ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠤᠶ᠎ᠠ
ᠨᠡᠶᠢᠲᠡᠯᠡᠭᠰᠡᠨ ᠴᠠᠭ᠄
2024/10/24
        ᠰᠢᠠᠬᠤᠧᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 15 ᠤ ᠡᠳᠦᠷ ᠤᠨ ᠮᠡᠳᠡᠭᠡ   6 ᠰᠠᠷ᠎ᠠ ᠶᠢᠨ 16 ᠤ ᠡᠳᠦᠷ ᠬᠡᠪᠯᠡᠭᠳᠡᠭᠦ 12 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠶ᠎ᠠ︾ ᠭᠡᠬᠦ ᠴᠢᠬᠤᠯᠠ ᠵᠣᠬᠢᠶᠠᠯ ᠢ ᠨᠡᠶᠢᠳᠡᠯᠡᠨ᠎ᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2017 ᠣᠨ ᠤ 10 ᠰᠠᠷ᠎ᠠ ᠠᠴᠠ 2024 ᠣᠨ ᠤ 3 ᠰᠠᠷ᠎ᠠ ᠪᠣᠯᠲᠠᠯᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠤᠨ᠎ᠠ᠃         ᠵᠤᠬᠢᠶᠠᠯ ᠳᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠤᠨᠴᠠᠯᠢᠭ ᠪᠤᠯ ᠳᠠᠷᠤᠢ ᠮᠢᠨᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠴᠢᠬᠤᠯᠠᠴᠢᠯᠠᠭᠰᠠᠨ᠂ ᠮᠠᠨ ᠤ ᠤᠯᠤᠰ ᠤᠨ ᠠᠵᠤ ᠠᠬᠤᠢ ᠨᠢᠭᠡᠨᠳᠡ ᠲᠦᠷᠭᠡᠨ ᠨᠡᠮᠡᠭᠳᠡᠯ ᠤᠨ ᠱᠠᠲᠤᠨ ᠠᠴᠠ ᠴᠢᠨᠠᠷ ᠰᠠᠶᠢᠳᠠᠢ ᠬᠦᠭᠵᠢᠯᠳᠡ ᠶᠢᠨ ᠱᠠᠳᠤᠨ ᠳᠤ ᠰᠢᠯᠵᠢᠭᠰᠡᠨ ᠶᠠᠪᠤᠳᠠᠯ ᠪᠤᠯᠤᠨ᠎ᠠ᠃ ᠴᠢᠨᠠᠷ ᠰᠠᠶᠢᠲᠠᠶ ᠬᠥᠭᠵᠢᠯᠲᠡ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠴᠢᠨᠠᠭᠰᠢᠯᠠᠪᠠᠯ ᠨᠠᠩ ᠤᠷᠲᠤ ᠬᠤᠭᠤᠴᠠᠭᠠᠨ ᠤ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠰᠡᠳᠦᠪ ᠮᠥᠨ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠪᠣᠳᠠᠰ ᠤᠨ ᠪᠠ ᠮᠡᠷᠭᠡᠵᠢᠯ ᠤᠨ ᠪᠠᠲᠤ ᠰᠠᠭᠤᠷᠢ ᠪᠠᠶᠢᠬᠤ ᠦᠭᠡᠢ ᠪᠣᠯ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠥᠲᠥᠬᠡᠨ ᠪᠠᠶᠢᠭᠤᠯᠵᠤ ᠴᠢᠳᠠᠬᠤ ᠦᠭᠡᠢ ᠶᠤᠮ᠃ ᠤᠯᠤᠰ ᠢᠶᠠᠨ ᠬᠦᠴᠤᠷᠭᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠰᠢᠨ᠎ᠡ ᠠᠶᠠᠨ ᠳᠤ ᠪᠢᠳᠡ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃         ᠵᠣᠬᠢᠶᠠᠯ ᠳᠤ᠂ ᠴᠢᠨᠠᠷ ᠰᠠᠶᠢᠲᠠᠶ ᠬᠥᠭᠵᠢᠯᠲᠡ ᠪᠣᠯ ᠳᠠᠷᠤᠶ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠬᠠᠩᠭᠠᠵᠤ ᠴᠢᠳᠠᠬᠤ ᠬᠥᠭᠵᠢᠯᠲᠡ ᠮᠥᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠬᠥᠭᠵᠢᠯᠲᠡ ᠮᠥᠨ᠂ ᠰᠢᠨ᠎ᠡ ᠶᠢ ᠡᠭᠦᠳᠬᠦ ᠪᠠᠷ ᠨᠢᠭᠡᠳᠦᠭᠡᠷ ᠬᠥᠳᠡᠯᠭᠡᠬᠦ ᠬᠦᠴᠦᠨ ᠪᠣᠯᠭᠠᠬᠤ᠂ ᠵᠣᠬᠢᠴᠠᠩᠭᠤᠶ ᠪᠠᠷ ᠳᠣᠲᠣᠭᠠᠳᠤ ᠣᠨᠴᠠᠯᠢᠭ ᠪᠣᠯᠭᠠᠬᠤ᠂ ᠪᠣᠬᠢᠷᠲᠤᠯ ᠥᠬᠡᠶ ᠪᠠᠷ ᠨᠡᠶᠢᠳᠡᠮ ᠤᠨ ᠬᠡᠯᠪᠡᠷᠢ ᠪᠤᠯᠭᠠᠬᠤ᠂ ᠨᠡᠭᠡᠭᠡᠯᠲᠡ ᠪᠠᠷ ᠵᠠᠶᠢᠯᠠᠰᠢ ᠦᠭᠡᠢ ᠶᠠᠪᠤᠬᠤ ᠵᠠᠮ ᠪᠣᠯᠭᠠᠬᠤ᠂ ᠬᠠᠮᠲᠤ ᠪᠠᠷ ᠡᠳ᠋ᠯᠡᠬᠦ ᠪᠠᠷ ᠦᠨᠳᠦᠰᠦᠨ ᠵᠣᠷᠢᠯᠭ᠎ᠠ ᠪᠣᠯᠭᠠᠬᠤ ᠬᠥᠭᠵᠢᠯᠲᠡ ᠮᠥᠨ᠃ ᠨᠠᠩ ᠲᠣᠳᠣᠷᠠᠭᠤᠯᠤᠨ ᠬᠡᠯᠡᠪᠡᠯ᠂ ᠴᠢᠨᠠᠷ ᠰᠠᠶᠢᠲᠠᠶ ᠬᠥᠭᠵᠢᠯᠲᠡ ᠪᠣᠯ ᠳᠠᠷᠤᠶ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠶᠢᠰᠢ ᠰᠢᠯᠵᠢᠬᠦ ᠶᠠᠪᠤᠳᠠᠯ ᠪᠣᠯᠤᠨ᠎ᠠ ᠭᠡᠵᠤ ᠵᠢᠭᠠᠵᠤ ᠭᠠᠷᠭᠠᠪᠠ᠃         ᠵᠣᠬᠢᠶᠠᠯ ᠳᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠦᠪᠡᠷ ᠢ ᠪᠠᠨ ᠬᠦᠴᠦᠷᠭᠡᠭᠵᠢᠭᠦᠯᠭᠦ ᠶᠢ ᠲᠦᠷᠭᠡᠨ ᠪᠡᠶᠡᠯᠡᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠶᠢᠯᠠᠰᠢ ᠦᠭᠡᠢ ᠵᠠᠮᠨᠠᠬᠤ ᠵᠠᠮ ᠮᠥᠨ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠰᠠᠭᠤᠷᠢ ᠪᠣᠯᠤᠨ᠎ᠠ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠪᠣᠯᠤᠨ᠎ᠠ᠃ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠤᠳᠤᠷᠢᠳᠬᠤ ᠺᠠᠳ᠋ᠷ ᠤᠨ ᠵᠠᠰᠠᠭ ᠤᠨ ᠠᠮᠵᠢᠯᠲᠡ ᠶᠢᠨ ᠦᠵᠡᠯᠲᠡ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠰᠠᠶᠢᠨᠳᠠᠢ ᠲᠠᠯ᠎ᠠ ᠪᠠᠨ ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠳᠤ ᠵᠣᠬᠢᠴᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠶ ᠭᠡᠵᠤ ᠵᠢᠭᠠᠵᠤ ᠭᠠᠷᠭᠠᠪᠠ᠃         ᠵᠣᠬᠢᠶᠠᠯ ᠳᠤ᠂ ᠪᠢᠳᠡ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠬᠤ ᠶᠢ ᠪᠠᠲᠤ ᠴᠡᠭᠡᠵᠢᠯᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠬᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠤᠨ ᠥᠨᠳᠥᠷ ᠲᠦᠪᠰᠢᠨ ᠪᠦᠬᠦᠢ ᠨᠡᠭᠡᠭᠡᠯᠳᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠯᠭᠠᠨ ᠬᠢᠨᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠥᠭᠡᠷᠡᠴᠢᠯᠡᠯᠲᠡ ᠶᠢ ᠴᠢᠨᠠᠬᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ