ᠪᠤᠯᠪᠠᠰᠤᠨ ᠤ ᠰᠢᠨ᠎ᠡ ᠪᠠᠶᠢᠳᠠᠯ ᠢ ᠡᠭᠦᠳᠴᠦ ᠰᠤᠶᠤᠯ ᠤᠨ ᠰᠢᠨᠡᠴᠢᠯᠡᠯᠲᠡ ᠲᠡᠶᠢᠰᠢ ᠤᠷᠤᠬᠰᠢᠯᠡᠨᠡ᠃ ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ᠂ ᠦᠢᠯᠡᠳᠦᠯᠭᠡ ᠶᠢᠨ ᠡᠭᠦᠳᠦᠨ ᠪᠦᠲᠦᠭᠡᠯᠲᠡ ᠶᠢᠨ ᠳᠤᠮᠳᠠ ᠰᠣᠶᠣᠯ ᠤᠨ ᠡᠭᠦᠳᠦᠨ ᠪᠦᠲᠦᠭᠡᠯᠲᠡ ᠬᠢᠬᠦ ᠶᠢ ᠪᠠᠷᠢᠮᠲᠠᠯᠠᠵᠤ᠂ ᠲᠡᠦᠬᠡ ᠶᠢᠨ | ᠲᠠᠪᠰᠢᠯᠳᠠ ᠶᠢᠨ ᠳᠤᠮᠳᠠ ᠰᠣᠶᠣᠯ ᠤᠨ ᠲᠠᠪᠰᠢᠯᠳᠠ ᠶᠢ ᠪᠡᠶᠡᠯᠡᠭᠦᠯᠬᠦ ᠪᠠᠷ ᠴᠢᠷᠮᠠᠶᠢᠵᠤ᠂ ᠬᠥᠮᠦᠰ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢᠨ ᠤᠬᠠᠵᠤ | ᠦᠢᠯᠡᠳᠦᠯᠭᠡᠵᠢᠭᠦᠯᠭᠦ ᠶᠢ ᠨᠡᠪᠲᠡᠷᠡᠯᠴᠡᠭᠦᠯᠦᠭᠰᠡᠨ ᠢᠯᠠ ᠲᠣᠳᠣ ᠵᠠᠩ ᠴᠢᠨᠠᠷ ᠢ ᠨᠡᠩ ᠭᠦᠨᠵᠡᠭᠡᠢ ᠣᠶᠢᠯᠠᠭᠠᠵᠤ᠂ ︽︿ᠬᠤᠶᠠᠷ ᠢ ᠤᠶᠠᠯᠳᠤᠭᠤᠯᠬᠤ﹀ ᠪᠣᠯ ᠮᠠᠨ ᠤ | ᠠᠮᠵᠢᠯᠲᠠ ᠣᠯᠤᠭᠰᠠᠨ ᠤ ᠬᠠᠮᠤᠭ ᠤᠨ ᠲᠤᠮᠤ ᠡᠷᠳᠡᠨᠢ ᠮᠥᠨ︾ ᠭᠡᠳᠡᠭ ᠢ ᠨᠡᠩ ᠦᠨᠡᠨ ᠪᠣᠳᠠᠲᠠᠢ ᠣᠶᠢᠯᠠᠭᠠᠬᠤ ᠪᠣᠯᠤᠨ᠎ᠠ᠃ | 2023 ᠣᠨ ᠤ 6 ᠰᠠᠷ᠎ᠠ ᠶᠢᠨ 2 ᠤᠨ ᠡᠳᠦᠷ᠂ ᠶᠡᠷᠦᠩᠬᠡᠢ ᠱᠦᠵᠢ ᠰᠢ ᠶᠢᠨ ᠫᠢᠩ ᠰᠣᠶᠣᠯ ᠢ ᠤᠯᠠᠮᠵᠢᠯᠠᠵᠤ ᠬᠦᠭᠵᠢᠭᠦᠯᠭᠦ ᠲᠤᠬᠠᠢ ᠶᠠᠷᠢᠯᠴᠠᠬᠤ | ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠶᠢᠨ ᠰᠣᠶᠣᠯ ᠢ ᠤᠯᠠᠮᠵᠢᠯᠠᠵᠤ ᠬᠦᠭᠵᠢᠭᠦᠯᠭᠦ ᠠᠯᠢ ᠤᠯᠠᠨ ᠴᠢᠬᠤᠯᠠ ᠶᠡᠭᠡ | ᠤᠨᠤᠯ ᠤᠨ ᠪᠠ ᠪᠤᠳᠠᠳᠤ ᠠᠰᠠᠭᠤᠳᠠᠯ ᠤᠨ ᠲᠤᠬᠠᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠨᠢᠭᠡ ᠵᠢᠯ ᠤᠨ ᠲᠤᠷᠰᠢ᠂ | ᠰᠣᠶᠣᠯ ᠤᠨ ᠰᠢᠨ᠎ᠡ ᠡᠭᠦᠷᠭᠡ ᠲᠠᠢ ᠨᠢᠭᠲᠠ ᠤᠶᠠᠯᠳᠤᠭᠤᠯᠤᠨ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠯᠠᠪᠳᠠᠭᠤᠨ | ᠪᠠᠲᠤᠲᠠᠢ ᠠᠯᠬᠤᠮ ᠢ ᠠᠯᠬᠤᠪᠠ︔ ︽ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠪᠣᠯ ᠵᠠᠶᠢᠯᠠᠰᠢ ᠦᠭᠡᠢ ᠶᠠᠪᠤᠬᠤ ᠵᠠᠮ ᠮᠥᠨ︾ ᠭᠡᠳᠡᠭ ᠢ ᠤᠨᠤᠪᠴᠢᠳᠠᠢ ᠡᠵᠡᠮᠳᠡᠵᠦ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ︔ ︽ᠲᠤᠯᠤᠭᠠᠨ ᠬᠦᠴᠦᠯᠡᠬᠦ︾ ᠴᠢᠬᠤᠯᠠ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ | ᠲᠠᠰᠤᠷᠠᠯᠲᠠ ᠥᠬᠡᠶ ᠡᠭᠦᠳᠴᠡᠢ᠃ ᠡᠨᠡ ᠪᠣᠯ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠴᠠᠭ ᠦᠶ᠎ᠡ ᠶᠢᠨ ᠳᠦᠷᠰᠦ ᠪᠠᠶᠢᠳᠠᠯ ᠪᠣᠯᠤᠨ᠎ᠠ᠃ | ᠨᠡᠶᠢᠰᠯᠡᠯ ᠪᠡᠭᠡᠵᠢᠩ ᠳᠤ᠂ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠮᠦᠽᠧᠢ ᠪᠣᠯᠤᠨ ᠪᠡᠭᠡᠵᠢᠩ ᠬᠤᠳᠠ ᠶᠢᠨ ᠳᠡᠳ᠋ ᠲᠥᠪ ᠤᠨ ᠭᠤᠷᠪᠠᠨ ᠶᠡᠭᠡ | ᠰᠣᠶᠣᠯ ᠤᠨ ᠪᠠᠷᠢᠯᠭ᠎ᠠ ᠶᠢ ᠪᠠᠶᠢᠭᠤᠯᠤᠨ ᠳᠠᠭᠤᠰᠬᠠᠵᠤ᠂ ᠤᠷᠳᠤ ᠴᠠᠭᠠᠨ ᠬᠡᠷᠡᠮ ᠤᠨ ᠰᠣᠶᠣᠯ᠂ ᠶᠡᠭᠡ ᠲᠠᠲᠠᠮᠠᠯ ᠭᠤᠣᠯ ᠤᠨ ᠰᠣᠶᠣᠯ᠂ ᠳᠤᠮᠳᠠ ᠲᠡᠩᠭᠡᠯᠢᠭ ᠤᠨ | ᠰᠣᠶᠣᠯ ᠴᠠᠭ ᠦᠶ᠎ᠡ ᠶᠢᠨ ᠭᠡᠷᠡᠯ ᠭᠢᠯᠪᠠᠭ᠎ᠠ ᠶᠢ ᠰᠠᠴᠤᠷᠠᠭᠤᠯᠪᠠ︔ ᠱᠠᠨᠳᠦ᠋ᠩ ᠤᠨ ᠴᠢᠦᠢ ᠹᠦ᠋ ᠳᠤ ᠲᠤᠮᠤ ᠬᠡᠯᠪᠡᠷᠢ ᠶᠢᠨ ᠲᠣᠭᠯᠠᠯᠲᠠ ︽ ᠶᠢᠨ ᠱᠧᠩ ᠢᠦᠢ ᠵᠧᠨ︾ | ᠨᠢ ᠡᠷᠲᠡᠨ ᠤ ᠬᠡᠪ ᠨᠠᠮᠪᠠ ᠶᠢ ᠭᠦᠢᠴᠡᠳ ᠢᠯᠡᠷᠡᠭᠦᠯᠵᠦ᠂ ᠲᠦᠮᠡᠨ ᠠᠯᠳᠠ ᠶᠢᠨ ᠣᠷᠳᠣᠨ ᠤ ᠬᠡᠷᠡᠮ ᠳᠠᠬᠢ ︽ᠳ᠋ᠠ ᠽᠠᠢ ᠺᠦᠩᠽᠢ︾ ᠶᠢᠨ ᠭᠤᠶᠢᠳᠠ ᠰᠠᠶᠢᠬᠠᠨ | ᠬᠡᠷᠡᠯ ᠰᠡᠭᠦᠳᠡᠷ ᠤᠨ ᠲᠣᠭᠯᠠᠯᠲᠠ ᠭᠠᠷᠭᠠᠵᠤ᠂ ᠨᠢᠱᠠᠨ ᠤ ᠳᠡᠯᠡᠬᠡᠢ ᠶᠢᠨ ᠪᠣᠯᠪᠠᠰᠤᠨ ᠤ ᠶᠠᠷᠢᠶᠠᠨ ᠤ ᠲᠠᠪᠴᠠᠩ ᠨᠢ ᠳᠤᠮᠳᠠᠳᠤ ᠶᠢᠨ ᠰᠣᠶᠣᠯ ᠤᠨ ᠨᠥᠯᠥᠭᠡᠯᠡᠬᠦ | ᠬᠦᠴᠦᠨ ᠢ ᠦᠷᠭᠦᠯᠵᠢᠯᠡᠨ ᠳᠡᠭᠡᠭᠰᠢᠯᠡᠭᠦᠯᠪᠡ᠃ ᠥᠨᠥᠳᠦᠷ ᠤᠨ ᠳᠤᠮᠳᠠᠳᠤ ᠤᠯᠤᠰ ᠢ ᠠᠵᠢᠬᠤᠶ᠎ᠠ᠂ ︽ᠰᠣᠶᠣᠯ ᠤᠨ ᠮᠦᠽᠧᠢ ᠶᠢᠨ ᠬᠠᠯᠠᠮᠰᠢᠯ︾ ᠦᠷᠭᠦᠯᠵᠢᠯᠡᠵᠦ᠂ | ︽ᠰᠣᠶᠣᠯ ᠤᠨ ᠰᠢᠨ᠎ᠡ ᠡᠭᠦᠳᠦᠯᠲᠡ ᠶᠢᠨ ᠤᠷᠤᠰᠬᠠᠯ︾ ᠢᠳᠡ ᠬᠦᠴᠦᠲᠡᠢ ᠶᠠᠪᠤᠬᠳᠠᠵᠤ᠂ ︽ᠰᠢᠯᠦᠭ ᠳᠠᠭᠤᠯᠠᠯ ᠤᠨ ᠬᠠᠯᠠᠮᠰᠢᠯ︾ ᠦᠷᠨᠢᠵᠦ᠂ ᠮᠠᠨ ᠤ | ᠰᠣᠶᠣᠯ ᠤᠨ ᠢᠲᠡᠭᠡᠯ ᠨᠡᠩ ᠪᠠᠲᠤᠵᠢᠵᠤ᠂ ᠰᠣᠶᠣᠯ ᠤᠨ ᠤᠬᠠᠮᠰᠠᠷ ᠲᠠᠰᠤᠷᠠᠯᠲᠠ ᠦᠭᠡᠢ ᠴᠢᠩᠭᠠᠷᠠᠪᠠ᠃ ︽ᠬᠤᠶᠠᠷ ᠢ ᠤᠶᠠᠯᠳᠤᠭᠤᠯᠬᠤ︾ ᠭᠡᠬᠦ ᠡᠨᠡ ᠬᠦ | ᠬᠠᠮᠤᠭ ᠤᠨ ᠲᠤᠮᠤ ᠡᠷᠳᠡᠨᠢ ᠶᠢ ᠰᠠᠶᠢᠲᠤᠷ ᠬᠡᠷᠡᠭᠯᠡᠵᠦ᠂ ᠥᠪᠡᠷ ᠤᠨ ᠵᠠᠮ ᠢᠶᠠᠷ ᠢᠶᠠᠨ ᠵᠠᠮᠨᠠᠬᠤ ᠶᠢ ᠪᠠᠷᠢᠮᠲᠠᠯᠠᠨ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ | ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠰᠣᠶᠣᠯ ᠤᠨ ᠢᠲᠡᠭᠡᠯ ᠢ ᠪᠦᠬᠦ ᠦᠨᠳᠦᠰᠦᠲᠡᠨ ᠤ ᠤᠶᠤᠨ ᠰᠠᠨᠠᠭᠠᠨ ᠤ ᠴᠤᠭ ᠰᠦᠯᠳᠡ ᠪᠠ | ᠰᠣᠶᠣᠯ ᠤᠨ ᠬᠡᠪ ᠴᠢᠨᠠᠷ ᠲᠤ ᠠᠭᠤᠰᠬᠠᠨ ᠣᠷᠣᠭᠤᠯᠪᠠᠯ ᠳᠠᠷᠤᠢ ᠦᠵᠡᠯ ᠰᠠᠨᠠᠭ᠎ᠠ ᠪᠠ ᠰᠣᠶᠣᠯ ᠤᠨ ᠰᠠᠨᠠᠭᠠᠴᠢᠯᠠᠭᠠᠲᠤ ᠪᠠᠶᠢᠷᠢ ᠶᠢ ᠡᠵᠡᠮᠰᠢᠵᠦ᠂ ᠳᠤᠮᠳᠠᠳᠤ ᠶᠢᠨ | ᠪᠣᠯᠪᠠᠰᠤᠨ ᠤ ᠲᠠᠬᠢᠨ ᠦᠡᠭᠭᠡ ᠬᠡᠷᠡᠯ ᠰᠠᠴᠤᠷᠠᠬᠤ ᠶᠢ ᠠᠬᠢᠭᠤᠯᠵᠤ ᠴᠢᠳᠠᠨ᠎ᠠ᠃ | ᠨᠢᠭᠡ ᠨᠢ ︽ᠳᠤᠮᠳᠠᠳᠤ ᠶᠢᠨ ᠲᠠᠪᠤᠨ ᠮᠢᠩᠭᠠᠨ ᠵᠢᠯ ᠤᠨ ᠪᠣᠯᠪᠠᠰᠤᠨ ᠤ ᠲᠡᠦᠬᠡ ᠶᠢ ᠭᠡᠷᠡᠴᠢᠯᠡᠬᠦ ᠠᠷᠢᠭᠤᠨ ᠣᠷᠣᠨ︾᠂ ᠨᠦᠬᠦᠭᠡ ᠨᠢ ︽ᠥᠷᠥᠨᠡᠳᠠᠬᠢᠨ ᠤ | ᠪᠣᠯᠪᠠᠰᠤᠨ ᠤ ᠥᠯᠥᠭᠡᠢ︾ ᠪᠣᠯᠤᠨ᠎ᠠ᠂ ᠲᠦᠷᠦᠭᠦᠬᠡᠨ ︽ᠯᠢᠶᠠᠩ ᠵᠦ ᠡᠷᠲᠡᠨ ᠤ ᠬᠤᠳᠠ · ᠠᠲᠧᠨ ᠤ ᠴᠠᠶᠢᠵᠠ ᠬᠤᠳᠠ︾ ᠶᠢᠨ ᠪᠣᠯᠪᠠᠰᠤᠨ ᠤ ᠶᠠᠷᠢᠯᠴᠠᠭ᠎ᠠ | ᠰᠣᠯᠢᠯᠴᠠᠭᠠᠨ ᠤ ᠠᠵᠢᠯᠯᠠᠭ᠎ᠠ ᠭᠷᠧᠭ ᠲᠤ ᠶᠠᠪᠤᠭᠳᠠᠪᠠ᠃ ᠳᠤᠮᠳᠠᠳᠤ ᠶᠢᠨ ᠪᠣᠯᠪᠠᠰᠤᠨ ᠨᠢ ᠲᠤᠪᠤᠶᠢᠮ᠎ᠠ ᠪᠠᠭᠲᠠᠭᠠᠮᠵᠢᠲᠤ ᠴᠢᠨᠠᠷ ᠲᠠᠢ ᠪᠠᠶᠢᠵᠤ᠂ ᠢᠮᠠᠭᠲᠠ ᠪᠦᠬᠦᠨ ᠢ | ᠠᠪᠴᠤ ᠪᠠᠶᠢᠳᠠᠭ ᠢ ᠬᠠᠳᠠᠭᠠᠯᠠᠬᠤ ᠳᠤᠮᠳᠠ ᠶᠠᠪᠤᠬᠤ ᠲᠤᠳᠤᠮ ᠰᠢᠨᠡᠳᠳᠡᠭ᠃ ᠨᠢᠭᠡ ᠵᠢᠯ ᠤᠨ ᠲᠤᠷᠰᠢ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ | ᠲᠤᠬᠠᠢ ᠶᠠᠷᠢᠭᠰᠠᠨ ᠨᠢ︾ ᠭᠡᠬᠦ ᠨᠣᠮ ᠤᠨ ᠤᠯᠠᠨ ᠬᠡᠯᠡᠨ ᠤ ᠬᠡᠪᠯᠡᠯ ᠭᠠᠳᠠᠭᠠᠳᠤ ᠳᠤ ᠴᠢᠩᠭ᠎ᠠ ᠲᠤᠰᠬᠠᠯ ᠭᠠᠷᠤᠬᠰᠠᠨ ᠠᠴᠠ ᠠᠪᠤᠭᠠᠳ ᠬᠠᠩᠵᠧᠦ ᠶᠢᠨ ᠠᠽᠢᠶ᠎ᠠ | ᠲᠢᠪ ᠤᠨ ᠲᠠᠮᠢᠷ ᠤᠨ ᠴᠤᠭᠯᠠᠭᠠᠨ ᠨᠢ ᠳᠡᠯᠡᠬᠡᠢ ᠳ᠋ᠠᠬᠢᠨ ᠳᠤ ᠳᠤᠮᠳᠠᠳᠤ ᠶᠢᠨ ᠰᠣᠶᠣᠯ ᠤᠨ ᠨᠡᠭᠡᠭᠡᠯᠲᠡᠲᠡᠢ ᠪᠠᠭᠲᠠᠭᠠᠮᠵᠢᠲᠠᠢ ᠠᠪᠤᠷᠢ ᠪᠠᠶᠢᠳᠠᠯ ᠢ ᠲᠠᠮᠵᠢᠭᠤᠯᠤᠬᠰᠠᠨ | ᠬᠦᠷᠲᠡᠯ᠎ᠡ᠂ ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠨᠢ ᠪᠣᠯᠪᠠᠰᠤᠨ ᠤ ᠰᠣᠯᠢᠯᠴᠠᠭ᠎ᠠ ᠲᠤᠯᠢᠯᠠᠯ ᠢ ᠬᠠᠮᠲᠤ ᠪᠠᠷ ᠠᠬᠢᠭᠤᠯᠤᠭᠰᠠᠨ ᠠᠴᠠ ᠠᠪᠤᠭᠠᠳ | ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠨᠢ | ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠭᠦᠨᠵᠡᠭᠡᠶᠢᠷᠡᠭᠦᠯᠦᠭᠰᠡᠨ ᠬᠦᠷᠲᠡᠯ᠎ᠡ ᠁ ᠠᠭᠤᠳᠠᠮ ᠪᠠᠭᠳᠠᠭᠠᠮᠵᠢᠲᠡᠢ ᠦᠷᠦᠴᠡ ᠰᠡᠳᠬᠢᠯ ᠢᠶᠠᠷ ᠰᠣᠶᠣᠯ ᠤᠨ | ᠬᠠᠷᠢᠯᠴᠠᠭᠠᠨ ᠤ ᠬᠤᠷᠢᠭ᠎ᠠ ᠪᠠᠬᠢᠯᠡᠯᠲᠡ ᠶᠢ ᠡᠪᠲᠡᠵᠦ᠂ ᠳᠤᠮᠳᠠᠳᠤ ᠶᠢᠨ ᠪᠣᠯᠪᠠᠰᠤᠨ ᠨᠢ ᠪᠤᠰᠤᠳ ᠪᠣᠯᠪᠠᠰᠤᠨ ᠲᠠᠢ ᠰᠤᠯᠢᠯᠴᠠᠨ ᠲᠤᠯᠢᠯᠠᠬᠤ ᠳᠤᠮᠳᠠ ᠴᠤᠭ | ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠪᠠᠲᠤᠯᠠᠭᠰᠠᠭᠠᠷ ᠢᠷᠡᠵᠠᠢ᠃ ᠬᠥᠮᠦᠨ ᠲᠥᠷᠥᠯᠬᠢᠲᠡᠨ ᠤ ᠡᠭᠦᠳᠦᠨ ᠪᠦᠲᠦᠭᠡᠭᠰᠡᠨ ᠠᠯᠢᠪᠠ ᠰᠢᠯᠢᠳᠡᠭ ᠪᠣᠯᠪᠠᠰᠤᠨ ᠤ | ᠦᠷ᠎ᠡ ᠪᠦᠲᠦᠭᠡᠯ ᠢ ᠨᠡᠩ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠰᠤᠷᠤᠯᠴᠠᠨ ᠯᠠᠪᠯᠠᠯᠲᠠ ᠪᠣᠯᠭᠠᠪᠠᠯ᠂ ᠳᠤᠮᠳᠠᠳᠤ ᠶᠢᠨ ᠪᠣᠯᠪᠠᠰᠤᠨ ᠤ ᠦᠷᠭᠡᠨ ᠨᠡᠪᠲᠡᠷᠭᠡᠢ ᠬᠡᠪ | ᠪᠠᠶᠢᠳᠠᠯ ᠢ ᠯᠠᠪᠲᠠᠢ ᠪᠠᠶᠠᠯᠢᠭᠵᠢᠭᠤᠯᠬᠤ ᠪᠣᠯᠤᠨ᠎ᠠ᠃ | ︽ᠤᠯᠠᠮᠵᠢᠯᠠᠯᠲᠤ ᠤᠷᠠᠯᠢᠭ ᠪᠣᠯᠤᠨ ᠣᠲᠣ ᠦᠶ᠎ᠡ ᠶᠢᠨ ᠠᠮᠢᠳᠤᠷᠠᠯ ᠤᠨ ᠣᠷᠭᠠᠨᠢᠭ ᠠᠭᠤᠰᠤᠯᠴᠠᠯ ᠢ ᠪᠡᠶᠡᠯᠡᠭᠦᠯᠬᠦ ᠳᠤ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ᠂ ᠵᠣᠷᠢᠭᠲᠠᠶ ᠪᠠᠷ ᠰᠢᠪᠲᠤᠯᠤᠯᠲᠠ ᠬᠢᠵᠦ᠂ ᠪᠣᠳᠠᠰ ᠤᠨ ᠪᠤᠰᠤ ᠰᠣᠶᠣᠯ ᠤᠨ ᠥᠪ ᠢ ᠴᠠᠭ ᠤᠨ ᠥᠩᠭᠡ ᠲᠠᠢ ᠪᠤᠯᠭᠠᠵᠤ᠂ ᠰᠣᠩᠭᠤᠳᠠᠭ | ᠪᠦᠲᠦᠭᠡᠯ ᠢ ᠲᠡᠯᠭᠡᠷᠡᠭᠦ ᠪᠤᠯᠭᠠᠬᠤ ᠬᠡᠷᠡᠭᠲᠡᠶ︾᠃ ᠡᠨᠡ ᠪᠣᠯ ᠵᠧᠵᠢᠶᠠᠩ ᠤᠨ ᠰᠢᠶᠤᠤ ᠪᠠᠶ ᠬᠤᠸᠠ ᠶᠤᠸᠠᠢ ᠵᠦᠴᠦᠭᠡ ᠶᠢᠨ ᠪᠦᠯᠬᠦᠮ ᠤᠨ ᠲᠣᠭᠯᠠᠭᠴᠢ ᠴᠧᠨ ᠯᠢ | ᠵᠢᠶᠦ᠋ᠨ ᠤ ᠲᠥᠷᠥᠭᠳᠡᠯ ᠪᠣᠯᠤᠨ᠎ᠠ᠃ ᠣᠳᠣ ᠦᠶ᠎ᠡ ᠶᠢᠨ ᠮᠡᠷᠭᠡᠵᠢᠯ ᠢ ᠠᠰᠢᠭᠯᠠᠨ᠂ ᠤᠯᠠᠮᠵᠢᠯᠠᠯᠲᠤ ᠰᠢ ᠳᠠᠭᠤᠷᠢᠯᠢᠭ ᠨᠢ ᠵᠣᠬᠢᠶᠠᠨ ᠪᠦᠲᠦᠭᠡᠯᠭᠡ ᠶᠢᠨ | ᠣᠶᠢᠯᠠᠭᠠᠭᠳᠠᠬᠤᠨ ᠪᠠ ᠢᠯᠡᠳᠭᠡᠭᠦ ᠬᠡᠯᠪᠡᠷᠢ ᠪᠠᠶᠢᠳᠠᠯ ᠢᠶᠠᠨ ᠲᠠᠰᠤᠷᠠᠯᠲᠠ ᠦᠭᠡᠶ ᠰᠢᠨᠡᠴᠢᠯᠡᠨ᠂ ᠨᠢᠭᠡ ᠪᠢᠯᠧᠲ ᠢ ᠴᠤ ᠤᠯᠬᠤ ᠳᠤ ᠪᠡᠷᠭᠡᠲᠡᠢ ᠬᠠᠯᠠᠮᠰᠢᠯ ᠪᠦᠲᠦᠭᠡᠯ | ᠪᠤᠯᠵᠠᠢ᠃ ᠡᠳᠦᠭᠡ ︽ᠲᠣᠭᠠᠴᠢᠯᠠᠭᠰᠠᠨ ᠰᠤᠳᠤᠷ ᠬᠠᠳᠠᠭᠠᠯᠠᠬᠤ ᠨᠦᠬᠡ︾ ᠨᠢ ᠳ᠋ᠦᠨᠬᠤᠸᠠᠩ ᠤᠨ ᠰᠣᠶᠣᠯ ᠢ ᠤᠯᠠᠨ ᠳᠤ ᠠᠯᠳᠠᠷᠰᠢᠭᠤᠯᠵᠤ᠂ ︽ᠳᠤᠮᠳᠠᠳᠤ ᠶᠢᠨ | ᠡᠷᠲᠡᠨ ᠤ ᠪᠢᠴᠢᠭ ᠤᠨ ᠡᠬᠢ ᠪᠠᠶᠠᠯᠢᠭ ᠤᠨ ᠬᠥᠮᠥᠷᠭᠡ︾ ᠨᠢ ᠬᠤᠪᠣᠷ ᠨᠠᠨᠳᠢᠨ ᠰᠤᠳᠤᠷ ᠪᠢᠴᠢᠭ ᠢ ︽ᠠᠮᠢᠯᠠᠭᠤᠯᠵᠤ︾᠂ ︽ᠴᠠᠩ ᠠᠨ ᠭᠤᠷᠪᠠᠨ ᠲᠦᠮᠡᠨ ᠭᠠᠵᠠᠷ︾᠂ | ︽ᠮᠢᠨᠦ ᠠᠯᠲᠠᠢ︾ ᠵᠡᠷᠭᠡ ᠨᠢᠭᠡ ᠪᠦᠯᠦᠭ ᠰᠣᠳᠣᠨ ᠪᠦᠲᠦᠭᠡᠯ ᠴᠣᠯᠭᠤᠷᠠᠨ ᠭᠠᠷᠴᠠᠢ ᠁ ︽ᠬᠤᠶᠠᠷ ᠢ ᠤᠶᠠᠯᠳᠤᠭᠤᠯᠬᠤ︾ ᠨᠢ ᠥᠷᠭᠡᠨ ᠠᠭᠤᠳᠠᠮ | ᠰᠢᠨ᠎ᠡ ᠶᠢ ᠡᠭᠦᠳᠬᠦ ᠣᠷᠣᠨ ᠵᠠᠢ ᠶᠢ ᠨᠡᠭᠡᠭᠡᠵᠦ᠂ ᠳᠤᠮᠳᠠᠳᠤ ᠶᠢᠨ ᠰᠣᠶᠣᠯ ᠤᠨ ᠰᠢᠨ᠎ᠡ ᠴᠠᠭ ᠦᠶ᠎ᠡ ᠳᠤ ᠴᠡᠴᠡᠭᠯᠡᠨ ᠬᠦᠭᠵᠢᠭᠦ ᠠᠮᠢᠯᠠᠯ ᠢ ᠤᠯᠭᠤᠬᠰᠠᠨ ᠪᠠᠶᠢᠨ᠎ᠠ᠃ | ᠤᠷᠤᠭᠰᠢᠯᠠᠯᠲᠠ ᠶᠢᠨ ᠵᠠᠮ ᠳᠤ ᠮᠠᠷᠺᠰ ᠤᠨ ᠦᠵᠡᠯ ᠭᠡᠬᠦ ᠡᠨᠡ ᠬᠦ ᠤᠶᠤᠨ ᠰᠦᠨᠡᠰᠦ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠭᠡᠬᠦ ᠡᠨᠡ ᠬᠦ ᠠᠮᠢᠨ | ᠰᠤᠳᠠᠰᠤ ᠶᠢ ᠪᠠᠲᠤ ᠰᠠᠬᠢᠵᠤ᠂ ᠰᠢᠨ᠎ᠡ ᠰᠡᠳᠬᠢᠮᠵᠢ᠂ ᠰᠢᠨ᠎ᠡ ᠦᠭᠡ ᠬᠡᠯᠡ᠂ ᠰᠢᠨ᠎ᠡ ᠲᠣᠭᠲᠠᠴᠠ᠂ ᠰᠢᠨ᠎ᠡ ᠬᠡᠯᠪᠡᠷᠢ ᠶᠢ ᠬᠡᠷᠡᠭᠯᠡᠨ᠂ ᠰᠣᠶᠣᠯ ᠤᠨ ᠰᠢᠨ᠎ᠡ ᠶᠢ | ᠡᠭᠦᠳᠴᠦ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠲᠠᠰᠤᠷᠠᠯᠳᠠ ᠦᠭᠡᠢ ᠬᠥᠭᠵᠢᠭᠡᠬᠦ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠪᠣᠯ ᠮᠠᠨ ᠤ ᠡᠶᠢᠮᠦ ᠨᠢᠭᠡᠨ | ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ ᠲᠠᠢ ᠤᠯᠤᠰ ᠤᠨ ᠠᠤᠭ᠎ᠠ ᠠᠵᠢᠯᠯᠠᠭ᠎ᠠ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠪᠠᠶᠢᠪᠠᠰᠤ ᠵᠣᠬᠢᠬᠤ ᠠᠭᠤᠯᠭ᠎ᠠ ᠮᠥᠨ︾ ᠭᠡᠵᠦ ᠴᠢᠬᠤᠯᠠᠴᠢᠯᠠᠪᠠ᠃ ᠠᠵᠢᠯᠯᠠᠭ᠎ᠠ ᠬᠢᠪᠡᠯ ᠮᠡᠳᠡᠯᠭᠡ ᠤᠯᠠᠮ ᠳᠡᠭᠡᠭᠰᠢᠯᠡᠵᠦ᠂ ᠮᠡᠳᠡᠯᠭᠡ | ᠭᠦᠨᠵᠡᠭᠡᠶᠢᠷᠡᠪᠡᠯ ᠠᠵᠢᠯᠯᠠᠭ᠎ᠠ ᠤᠯᠠᠮ ᠪᠡᠶᠡᠯᠡᠭᠳᠡᠨ᠎ᠡ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ | ᠬᠤᠶᠠᠷ ᠢ ᠤᠶᠠᠯᠳᠤᠭᠤᠯᠬᠤ︾ ᠦᠨᠳᠦᠰᠦᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠣᠨᠣᠪᠴᠢᠲᠠᠢ ᠲᠠᠨᠢᠪᠠᠯ ᠤᠬᠳᠤ ᠭᠤᠶᠢᠪᠢᠰᠢ ᠦᠭᠡᠢ | ᠠᠳᠬᠤᠪᠠᠯ ᠪᠢᠳᠡ ᠯᠠᠪᠲᠠᠶ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠣᠲᠣ | ᠦᠶ᠎ᠡ ᠶᠢᠨ ᠪᠣᠯᠪᠠᠰᠤᠨ ᠢ ᠪᠥᠲᠥᠭᠡᠨ ᠪᠠᠶᠢᠭᠤᠯᠬᠤ ᠲᠡᠮᠡᠴᠡᠯ ᠤᠨ ᠦᠢᠯᠡᠳᠦᠯᠭᠡ ᠳᠤᠮᠳᠠ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ | ᠴᠢᠳᠠᠨ᠎ᠠ᠃ | |