ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ | ᠤᠢᠢᠷ᠎ᠠ ᠶᠢᠨ ᠡᠳᠦᠷ᠂ ᠶᠡᠷᠦᠩᠬᠡᠢ ᠱᠦᠵᠢ ᠰᠢ ᠶᠢᠨ ᠫᠢᠩ ᠴᠦᠩᠴᠢᠩ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠤᠳᠤᠷᠢᠳᠤᠯᠭ᠎ᠠ ᠶᠢ ᠥᠴᠦᠬᠡᠨ ᠴᠦ | ᠰᠤᠯᠠᠷᠠᠭᠤᠯᠤᠯ ᠦᠭᠡᠢ ᠪᠠᠷᠢᠮᠲᠠᠯᠠᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ︽ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠳᠤ ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷ ᠢ ᠬᠦᠲᠦᠯᠦᠨ ᠵᠢᠯᠣᠭᠤᠳᠴᠤ ᠪᠠᠶᠢᠭᠠᠳ | ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠨ | ᠬᠤᠪᠢᠷᠠᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃ ᠪᠤᠢ ᠪᠦᠬᠦᠢ ᠨᠠᠮ ᠤᠨ ᠰᠠᠬᠢᠯᠭ᠎ᠠ ᠪᠠᠲᠤ ᠪᠠ ᠶᠣᠰᠣ ᠳᠦᠷᠢᠮ ᠤᠨ ᠳᠣᠲᠣᠷ᠎ᠠ ᠤᠯᠤᠰ ᠲᠦᠷᠦ ᠶᠢᠨ ᠰᠠᠬᠢᠯᠭ᠎ᠠ | ᠪᠠᠲᠤ ᠪᠠ ᠤᠯᠤᠰ ᠲᠦᠷᠦ ᠶᠢᠨ ᠶᠣᠰᠣ ᠳᠦᠷᠢᠮ ᠪᠣᠯ ᠲᠡᠷᠢᠭᠦᠨ ᠴᠢᠬᠤᠯᠠ ᠪᠠᠶᠢᠳᠠᠭ᠃ | ᠰᠠᠬᠢᠯᠭ᠎ᠠ ᠪᠠᠲᠤ ᠶᠣᠰᠣ ᠲᠦᠷᠢᠮ ᠢ ᠤᠯᠤᠰ ᠲᠦᠷᠦ ᠶᠢᠨ ᠤᠬᠠᠮᠰᠠᠷ ᠪᠣᠯᠭᠠᠨ ᠬᠤᠪᠢᠷᠠᠭᠤᠯᠬᠤ ᠳᠤ᠂ ᠤᠯᠤᠰ ᠲᠦᠷᠦ ᠶᠢᠨ ᠲᠠᠯ᠎ᠠ ᠪᠠᠷ ᠬᠢ ᠮᠡᠷᠭᠡᠨ | ᠬᠥᠮᠦᠨ ᠪᠤᠯᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠵᠥᠪ ᠪᠤᠷᠤᠭᠤ ᠶᠢᠨ | ᠡᠮᠦᠨ᠎ᠡ᠂ ᠤᠯᠤᠰ ᠲᠦᠷᠦ ᠶᠢᠨ ᠵᠠᠷᠴᠢᠮ ᠤᠨ ᠠᠰᠠᠭᠤᠳᠠᠯ ᠳᠡᠭᠡᠷ᠎ᠡ ᠲᠠᠷᠢᠬᠢ ᠲᠣᠯᠣᠭᠠᠢ ᠪᠠᠨ ᠣᠨᠴᠠᠭᠠᠢ ᠰᠡᠷᠭᠡᠭ ᠪᠠᠶᠢᠯᠭᠠᠵᠤ᠂ ᠵᠣᠭᠰᠣᠯᠲᠠ ᠪᠠᠨ ᠣᠨᠴᠠᠭᠠᠢ ᠪᠠᠲᠤ | ᠪᠣᠯᠭᠠᠵᠤ᠂ ᠡᠭᠦᠷᠢᠳᠡ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠨᠠᠮ ᠤᠨ ᠲᠥᠯᠥᠭᠡ ᠰᠠᠨᠠᠭᠠᠰᠢᠷᠠᠵᠤ᠂ ᠨᠠᠮ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠨᠠᠮ ᠤᠨ ᠲᠥᠯᠥᠭᠡ ᠬᠤᠪᠢ ᠨᠡᠮᠡᠷᠢ ᠦᠵᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ | ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ᠡᠷᠬᠡ ᠰᠦᠷ ᠪᠠ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠶᠢ ᠬᠠᠮᠤᠭ ᠤᠨ ᠦᠨᠳᠦᠰᠦᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ | ᠲᠦᠷᠢᠮ ᠪᠣᠯᠭᠠᠵᠤ᠂ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠠᠮᠠᠷᠪᠠ ᠴᠠᠭ ᠦᠶ᠎ᠡ | ᠶᠠᠮᠠᠷᠪᠠ ᠪᠠᠶᠢᠳᠠᠯ ᠳᠣᠣᠷ᠎ᠠ ᠴᠥᠮ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠡᠷᠬᠡᠪᠰᠢ ᠰᠢ ᠶᠢᠨ ᠫᠢᠩ ᠨᠥᠬᠦᠷ ᠢᠶᠠᠷ | ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ | ᠨᠢᠭᠡᠳᠬᠡᠵᠦ᠂ ᠬᠢᠬᠦᠢ ᠵᠣᠭᠰᠣᠬᠤᠢ ᠪᠠᠨ ᠮᠡᠳᠡᠵᠦ᠂ ᠵᠠᠷᠯᠢᠭ ᠴᠠᠭᠠᠵᠠ ᠶᠢ ᠲᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ᠡᠷᠲᠡᠨ ᠤ ᠬᠥᠮᠦᠨ᠄ ︽ᠰᠡᠳᠬᠢᠯ ᠰᠠᠨᠠᠭ᠎ᠠ ᠲᠠᠶᠢᠪᠤᠡᠭ ᠪᠠᠶᠢᠪᠠᠰᠤ ᠠᠰᠢᠭ ᠲᠤᠬᠢᠶᠠᠯᠳᠤᠪᠠᠴᠤ ᠲᠠᠷᠢᠬᠢ ᠲᠤᠯᠤᠭᠠᠢ ᠰᠡᠷᠭᠡᠭ ᠪᠠᠶᠢᠵᠤ᠂ ᠬᠤᠤᠷ ᠬᠦᠨᠦᠭᠡᠯ | ᠤᠴᠠᠷᠠᠪᠠᠴᠤ ᠰᠡᠷᠡᠵᠦ ᠮᠡᠳᠡᠵᠦ ᠴᠢᠳᠠᠮᠤᠢ︾ ᠭᠡᠵᠦ ᠬᠡᠯᠡᠭᠰᠡᠨ ᠪᠢᠯᠡ᠃ ᠰᠠᠬᠢᠯᠭ᠎ᠠ ᠪᠠᠲᠤ ᠶᠣᠰᠣ ᠲᠦᠷᠢᠮ ᠢ ᠦᠵᠡᠯ ᠰᠠᠨᠠᠭᠠᠨ ᠤ ᠤᠬᠠᠮᠰᠠᠷ ᠪᠣᠯᠭᠠᠨ | ᠬᠤᠪᠢᠷᠠᠭᠤᠯᠬᠤ ᠳᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ | ᠲᠡᠭᠡᠷ᠎ᠡ ᠪᠠᠨ ᠪᠡᠶ᠎ᠡ ᠪᠠᠨ ᠪᠠᠷᠢᠬᠤ ᠪᠣᠯᠭᠠᠨ ᠬᠤᠪᠢᠷᠠᠭᠤᠯᠬᠤ ᠬᠡᠷᠡᠭᠲᠡᠢ᠃ ᠵᠢᠶᠤᠤ ᠢᠦᠢ ᠯᠦ ᠬᠡᠦᠬᠡᠳ ᠤᠳ ᠢ ︽ᠬᠡᠦᠬᠡᠯᠳᠡᠢ ᠰᠤᠯᠠ ᠵᠦᠴᠦᠭᠡ ᠶᠢ ᠦᠵᠡᠭᠦᠯᠬᠦ ᠦᠭᠡᠢ | ︾ ᠪᠠᠶᠢᠭᠰᠠᠨ ᠠᠴᠠ ᠪᠠᠨ ᠰᠢᠶᠠᠨ ᠤ ᠨᠠᠮ ᠤᠨ ᠬᠤᠷᠢᠶ᠎ᠠ ᠳᠤ ︽ᠠᠷᠪᠠᠨ ᠦᠯᠦ ᠪᠣᠯᠬᠤ︾ ᠲᠣᠭᠲᠠᠭᠠᠯ ᠭᠠᠷᠭᠠᠬᠤ ᠶᠢ ᠰᠠᠨᠠᠭᠤᠯᠪᠠ︔ ᠬᠥ᠋ ᠸᠧᠨ ᠴᠠᠩ ᠬᠠᠭᠠᠰ | ᠢᠯᠡᠬᠦᠦ ᠨᠠᠰᠤ ᠪᠠᠷ ᠢᠶᠠᠨ ᠣᠶ ᠰᠢᠭᠤᠶ ᠶᠢᠨ ᠠᠵᠢᠯ ᠳᠤ ᠶᠠᠭᠠᠷᠠᠵᠤ᠂ ᠶᠡᠷᠦ ᠠᠴᠠ ᠠᠯᠪᠠᠨ ᠤ ᠨᠢᠭᠡ ᠢᠮᠠᠬᠤ ᠮᠣᠳᠣᠨ ᠮᠠᠲ᠋ᠧᠷᠢᠶᠠᠯ ᠢ ᠴᠤ ᠠᠪᠤᠬᠰᠠᠨ ᠦᠭᠡᠶ︔ ᠶᠠᠩ | ᠱᠠᠨ ᠵᠧᠦ ᠨᠢᠭᠡ ᠨᠠᠰᠤ ᠪᠠᠷ ᠢᠶᠠᠨ ᠬᠥᠳᠡᠭᠡ ᠪᠠᠭᠤᠬᠤ ᠪᠠ ᠠᠵᠢᠯ ᠢᠶᠠᠷ ᠭᠠᠳᠠᠬᠰᠢ ᠭᠠᠷᠬᠤ ᠳᠤ ᠬᠤᠭᠤᠯᠠᠨ ᠤ ᠰᠦᠢᠳᠬᠡᠯ ᠢᠶᠠᠨ ᠥᠪᠡᠷ ᠢᠶᠠᠨ ᠲᠤᠰᠢᠶᠠᠵᠦ᠂ | ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ ᠦᠭᠡᠢ ᠳᠠᠳᠬᠠᠯ ᠢᠶᠠᠨ ᠪᠠᠲᠤ ᠰᠠᠬᠢᠬᠰᠠᠭᠠᠷ ᠢᠷᠡᠪᠡ ᠁ ᠨᠠᠮ ᠤᠨ ᠭᠡᠰᠢᠭᠦᠨ᠂ ᠺᠠᠳ᠋ᠷᠴᠤᠳ ᠲᠤ ᠠᠪᠴᠤ | ᠬᠡᠯᠡᠪᠡᠯ᠂ ᠭᠠᠭᠴᠠ ᠬᠦ ᠲᠥᠪ ᠭᠤᠣᠯᠴᠢ ᠶᠣᠰᠣ ᠮᠣᠷᠠᠯ ᠲᠠᠢ ᠪᠠᠶᠢᠵᠤ᠂ ᠦᠪᠡᠷ ᠢ ᠪᠠᠨ ᠬᠦᠨᠳᠦᠳᠬᠡᠪᠡᠯ ᠰᠠᠶ᠋ᠢ ᠬᠡᠵᠢᠶᠡᠳᠡ ᠪᠡᠶ᠎ᠡ ᠪᠠᠨ ᠳᠤᠷ᠎ᠠ ᠪᠠᠷ ᠨᠢ ᠲᠠᠯᠪᠢᠬᠤ | ᠦᠭᠡᠢ᠂ ᠶᠣᠰᠣ ᠲᠦᠷᠢᠮ ᠠᠴᠠ ᠵᠥᠷᠢᠴᠡᠬᠦ ᠦᠭᠡᠢ᠂ ᠶᠣᠰᠣ ᠲᠦᠷᠢᠮ ᠠᠴᠠ ᠵᠥᠷᠢᠴᠡᠬᠦ ᠦᠭᠡᠢ ᠪᠠᠶᠢᠵᠤ ᠴᠢᠳᠠᠨ᠎ᠠ᠃ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ | ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠵᠤ᠂ | ᠦᠵᠡᠯ ᠰᠠᠨᠠᠭᠠᠨ ᠤ ᠲᠠᠯ᠎ᠠ ᠪᠠᠷ ᠦᠨᠳᠦᠰᠦ ᠰᠠᠭᠤᠷᠢ ᠪᠠᠨ ᠪᠠᠬᠢᠵᠢᠭᠦᠯᠵᠦ᠂ ᠦᠵᠡᠯ ᠰᠠᠨᠠᠭᠠᠨ ᠤ ᠤᠬᠠᠮᠰᠠᠷ᠂ ᠤᠶᠤᠨ ᠰᠠᠨᠠᠭᠠᠨ ᠤ ᠠᠬᠤᠢ ᠪᠠᠶᠢᠳᠠᠯ᠂ ᠶᠣᠰᠣ | ᠰᠤᠷᠲᠠᠬᠤᠨ ᠤ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠥᠪ ᠡᠷᠬᠡ ᠶᠢᠨ ᠦᠵᠡᠯᠲᠡ᠂ ᠠᠵᠢᠯ ᠤᠨ ᠠᠮᠵᠢᠯᠳᠠ ᠪᠦᠲᠦᠮᠵᠢ ᠶᠢᠨ ᠦᠵᠡᠯᠲᠡ᠂ | ᠠᠵᠢᠯ ᠦᠢᠯᠡᠰ ᠤᠨ ᠦᠵᠡᠯᠲᠡ ᠶᠢ ᠪᠤᠢ ᠪᠣᠯᠭᠠᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ | ᠲᠣᠭᠲᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ ᠮᠠᠭᠤᠬᠠᠢ ᠪᠤᠳᠤᠯ ᠢ ᠦᠯᠦ ᠡᠪᠦᠷᠯᠡᠬᠦ ᠪᠠᠯᠠᠢ ᠬᠢᠳᠡᠯ ᠢ ᠦᠯᠦ | ᠦᠢᠯᠡᠳᠬᠦ ᠶᠢ ᠪᠠᠲᠤᠯᠠᠵᠤ᠂ ᠡᠪ ᠬᠠᠮᠲᠤᠴᠤᠳ ᠤᠨ ᠤᠯᠤᠰ ᠲᠦᠷᠦ ᠶᠢᠨ ᠤᠤᠷ ᠴᠢᠨᠠᠷ ᠢᠶᠠᠨ ᠪᠠᠲᠤᠯᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ᠶᠢᠨ ︽ᠴᠡᠭᠡᠷ ᠬᠡᠮᠵᠢᠭᠦᠷ︾ ᠮᠥᠨ᠂ ᠪᠠᠰᠠ ᠴᠤ ᠨᠠᠮ ᠤᠨ ᠭᠡᠰᠢᠭᠦᠨ᠂ ᠺᠠᠳ᠋ᠷᠴᠤᠳ ᠤᠨ ᠲᠤᠰ | ᠪᠡᠶ᠎ᠡ ᠶᠢᠨ ᠦᠢᠯᠡ ᠠᠵᠢᠯᠯᠠᠭ᠎ᠠ ᠪᠠᠨ ᠬᠢᠵᠠᠭᠠᠷᠯᠠᠬᠤ ᠪᠠᠷᠢᠮᠵᠢᠶ᠎ᠠ ᠪᠠ ᠵᠢᠷᠤᠮᠯᠠᠯ ᠮᠥᠨ᠃ ᠰᠠᠬᠢᠯᠭ᠎ᠠ ᠪᠠᠲᠤ ᠶᠣᠰᠣ ᠲᠦᠷᠢᠮ ᠢ ᠦᠢᠯᠡ ᠠᠵᠢᠯᠯᠠᠭᠠᠨ ᠤ ᠤᠬᠠᠮᠰᠠᠷ | ᠪᠣᠯᠭᠠᠨ ᠬᠤᠪᠢᠷᠠᠭᠤᠯᠬᠤ ᠳᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ | ᠬᠢᠵᠠᠭᠠᠷᠯᠠᠵᠤ᠂ ᠬᠢᠨᠠᠯᠲᠠ ᠪᠠ ᠬᠢᠵᠠᠭᠠᠷᠯᠠᠯ ᠢ ᠬᠦᠯᠢᠶᠡᠬᠦ ᠣᠷᠴᠢᠨ ᠲᠤᠭᠤᠷᠢᠨ ᠳᠤ ᠠᠵᠢᠯᠯᠠᠵᠤ ᠠᠮᠢᠳᠤᠷᠠᠬᠤ ᠳᠠᠳᠬᠠᠯ ᠢ ᠴᠢᠨᠠᠬᠰᠢᠳᠠ ᠪᠤᠢ ᠪᠣᠯᠭᠠᠬᠤ ᠬᠡᠷᠡᠭᠲᠡᠢ᠃ | ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠨᠠᠷᠢᠨ ᠬᠢᠨᠠᠮᠠᠭᠠᠢ ᠰᠤᠷᠤᠯᠴᠠᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ | ᠥᠭᠬᠦ ᠲᠦᠷᠢᠮ︾ ᠤᠨ ᠠᠭᠤᠯᠭ᠎ᠠ ᠶᠢ ᠲᠡᠷᠡ ᠬᠡᠪ ᠢᠶᠠᠷ ᠨᠢ ᠰᠤᠷᠤᠯᠴᠠᠵᠦ᠂ ᠲᠦᠷᠢᠮ ᠵᠤᠷᠪᠤᠰ ᠳᠠᠷᠠᠭᠠᠯᠠᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ | ᠰᠤᠷᠤᠯᠴᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠨᠢ ᠶᠠᠭᠤ ᠪᠣᠯᠬᠤ᠂ ᠶᠠᠭᠤ ᠶᠢ ᠬᠢᠵᠦ ᠪᠤᠯᠬᠤ᠂ ᠶᠠᠭᠤ ᠶᠢ ᠬᠢᠵᠦ ᠪᠣᠯᠬᠤ ᠦᠭᠡᠢ ᠶᠢ | ᠲᠣᠳᠣᠷᠬᠠᠢ ᠣᠶᠢᠯᠠᠭᠠᠵᠤ᠂ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠬᠡᠮᠵᠢᠭᠦᠷ ᠢ ᠴᠢᠨᠠᠭᠰᠢᠳᠠ ᠲᠤᠳᠤᠷᠬᠠᠢ ᠮᠡᠳᠡᠵᠦ᠂ ᠨᠠᠮ ᠤᠨ ᠲᠦᠷᠢᠮ | ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠬᠠᠭᠠᠨ ᠵᠠᠯᠠᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠡᠷᠡᠭᠵᠢᠭᠦᠯᠬᠦ ᠶᠢ ᠠᠬᠢᠭᠤᠯᠵᠤ᠂ ᠰᠠᠬᠢᠯᠭ᠎ᠠ ᠪᠠᠲᠤ ᠶᠢᠨ ᠬᠠᠲᠠᠭᠤ ᠴᠢᠩᠭ᠎ᠠ ᠴᠢᠨᠠᠷ᠂ ᠲᠥᠪ | ᠴᠢᠩᠭ᠎ᠠ ᠴᠢᠨᠠᠷ ᠢ ᠦᠨᠡᠨ ᠬᠦ ᠬᠠᠮᠠᠭᠠᠯᠠᠵᠤ᠂ ᠲᠡᠮᠦᠷ ᠮᠡᠲᠦ ᠰᠠᠬᠢᠯᠭ᠎ᠠ ᠪᠠᠲᠤ ᠶᠢ ︽ᠬᠤᠷᠴᠠ ᠰᠢᠳᠦ ᠪᠤᠯᠭᠠᠵᠤ︾ ᠡᠷᠭᠡ ᠰᠦᠷ ᠢ ᠨᠢ ᠮᠠᠨᠳᠤᠭᠤᠯᠬᠤ ᠪᠠᠷ ᠪᠠᠷᠠᠬᠤ | ᠦᠭᠡᠢ᠂ ᠪᠠᠰᠠ ᠺᠠᠳ᠋ᠷ ᠢ ᠴᠢᠬᠤᠯᠠᠴᠢᠯᠠᠵᠦ᠂ ᠰᠡᠷᠡᠮᠵᠢᠯᠡᠭᠦᠯᠵᠦ᠂ ᠤᠬᠠᠭᠠᠷᠠᠭᠤᠯᠵᠤ᠂ ᠪᠦᠬᠦ ᠨᠠᠮ ᠢ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ | ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠭᠠᠵᠤ᠂ ᠨᠠᠮ ᠤᠨ ᠭᠡᠰᠢᠭᠦᠨ᠂ ᠺᠠᠳ᠋ᠷ ᠤᠨ ᠤᠬᠠᠮᠰᠠᠷ ᠠᠴᠠ ᠪᠠᠨ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠳᠤᠮ ᠤᠨ | ᠳᠠᠳᠬᠠᠯ ᠪᠠ ᠠᠵᠢᠯᠯᠠᠭᠠᠨ ᠤ ᠪᠠᠷᠢᠮᠵᠢᠶ᠎ᠠ ᠪᠣᠯᠭᠠᠬᠤ ᠶᠢ ᠠᠬᠢᠭᠤᠯᠬᠤ ᠬᠡᠷᠡᠭᠲᠡᠢ᠃ | ᠶᠣᠰᠣ ᠳᠦᠷᠢᠮ ᠢ ᠡᠷᠬᠢᠮᠯᠡᠵᠦ᠂ ᠬᠤᠷᠢᠭ᠎ᠠ ᠱᠤᠭᠤᠮ ᠢ ᠰᠠᠬᠢᠬᠤ ᠳᠤ᠂ ᠡᠷᠬᠡᠪᠰᠢ ᠪᠢᠰᠢᠷᠡᠨ ᠵᠢᠷᠦᠬᠡᠰᠢᠶᠡᠬᠦ ᠰᠡᠳᠬᠢᠯ ᠲᠠᠢ ᠪᠠᠶᠢᠬᠤ ᠬᠡᠷᠡᠭᠲᠡᠢ᠃ ᠶᠡᠷᠦᠩᠬᠡᠢ | ᠱᠦᠵᠢ ᠰᠢ ᠶᠢᠨ ᠫᠢᠩ᠄ ︽ᠪᠦᠯᠢᠶᠡᠨ ᠤᠰᠤᠨ ᠳᠤ ᠮᠡᠯᠡᠬᠡᠢ ᠶᠢ ᠴᠢᠨᠠᠬᠰᠠᠨ ᠤᠷᠢᠳᠤᠬᠢ ᠶᠢᠨ ᠭᠡᠨᠡᠳᠡᠯ ᠴᠡᠭᠡᠷᠯᠡᠯ ᠢ ᠮᠠᠷᠲᠠᠵᠤ ᠪᠣᠯᠬᠤ ᠦᠭᠡᠢ᠂ ᠬᠥᠮᠦᠨ ᠪᠣᠯᠭᠠᠨ | ᠬᠠᠰᠢᠯᠠ ᠰᠠᠶᠢᠲᠤᠷ ᠰᠤᠷᠤᠯᠴᠠᠬᠤ ᠬᠡᠷᠡᠭᠲᠡᠢ᠃ ᠲᠠᠷᠢᠬᠢ ᠲᠤᠯᠤᠭᠠᠢ ᠳᠤᠨᠢ ︿ᠴᠠᠭᠠᠷᠢᠭ ᠴᠢᠩᠭᠠᠯᠠᠬᠤ ᠲᠠᠷᠨᠢ﹀ ᠲᠠᠢ ᠪᠠᠶᠢᠬᠤ ᠬᠡᠷᠡᠭᠲᠡᠶ᠃ ᠢᠯᠵᠠᠷᠠᠯ ᠢ ᠡᠰᠡᠷᠭᠦᠴᠡᠬᠦ ᠨᠢ | ᠬᠡᠵᠢᠶᠡᠳᠡ ᠵᠤᠬᠰᠤᠰᠢ ᠦᠭᠡᠢ ᠶᠤᠮ᠂ ᠪᠢᠰᠢᠷᠡᠨ ᠵᠢᠷᠦᠬᠡᠰᠢᠶᠡᠬᠦ ᠦᠭᠡᠢ ᠪᠣᠯ ᠲᠥᠭᠡᠷᠢᠬᠦ ᠪᠣᠯᠤᠨ᠎ᠠ︾ ᠭᠡᠵᠦ ᠴᠢᠬᠤᠯᠠᠴᠢᠯᠠᠪᠠ᠃ ᠵᠢᠷᠦᠬᠡᠰᠢᠶᠡᠪᠡᠯ ᠰᠠᠶ᠋ᠢ ᠦᠭᠡ | ᠶᠠᠷᠢᠶ᠎ᠠ ᠪᠠᠨ ᠴᠡᠭᠡᠷᠯᠡᠵᠦ᠂ ᠦᠢᠯᠡ ᠠᠵᠢᠯᠯᠠᠭ᠎ᠠ ᠳᠠᠭᠠᠨ ᠬᠤᠷᠢᠭ᠎ᠠ ᠲᠠᠢ ᠪᠠᠶᠢᠵᠤ ᠴᠢᠳᠠᠨ᠎ᠠ᠃ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠰᠡᠳᠬᠢᠯ | ᠵᠢᠷᠦᠭᠡᠨ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠬᠦᠢᠴᠡᠳᠭᠡᠵᠦ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠬᠢᠴᠢᠶᠡᠬᠦ᠂ ᠬᠤᠷᠢᠭ᠎ᠠ ᠱᠤᠭᠤᠮ ᠢ | ᠰᠠᠬᠢᠬᠤ᠂ ᠨᠠᠮ ᠢ ᠪᠢᠰᠢᠷᠡᠨ ᠵᠢᠷᠦᠬᠡᠰᠢᠶᠡᠬᠦ᠂ ᠠᠷᠠᠳ ᠲᠦᠮᠡᠨ ᠢ ᠪᠢᠰᠢᠷᠡᠨ ᠵᠢᠷᠦᠬᠡᠰᠢᠶᠡᠬᠦ᠂ ᠬᠠᠤᠯᠢ ᠰᠠᠬᠢᠯᠭ᠎ᠠ ᠶᠢ ᠪᠢᠰᠢᠷᠡᠨ ᠵᠢᠷᠦᠬᠡᠰᠢᠶᠡᠬᠦ ᠪᠤᠯᠵᠤ᠂ ᠬᠠᠳᠠᠭᠤ | ᠴᠢᠩᠭ᠎ᠠ ᠰᠠᠬᠢᠯᠭ᠎ᠠ ᠪᠠᠲᠤ ᠪᠠᠷ ᠨᠠᠮ ᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠵᠤ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ | ᠳᠡᠶᠢᠯᠬᠦ ᠪᠣᠳᠠᠲᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ | |