠠᠷᠪᠢᠯᠠᠨ ᠭᠠᠮᠨᠠᠬᠤ ᠳᠤ ᠡᠷᠬᠡᠪᠰᠢ ᠪᠠᠭ᠎ᠠ ᠶᠠᠪᠤᠳᠠᠯ ᠠᠴᠠ ᠭᠠᠷᠳᠠᠨ᠂ ᠨᠠᠷᠢᠨ ᠵᠦᠢᠯᠡᠰ ᠠᠴᠠ ᠡᠬᠢᠯᠡᠨ ᠬᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ | ᠬᠢᠵᠦ᠂ ᠤᠳᠤ ᠠᠴᠠ ᠡᠬᠢᠯᠡᠨ ᠬᠢᠬᠦ ᠬᠡᠷᠡᠭᠲᠡᠢ᠃ ᠯᠠᠷᠵᠢᠶ᠎ᠠ ᠶᠠᠩᠪᠠ ᠲᠠᠲᠠᠬᠤ᠂ ᠨᠢᠭᠤᠷ ᠲᠠᠯ᠎ᠠ ᠬᠠᠷᠠᠬᠤ ᠶᠢ ᠲᠠᠶᠠᠭᠳᠠᠨ᠂ ᠠᠵᠢᠯᠴᠢ ᠠᠷᠪᠢᠴᠢ ᠠᠮᠢᠳᠤᠷᠠᠯ ᠤᠨ | ᠠᠷᠭ᠎ᠠ ᠭᠡᠯᠪᠡᠷᠢ ᠶᠢ ᠦᠢᠯᠡᠳᠦᠯᠭᠡᠵᠢᠭᠦᠯᠵᠦ᠂ ᠠᠷᠪᠢᠯᠠᠨ ᠭᠠᠮᠨᠠᠬᠤ ᠰᠠᠶᠢᠨ ᠰᠠᠶᠢᠬᠠᠨ ᠳᠠᠳᠬᠠᠯ ᠢ ᠪᠤᠢ ᠪᠤᠯᠭᠠᠬᠤ ᠬᠡᠷᠡᠭᠲᠡᠢ᠃ ᠵᠢᠱᠢᠶᠡᠯᠡᠪᠡᠯ ᠢᠳᠡᠬᠦ | ᠬᠡᠮᠵᠢᠶ᠎ᠡ ᠪᠠᠷ ᠢᠶᠠᠨ ᠬᠤᠭᠤᠯᠠ ᠵᠠᠬᠢᠶᠠᠯᠠᠬᠤ᠂ ᠠᠷᠪᠢᠴᠢ ᠭᠠᠮᠲᠠᠢ ᠬᠤᠭᠤᠯᠠᠯᠠᠬᠤ᠂ ︽ᠫᠢᠯᠠ ᠬᠤᠭᠤᠰᠤᠯᠠᠬᠤ ᠠᠵᠢᠯᠯᠠᠭ᠎ᠠ︾ ᠵᠡᠷᠭᠡ ᠶᠢ ᠢᠳᠡᠪᠬᠢᠲᠡᠢ | ᠦᠢᠯᠡᠳᠦᠯᠭᠡᠵᠢᠭᠦᠯᠵᠦ᠂ ᠢᠳᠡᠭᠡᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠴᠢᠬᠤᠯᠠᠳᠠᠢ ; ᠴᠠᠭ ᠲᠤᠬᠠᠢ ᠳᠤᠨᠢ ᠴᠠᠭᠢᠯᠭᠠᠨ ᠳ᠋ᠧᠩ ᠢᠶᠠᠨ ᠤᠨᠲᠠᠷᠠᠭᠠᠨ᠂ ᠤᠰᠤᠨ | ᠴᠣᠷᠭᠤ ᠪᠠᠨ ᠬᠠᠭᠠᠵᠤ᠂ ᠳ᠋ᠧᠩ ᠢᠶᠠᠨ ᠨᠣᠴᠣᠭᠠᠭᠠᠳ ᠤᠷᠭᠢᠬᠤ ᠪᠠ ᠤᠰᠤ ᠪᠠᠨ ᠭᠤᠭᠤᠵᠢᠭᠤᠯᠤᠭᠠᠳ ᠤᠷᠭᠢᠬᠤ ᠦᠵᠡᠭᠳᠡᠯ ᠢ ᠬᠤᠷᠢᠭᠯᠠᠬᠤ ᠴᠢᠬᠤᠯᠠᠲᠠᠢ᠃ | ᠴᠠᠭᠢᠯᠭᠠᠨ ᠬᠡᠷᠡᠭᠰᠡᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠡᠷᠡᠭᠯᠡᠨ ᠴᠠᠭᠢᠯᠭᠠᠨ ᠬᠡᠷᠡᠭᠰᠡᠯ ᠤᠨ ᠡᠨᠧᠷᠭᠢ ᠶᠢᠨ ᠬᠤᠷᠣᠭᠳᠠᠭᠤᠯᠤᠯ ᠢ ᠪᠠᠭᠠᠰᠬᠠᠵᠤ᠂ ᠣᠯᠠᠨ | ᠨᠡᠶᠢᠲᠡ ᠶᠢᠨ ᠵᠠᠮ ᠬᠠᠷᠢᠯᠴᠠᠭ᠎ᠠ ᠶᠢ ᠰᠣᠩᠭᠤᠨ ᠪᠣᠬᠢᠷᠳᠤᠯ ᠦᠭᠡᠢ ᠠᠶᠠᠯᠠᠯ ᠢ ᠢᠯᠡᠭᠦᠬᠡᠨ ᠰᠣᠩᠭᠤᠬᠤ ᠴᠢᠬᠤᠯᠠᠲᠠᠢ ᠁ ᠣᠯᠠᠨ ᠢᠶᠠᠷ ᠢᠶᠠᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠬᠡᠰᠡᠭ ᠴᠠᠭᠠᠰᠤ᠂ ᠭᠷᠡᠳᠦ᠋ᠰ ᠴᠠᠭᠢᠯᠭᠠᠨ᠂ ᠳᠤᠰᠤᠯ ᠤᠰᠤ ᠠᠴᠠ ᠡᠬᠢᠯᠡᠨ ᠠᠷᠪᠢᠯᠠᠨ ᠭᠠᠮᠨᠠᠬᠤ ᠰᠢᠨ᠎ᠡ ᠰᠤᠷᠲᠠᠯ ᠢ ᠠᠮᠢᠳᠤᠷᠠᠯ ᠤᠨ | ᠳᠤᠮᠳᠠ ᠪᠠᠨ ᠦᠢᠯᠡᠳᠦᠯᠭᠡᠵᠢᠭᠦᠯᠬᠦ ᠬᠡᠷᠡᠭᠲᠡᠢ᠃ | ᠠᠷᠪᠢᠯᠠᠨ ᠭᠠᠮᠨᠠᠬᠤ ᠶᠢ ᠡᠷᠬᠢᠮᠯᠡᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠪᠣᠯ ᠪᠦᠭᠦ ᠠᠷᠠᠳ ᠤᠨ ᠶᠠᠪᠤᠳᠠᠯ᠂ ᠬᠥᠮᠥᠨ ᠪᠦᠭᠦᠨ ᠤ ᠬᠠᠷᠢᠭᠤᠴᠠᠯᠭ᠎ᠠ | ᠮᠥᠨ᠃ ᠵᠠᠩ ᠳᠠᠳᠬᠠᠯ ᠢ ᠥᠭᠡᠷᠡᠴᠢᠯᠡᠬᠦ ᠶᠢ ᠶᠡᠭᠡ ᠪᠠᠷ ᠠᠬᠢᠭᠤᠯᠵᠤ᠂ ᠰᠣᠬᠤᠷ ᠪᠠᠯᠠᠢ ᠪᠠᠷ ᠠᠳᠠᠯᠢᠳᠬᠠᠬᠤ᠂ ᠬᠤᠷᠢᠮ ᠨᠠᠶᠢᠷ ᠢ ᠶᠡᠭᠡ ᠪᠠᠷ ᠡᠷᠭᠢᠯᠡᠨ ᠶᠡᠭᠡ ᠪᠠᠷ ᠬᠢᠬᠦ | ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠡᠪᠳᠡᠵᠦ᠂ ᠡᠬᠢ ᠪᠠᠶᠠᠯᠢᠭ ᠢ ᠠᠷᠪᠢᠯᠠᠬᠤ ᠳᠤ ᠠᠰᠢᠭᠲᠠᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ | ᠢᠳᠡᠪᠬᠢᠲᠡᠢ ᠲᠦᠭᠡᠮᠡᠯᠵᠢᠭᠦᠯᠵᠦ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠢ᠂ ᠪᠦᠷᠢᠯᠭᠡᠨ ᠰᠦᠢᠳᠬᠡᠬᠦ ᠨᠢ ᠢᠴᠢᠭᠦᠷᠢ ᠭᠤᠲᠤᠮᠰᠢᠭᠲᠠᠢ ᠭᠡᠬᠦ ᠪᠣᠯᠪᠠᠰᠤᠨ ᠬᠡᠪ | ᠰᠤᠷᠲᠠᠯ ᠢ ᠪᠤᠶ ᠪᠣᠯᠭᠠᠨ᠂ ᠤᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠠᠷᠪᠢᠯᠠᠨ ᠭᠠᠮᠨᠠᠬᠤ ᠪᠠᠷ ᠢᠷᠠᠭᠤ ᠠᠯᠳᠠᠷ ᠢᠶᠠᠨ ᠪᠤᠯᠭᠠᠬᠰᠠᠨ ᠠᠮᠢᠳᠤᠷᠠᠯ ᠤᠨ | ᠣᠶᠢᠯᠠᠭᠠᠭᠳᠠᠬᠤᠨ ᠪᠠ ᠬᠡᠷᠡᠭᠯᠡᠭᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠤᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠤᠷᠲᠠᠯ ᠢ ᠡᠬᠡ ᠤᠯᠤᠰ | ᠤᠨ ᠤᠮᠠᠷᠠᠲᠤ ᠶᠢᠨ ᠡᠬᠡ ᠭᠠᠵᠠᠷ ᠤᠨ ᠮᠢᠩᠭᠠᠨ ᠠᠵᠢᠯ ᠲᠥᠷᠥᠯ᠂ ᠲᠦᠮᠡᠨ ᠠᠶᠢᠯ ᠡᠷᠦᠭᠡ ᠳᠤ ᠨᠡᠶᠢᠳᠡᠮ ᠳᠡᠯᠭᠡᠷᠡᠭᠦᠯᠦᠶ᠎ᠡ᠃ | |