ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ︽ᠰᠢᠨ᠎ᠡ︾ ᠶᠢ ᠰᠦᠪᠡᠭᠴᠢᠯᠡᠵᠦ ︽ᠴᠢᠨᠠᠷ︾ ᠢ ᠴᠢᠬᠤᠯᠠᠴᠢᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/10/24
        ᠣᠳᠣᠬᠠᠨ ᠳᠤ ᠪᠦᠭᠦ ᠤᠯᠤᠰ ᠤᠨ ᠡᠯ᠎ᠡ ᠭᠠᠵᠠᠷ ᠤᠨ ᠬᠢᠨ ᠶᠠᠭ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠰᠤᠳᠤᠯᠭᠠᠨ ᠪᠠ ᠦᠢᠯᠡᠳᠦᠯᠭᠡ ᠶᠢ ᠪᠠᠴᠢᠮ ᠶᠠᠭᠠᠷᠠᠯᠲᠠᠢ ᠥᠷᠨᠢᠭᠦᠯᠵᠦ ᠪᠠᠶᠢᠨ᠎ᠠ᠂ ᠭᠡᠪᠡᠴᠦ ᠵᠠᠷᠢᠮ ᠭᠠᠵᠠᠷ ᠤᠨ ᠬᠢᠨ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ︾ ᠱᠠᠭᠠᠷᠳᠠᠯᠭ᠎ᠠ ᠶᠢᠨ ᠲᠤᠬᠠᠢ ᠣᠶᠢᠯᠠᠭᠠᠯᠲᠠ ᠪᠠᠷ ᠲᠡᠶᠢᠮᠦ ᠭᠦᠨᠵᠡᠭᠡᠢ ᠪᠢᠰᠢ ᠪᠠᠶᠢᠨ᠎ᠠ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠨᠢᠭᠡᠨ ᠲᠣᠮᠣ ᠶᠠᠪᠤᠳᠠᠯ᠂ ᠰᠢᠨ᠎ᠡ ᠶᠠᠪᠤᠳᠠᠯ ᠮᠥᠨ᠂ ᠰᠢᠨ᠎ᠡ ᠬᠥᠭᠵᠢᠯᠲᠡ ᠶᠢᠨ ᠠᠵᠠ ᠲᠣᠭᠢᠶᠠᠯ ᠤᠨ ᠡᠮᠦᠨ᠎ᠡ᠂ ᠰᠡᠳᠬᠢᠯ ᠵᠢᠷᠦᠬᠡᠨ ᠳᠡᠭᠡᠨ ᠬᠠᠯᠠᠭᠤᠨ ᠰᠡᠳᠬᠢᠯᠭᠡ ᠲᠠᠢ ᠪᠠᠶᠢᠬᠤ ᠬᠡᠷᠡᠭᠲᠡᠢ᠂ ᠭᠡᠪᠡᠴᠦ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠠᠯᠬᠤᠮ ᠢᠶᠠᠨ ᠪᠠᠲᠤ ᠪᠠᠶᠢᠯᠭᠠᠵᠤ᠂ ᠲᠤᠰ ᠪᠡᠶ᠎ᠡ ᠶᠢᠨ ᠡᠬᠢ ᠪᠠᠶᠠᠯᠢᠭ ᠤᠨ ᠢᠶᠠᠨ ᠳᠠᠪᠠᠭᠤᠯᠢᠭ ᠢ ᠦᠨᠳᠦᠰᠦᠯᠡᠨ ᠦᠨᠡᠨ ᠬᠦ ᠪᠦᠲᠦᠮᠵᠢᠲᠡᠢ ᠠᠷᠭ᠎ᠠ ᠬᠡᠮᠵᠢᠶ᠎ᠡ ᠠᠪᠬᠤ ᠬᠡᠷᠡᠭᠲᠡᠢ᠃         ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠶᠡᠭᠡ ᠪᠠᠷ ᠳᠡᠭᠡᠭᠰᠢᠯᠡᠭᠦᠯᠭᠦ ᠪᠠᠷ ᠭᠤᠣᠯ ᠪᠡᠯᠭᠡ ᠲᠡᠮᠳᠡᠭ ᠪᠣᠯᠭᠠᠳᠠᠭ᠂ ᠣᠨᠴᠠᠯᠢᠭ ᠨᠢ ᠰᠢᠨ᠎ᠡ ᠶᠢ ᠡᠭᠦᠳᠬᠦ ᠳᠤ ᠪᠤᠢ᠂ ᠵᠠᠩᠭᠢᠯᠠᠭ᠎ᠠ ᠨᠢ ᠴᠢᠨᠠᠷ ᠰᠠᠶᠢᠲᠠᠢ ᠳᠤ ᠪᠤᠢ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠳᠤ ᠪᠤᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠤᠬᠠᠢ ᠣᠶᠢᠯᠠᠭᠠᠯᠲᠠ ᠨᠢ ᠤᠷᠤᠰᠬᠠᠯᠴᠢᠯᠠᠬᠤ ᠪᠢᠰᠢ᠂ ᠤᠬᠠᠭᠳᠠᠬᠤᠨᠴᠢᠯᠠᠬᠤ ᠪᠢᠰᠢ᠂ ᠲᠡᠮᠳᠡᠭ ᠬᠠᠳᠠᠬᠤ ᠪᠢᠰᠢ᠂ ᠦᠡᠭᠭᠡᠨ ᠲᠠᠯ᠎ᠠ ᠶᠢᠨ ᠡᠷᠳᠡᠮ ᠢᠶᠠᠷ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠳᠡᠶᠢᠯᠭᠦ ᠦᠭᠡᠢ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ ᠳᠡᠶᠢᠯᠭᠦ ᠦᠭᠡᠢ᠂ ᠨᠡᠩ ᠴᠤ ᠲᠡᠷᠢᠭᠦᠨ ᠤ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠵᠤ ᠳᠡᠶᠢᠯᠭᠦ ᠦᠭᠡᠢ ᠶᠤᠮ᠃         ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠡᠷᠬᠡᠪᠰᠢ ᠪᠤᠰᠤᠳᠴᠢ ᠵᠢᠮ᠎ᠡ ᠶᠣᠰᠣ ᠶᠢ ᠬᠦᠨᠳᠦᠳᠬᠡᠬᠦ ᠬᠡᠷᠡᠭᠲᠡᠢ᠃ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠨᠢ ᠥᠷᠯᠥᠭᠡ ᠦᠳᠡᠰᠢ ᠶᠢᠨ ᠬᠤᠭᠤᠷᠣᠨᠳᠤ ᠪᠢᠰᠢ᠂ ᠨᠡᠩ ᠴᠤ ᠬᠡᠢ ᠬᠤᠭᠤᠰᠤᠨ ᠢᠶᠠᠷ ᠢᠯᠡᠷᠡᠬᠦ ᠪᠢᠰᠢ᠂ ᠬᠠᠷᠢᠨ ᠠᠯᠬᠤᠮ ᠲᠠᠷᠠᠭ᠎ᠠ ᠲᠠᠢ ᠪᠠᠷ ᠤᠷᠤᠭᠰᠢᠯᠠᠵᠤ᠂ ᠤᠷᠳᠤ ᠬᠤᠭᠤᠴᠠᠭ᠎ᠠ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠯ᠎ᠡ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠵᠡᠷᠭᠡ ᠨᠢ ᠴᠥᠮ ᠠᠳᠠᠯᠢ ᠪᠤᠰᠤ ᠪᠠᠶᠢᠳᠠᠭ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠡᠯ᠎ᠡ ᠭᠠᠵᠠᠷ ᠤᠨ ᠲᠤᠰ ᠪᠡᠶ᠎ᠡ ᠶᠢᠨ ᠣᠨᠴᠠᠯᠢᠭ ᠪᠠ ᠳᠠᠪᠠᠭᠤᠯᠢᠭ ᠢ ᠭᠦᠢᠴᠡᠳ ᠭᠦᠨᠳᠦᠳᠭᠡᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠥᠭᠵᠢᠯᠲᠡ ᠶᠢᠨ ᠠᠷᠭ᠎ᠠ ᠵᠠᠮ ᠢ ᠡᠷᠢᠨ ᠣᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠦᠶ᠎ᠡ ᠳᠤ ᠨᠢᠭᠡ ᠯᠡ ᠳᠡᠭᠡᠷ᠎ᠡ ᠳᠡᠷᠪᠡᠵᠦ ᠰᠣᠬᠤᠷ ᠪᠠᠯᠠᠢ ᠪᠠᠷ ᠶᠠᠭᠠᠷᠠᠵᠤ᠂ ᠬᠥᠭᠡᠰᠦᠷᠡᠯ ᠪᠤᠯᠬᠤ ᠠᠴᠠ ᠰᠡᠷᠭᠡᠶᠢᠯᠡᠬᠦ ᠬᠡᠷᠡᠭᠲᠡᠢ᠂ ᠨᠢᠭᠡ ᠯᠡ ᠵᠦᠢᠯ ᠤᠨ ᠵᠠᠭᠪᠤᠷ ᠢ ᠬᠡᠷᠡᠭᠯᠡᠵᠦ ᠪᠠᠰᠠ ᠪᠤᠯᠬᠤ ᠦᠭᠡᠢ᠃         ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠬᠦ ᠪᠠ ᠥᠷᠲᠡᠭ ᠢ ᠣᠨᠳᠣᠣᠰᠢᠭᠤᠯᠬᠤ ᠶᠢ ᠴᠢᠬᠤᠯᠠᠴᠢᠯᠠᠬᠤ ᠬᠡᠷᠡᠭᠲᠡᠢ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ︾  ᠶᠢ ᠡᠯ᠎ᠡ ᠵᠦᠢᠯ ᠤᠨ ᠡᠭᠦᠷᠭᠡ ᠶᠢᠨ ᠲᠡᠷᠢᠭᠦᠨ ᠳᠤ ᠲᠠᠯᠪᠢᠭᠰᠠᠨ ᠪᠥᠭᠡᠳ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ︾ ᠭᠡᠵᠦ ᠳᠤᠷᠠᠳᠴᠠᠢ᠃ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠵᠥᠪᠭᠡᠨ ︽ᠲᠤᠷᠰᠢᠯᠲᠠ ᠶᠢᠨ ᠲᠠᠰᠤᠭ︾ ᠲᠤ ᠪᠠᠶᠢᠯᠭᠠᠵᠤ ᠪᠤᠯᠬᠤ ᠦᠭᠡᠢ᠂ ᠨᠡᠩ ᠴᠤ ︽ᠦᠢᠯᠡᠳᠪᠦᠷᠢᠯᠡᠯ ᠤᠨ ᠱᠤᠭᠤᠮ︾ ᠳᠡᠭᠡᠷᠡᠬᠢ ᠦᠢᠯᠡᠳᠬᠦᠨ᠂ ᠲᠣᠮᠣ ᠵᠠᠬ᠎ᠠ ᠳᠡᠯᠭᠡᠭᠦᠷ ᠲᠠᠬᠢ ᠲᠠᠸᠠᠷ ᠪᠤᠯᠭᠠᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠠᠵᠤ ᠦᠢᠯᠡᠰ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠲᠦᠷᠭᠡᠳᠬᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠬᠤ ᠬᠡᠷᠡᠭᠲᠡᠢ᠃         ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠢᠨ᠎ᠡ ᠯᠣᠩᠬᠤᠨ ᠳᠤ ᠬᠠᠭᠤᠴᠢᠨ ᠠᠷᠢᠬᠢ ᠰᠠᠪᠠᠯᠠᠵᠤ ᠪᠤᠯᠬᠤ ᠦᠭᠡᠢ᠃ ᠣᠳᠣᠬᠠᠨ ᠳᠤ᠂ ᠴᠥᠭᠡᠨ ᠪᠤᠰᠤ ᠭᠠᠵᠠᠷ ᠣᠷᠣᠨ ᠰᠢᠨ᠎ᠡ ᠶᠢ ᠡᠭᠦᠳᠦᠨ᠎ᠡ ᠭᠡᠪᠡᠯ ᠡᠷᠬᠡᠪᠰᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠡᠯᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠨᠢᠭᠡᠨ ᠰᠠᠭᠰᠤ ᠪᠠᠷ ᠦᠵᠡᠵᠦ ᠶᠠᠭᠤ ᠪᠦᠭᠦᠨ ᠢ ᠳᠣᠲᠣᠷ᠎ᠠ ᠨᠢ ᠰᠠᠪᠠᠯᠠᠵᠤ᠂ ᠰᠣᠬᠤᠷ ᠪᠠᠯᠠᠢ ᠪᠠᠷ ︽ᠰᠢᠨ᠎ᠡ ︾ ᠶᠢ ᠬᠥᠭᠡᠭᠡᠴᠡᠯᠳᠦᠭᠡᠳ ︽ᠴᠢᠨᠠᠷ︾ ᠢ ᠣᠮᠲᠣᠭᠠᠶᠢᠯᠠᠵᠤ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠭᠤᠣᠯ ᠡᠯᠧᠮᠧᠨ᠋ᠲ ᠮᠥᠨ᠂ ᠭᠡᠪᠡᠴᠦ ᠰᠢᠨ᠎ᠡ ᠡᠭᠦᠳᠦᠯᠲᠡ ᠲᠠᠢ ᠬᠠᠪᠢᠳᠠᠬᠤ ᠪᠦᠭᠦᠨ ᠨᠢ ᠴᠥᠮ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠭᠡᠰᠡᠨ ᠪᠢᠰᠢ ᠶᠤᠮ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ ᠡᠭᠦᠳᠬᠦ ᠭᠤᠣᠯᠯᠠᠬᠤ ᠦᠢᠯᠡᠳᠦᠯ ᠦᠵᠡᠭᠦᠯᠵᠦ᠂ ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠠᠷᠭ᠎ᠠ ᠭᠡᠯᠪᠡᠷᠢ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ ᠵᠠᠮ ᠠᠴᠠ ᠠᠩᠭᠢᠵᠢᠷᠠᠵᠤ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ᠂ ᠥᠨᠳᠥᠷ ᠪᠦᠲᠦᠮᠵᠢᠲᠡᠢ᠂ ᠴᠢᠨᠠᠷ ᠰᠠᠶᠢᠲᠠᠢ ᠪᠠᠶᠢᠬᠤ ᠣᠨᠴᠠᠯᠢᠭ ᠲᠠᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠶᠠᠰᠤ ᠴᠢᠨᠠᠷ ᠪᠦᠬᠦᠢ ᠪᠠᠶᠢᠳᠠᠯ ᠪᠣᠯᠣᠨ᠎ᠠ᠃         ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠳᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠨᠢᠭᠡᠨ ᠤᠷᠳᠤ ᠬᠤᠭᠤᠴᠠᠭᠠᠨ ᠤ ᠡᠭᠦᠷᠭᠡ᠂ ᠰᠢᠰᠲ᠋ᠧᠮᠲᠦ ᠢᠨᠵᠧᠨᠧᠷᠢᠩ ᠮᠥᠨ᠂ ᠬᠤᠯᠪᠣᠭᠳᠠᠬᠤ ᠲᠠᠯ᠎ᠠ ᠨᠢ ᠨᠡᠯᠢᠶᠡᠳ ᠤᠯᠠᠨ ᠪᠠᠶᠢᠳᠠᠭ᠂ ᠭᠠᠭᠴᠠ ᠬᠦ ᠤᠷᠢᠳᠴᠢᠯᠠᠨ ᠠᠷᠭ᠎ᠠ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠨᠢᠭᠡᠳᠦᠯᠲᠡᠢ ᠲᠥᠯᠥᠪᠵᠢᠭᠦᠯᠵᠦ ᠨᠡᠶᠢᠳᠡ ᠳᠤᠨᠢ ᠬᠠᠷᠠᠭᠠᠯᠵᠠᠪᠠᠯ ᠰᠠᠶ᠋ᠢ ᠯᠠᠪᠳᠠᠭᠤᠨ ᠪᠠᠲᠤᠲᠠᠢ ᠪᠠᠷ ᠤᠷᠤᠭᠰᠢ ᠠᠬᠢᠭᠤᠯᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠰᠢᠵᠦ ᠴᠢᠳᠠᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ