— ᠶᠡᠷᠦᠩᠬᠡᠶ ᠱᠦᠵᠢ ᠰᠢ ᠶᠢᠨ ᠫᠢᠩ ᠵᠢᠩᠨᠢᠩ ᠤᠨ ᠱᠧ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠳᠤ ᠬᠠᠷᠢᠭᠤ ᠵᠠᠬᠢᠳᠠᠯ ᠢᠯᠡᠭᠡᠭᠰᠡᠨ ᠨᠢ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠪᠠ ᠬᠠᠮᠲᠤ ᠪᠠᠷ ᠪᠠᠶᠠᠵᠢᠬᠤ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ | ᠶᠡᠷᠦᠩᠬᠡᠢ ᠱᠦᠵᠢ ᠰᠢ ᠶᠢᠨ ᠫᠢᠩ ᠤᠢᠢᠷ᠎ᠠ ᠶᠢᠨ ᠡᠳᠦᠷ ᠵᠧᠵᠢᠶᠠᠩ ᠮᠤᠵᠢ ᠶᠢᠨ ᠯᠢᠱᠦ᠋ᠢ ᠬᠤᠳᠠ ᠶᠢᠨ ᠵᠢᠩᠨᠢᠩ ᠤᠨ ᠱᠧ ᠦᠨᠳᠦᠰᠦᠲᠡᠨ ᠤ ᠥᠪᠡᠷᠲᠡᠭᠡᠨ | ᠵᠠᠰᠠᠬᠤ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠬᠠᠷᠢᠭᠤ ᠵᠠᠬᠢᠳᠠᠯ ᠢᠯᠡᠭᠡᠵᠦ᠂ ᠵᠢᠩᠨᠢᠩ ᠰᠢᠶᠠᠨ ᠪᠠᠶᠢᠭᠤᠯᠤᠭᠳᠠᠭᠰᠠᠨ 40 ᠵᠢᠯ ᠤᠨ | ᠤᠢ ᠳᠤ ᠬᠠᠯᠠᠭᠤᠨ ᠪᠠᠶᠠᠷ ᠬᠦᠷᠭᠡᠵᠦ᠂ ᠵᠢᠩᠨᠢᠩ ᠤᠨ ᠬᠥᠭᠵᠢᠯᠲᠡ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠠᠨ ᠳᠤᠷᠠᠳᠪᠠ᠃ | ᠭᠦᠨ ᠵᠤᠵᠠᠭᠠᠨ ᠬᠠᠯᠠᠮᠵᠢᠯᠠᠯ᠂ ᠨᠠᠨᠳᠢᠨ ᠬᠦᠰᠡᠯ ᠨᠠᠶᠢᠳᠠᠯᠭ᠎ᠠ᠃ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠨᠢ ᠵᠢᠩᠨᠢᠩ ᠤᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠵᠢᠴᠢ ᠦᠨᠳᠦᠰᠦᠲᠡᠨ ᠤ ᠭᠠᠵᠠᠷ ᠣᠷᠣᠨ ᠳᠤ ᠬᠠᠯᠠᠭᠤᠨ ᠲᠤᠰᠬᠠᠯ ᠭᠠᠷᠪᠠ᠃ ᠶᠡᠷᠦᠩᠬᠡᠢ ᠱᠦᠵᠢ ᠰᠢ ᠶᠢᠨ | ᠫᠢᠩ ᠵᠧᠵᠢᠶᠠᠩ ᠳᠤ ᠠᠵᠢᠯᠯᠠᠵᠤ ᠪᠠᠶᠢᠬᠤ ᠳᠠᠭᠠᠨ᠂ ᠵᠢᠩᠨᠢᠩ ᠢ ᠦᠨᠳᠦᠰᠦᠨ ᠱᠠᠲᠤᠨ ᠤ ᠠᠵᠢᠯ ᠤᠨ ᠬᠠᠷᠢᠯᠴᠠᠬᠤ ᠴᠡᠭ ᠢᠶᠠᠨ ᠪᠣᠯᠭᠠᠵᠤ ᠦᠡᠭᠭᠡᠷᠡᠵᠡᠢ᠂ ᠲᠥᠪ | ᠬᠤᠷᠢᠶᠠᠨ ᠳᠤ ᠬᠦᠷᠴᠦ ᠠᠵᠢᠯᠯᠠᠭᠰᠠᠨ ᠤ ᠲᠠᠷᠠᠭ᠎ᠠ ᠵᠢᠩᠨᠢᠩ ᠤᠨ ᠬᠥᠭᠵᠢᠯᠲᠡ ᠶᠢᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ ︽ | ᠶᠡᠷᠦᠩᠬᠡᠢ ᠱᠦᠵᠢ ᠶᠢᠨ ᠡᠨᠡ ᠤᠳᠠᠭ᠎ᠠ ᠶᠢᠨ ᠬᠠᠷᠢᠭᠤ ᠵᠠᠬᠢᠳᠠᠯ ᠳᠤ ᠱᠧ ᠦᠨᠳᠦᠰᠦᠲᠡᠨ ᠤ ᠨᠤᠳᠤᠭ ᠤᠨ ᠡᠬᠡ ᠭᠠᠵᠠᠷ ᠤᠨ ᠲᠤᠬᠠᠢ ᠬᠠᠯᠠᠮᠵᠢᠯᠠᠯ ᠰᠠᠨᠠᠭᠠᠯᠵᠠᠯ ᠪᠠ | ᠵᠢᠩᠨᠢᠩ ᠤᠨ ᠬᠥᠭᠵᠢᠯᠲᠡ ᠶᠢᠨ ᠲᠤᠬᠠᠢ ᠢᠮᠠᠬᠳᠠ ᠶᠢᠨ ᠲᠡᠭᠡᠲᠦ ᠬᠡᠮᠵᠢᠶᠡᠨ ᠤ ᠴᠢᠬᠤᠯᠠᠴᠢᠯᠠᠭ᠎ᠠ ᠪᠠ ᠬᠦᠨ ᠬᠦᠰᠡᠯ ᠨᠠᠶᠢᠳᠠᠯᠭ᠎ᠠ ᠪᠠᠭᠳᠠᠵᠤ᠂ ᠮᠠᠨ ᠤ ᠪᠦᠬᠦ ᠰᠢᠶᠠᠨ ᠤ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠶᠡᠬᠡᠳᠡ ᠵᠣᠷᠢᠭᠵᠢᠪᠠ︾ ᠭᠡᠵᠦ ᠵᠢᠩᠨᠢᠩ ᠤᠨ ᠱᠧ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠨᠠᠮ ᠤᠨ | ᠬᠤᠷᠢᠶᠠᠨ ᠤ ᠱᠦᠵᠢ ᠸᠧᠨ ᡁᠢ ᠬᠤᠩ ᠬᠡᠯᠡᠪᠡ᠃ | ᠰᠢᠶᠠᠨ ᠪᠠᠶᠢᠭᠤᠯᠤᠭᠳᠠᠭᠰᠠᠨ 40 ᠵᠢᠯ ᠤᠨ ᠲᠤᠷᠰᠢ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠩᠨᠢᠩ ᠤᠨ ᠬᠥᠭᠵᠢᠯᠲᠡ ᠶᠢ | ᠳᠡᠮᠵᠢᠬᠦ ᠲᠦᠷᠪᠡᠨ ᠡᠭᠡᠯᠵᠢ ᠶᠢᠨ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠵᠢᠩᠨᠢᠩ ᠤᠨ ᠺᠠᠳ᠋ᠷ ᠤᠯᠠᠨ ᠲᠦᠮᠡᠨ ᠦᠷᠭᠦᠯᠵᠢᠯᠡᠨ ᠲᠡᠮᠡᠴᠡᠵᠦ᠂ ᠱᠧ ᠦᠨᠳᠦᠰᠦᠲᠡᠨ | ᠤ ᠨᠤᠳᠤᠭ ᠤᠰᠤᠨ ᠤ ᠣᠨᠴᠠᠯᠢᠭ᠂ ᠠᠭᠤᠯᠠᠷᠬᠠᠭ ᠣᠷᠣᠨ ᠤ ᠣᠨᠴᠠᠯᠢᠭ᠂ ᠰᠡᠭᠦᠯᠡᠷᠭᠢ ᠬᠥᠭᠵᠢᠯᠲᠡ ᠶᠢᠨ ᠣᠨᠴᠠᠯᠢᠭ ᠲᠤ ᠰᠠᠭᠤᠷᠢᠯᠠᠵᠤ᠂ ᠠᠮᠢ ᠠᠬᠤᠢ ᠶᠢᠨ | ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠪᠠ᠃ ᠸᠧᠨ ᡁᠢ ᠬᠤᠩ ᠬᠡᠯᠡᠭᠦ ᠳᠡᠭᠡᠨ᠂ ᠲᠠᠷᠠᠭᠠᠴᠢ ᠶᠢᠨ ᠠᠯᠬᠤᠮ ᠳᠤ᠂ ᠵᠢᠩᠨᠢᠩ ᠤᠨ ᠬᠢᠨ | ᠶᠡᠷᠦᠩᠬᠡᠶ ᠱᠦᠵᠢ ᠶᠢᠨ ᠳᠤᠷᠠᠳᠤᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠲᠠᠢ ᠤᠯᠠᠮ ᠨᠢᠭᠡ ᠠᠯᠬᠤᠮ ᠬᠠᠷᠭᠤᠭᠤᠯᠵᠤ᠂ ᠰᠢᠯᠢᠳᠡᠭ ᠤᠯᠠᠮᠵᠢᠯᠠᠯ ᠢᠶᠠᠨ | ᠦᠷᠭᠦᠯᠵᠢᠯᠡᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠨ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠦᠨᠳᠦᠰᠦᠲᠡᠨ ᠤ ᠭᠠᠵᠠᠷ | ᠣᠷᠣᠨ ᠤ ᠴᠢᠨᠠᠷ ᠰᠠᠶᠢᠲᠠᠶ ᠬᠥᠭᠵᠢᠯᠲᠡ ᠪᠣᠯᠤᠨ ᠬᠠᠮᠲᠤ ᠪᠠᠷ ᠪᠠᠶᠠᠵᠢᠬᠤ ᠶᠢᠨ ᠵᠢᠱᠢᠶ᠎ᠡ ᠦᠵᠡᠭᠦᠯᠬᠦ ᠳᠠᠭᠤᠷᠢᠶᠠᠯ ᠪᠣᠯᠬᠤ ᠪᠠᠷ ᠴᠢᠷᠮᠠᠶᠢᠨ᠎ᠠ ᠭᠡᠪᠡ᠃ | ᠱᠧ ᠦᠨᠳᠦᠰᠦᠲᠡᠨ ᠤ ᠬᠤᠪᠴᠠᠰᠤ ᠵᠠᠰᠠᠯ ᠢ ᠡᠮᠦᠰᠴᠦ᠂ ᠱᠧ ᠦᠨᠳᠦᠰᠦᠲᠡᠨ ᠤ ᠲᠣᠮᠣ ᠠᠶᠠᠭ᠎ᠠ ᠲᠠᠢ ᠴᠠᠢ ᠶᠢ ᠠᠮᠰᠠᠪᠠ ᠁ ᠵᠢᠩᠨᠢᠩ ᠰᠢᠶᠠᠨ ᠤ | ᠳ᠋ᠦᠡᠭ ᠨᠦᠡᠭ ᠲᠣᠰᠬᠤᠨ ᠳᠤ᠂ ᠱᠧ ᠦᠨᠳᠦᠰᠦᠲᠡᠨ ᠤ ᠨᠤᠲᠤᠭ ᠲᠤ ᠪᠠᠨ ᠪᠤᠴᠠᠵᠤ ᠠᠵᠢᠯ ᠡᠷᠬᠢᠯᠡᠭᠰᠡᠨ ᠵᠠᠯᠠᠭᠤ ᠯᠧᠢ ᠵᠢᠩ ᠤᠨ ᠤᠷᠤᠯᠴᠠᠵᠤ ᠲᠡᠯᠭᠡᠷᠡᠭᠦᠯᠦᠭᠰᠡᠨ | ᠴᠠᠢ ᠶᠢᠨ ᠮᠤᠬᠤᠯᠠᠭ ᠤᠨ ᠬᠤᠳᠠᠯᠳᠤᠭ᠎ᠠ ᠮᠠᠰᠢ ᠰᠠᠶᠢᠨ ᠪᠠᠶᠢᠪᠠ᠃ | ︽ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠨᠢ ᠮᠠᠨ ᠤ ᠨᠤᠲᠤᠭ ᠲᠠᠭᠠᠨ ᠪᠤᠴᠠᠭᠰᠠᠨ ︿ᠬᠥᠳᠡᠭᠡ ᠠᠵᠤ ᠠᠬᠤᠢ ᠶᠢᠨ ᠰᠢᠨ᠎ᠡ ᠶᠢ | ᠡᠭᠦᠳᠦᠭᠴᠢ﹀ ᠬᠠᠮᠳᠤ ᠤᠯᠠᠨ ᠤ ᠢᠲᠡᠭᠡᠯ ᠵᠣᠷᠢᠭ ᠢ ᠬᠥᠪᠴᠢᠯᠡᠵᠡᠢ︾ ᠭᠡᠵᠦ ᠯᠧᠢ ᠵᠢᠩ ᠬᠡᠯᠡᠭᠰᠡᠨ ᠢᠶᠠᠨ ᠵᠠᠯᠭᠠᠭᠠᠳ᠂ ᠨᠤᠲᠤᠭ ᠤᠨ ᠠᠬ᠎ᠠ ᠳᠡᠭᠦᠦ ᠨᠡᠷ ᠲᠠᠢ | ᠬᠠᠮᠲᠤ ᠱᠧ ᠦᠨᠳᠦᠰᠦᠲᠡᠨ ᠤ ᠵᠠᠩ ᠠᠭᠠᠯᠢ ᠶᠢᠨ ︽ᠬᠥᠳᠡᠭᠡ ᠠᠵᠤ ᠠᠬᠤᠶ ᠵᠢᠭᠤᠯᠴᠢᠯᠠᠯ ᠤᠨ ᠠᠭᠤᠰᠤᠯᠴᠠᠯ︾ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠨᠠᠩ ᠣᠯᠠᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠨᠡᠮᠡᠭᠳᠡᠭᠦᠯᠵᠦ᠂ ᠣᠬᠤᠷ ᠸᠢᠳᠢᠣ᠋᠂ ᠰᠢᠭᠤᠳ ᠨᠡᠪᠲᠡᠷᠡᠭᠦᠯᠭᠡ ᠵᠡᠷᠭᠡ ᠰᠢᠨ᠎ᠡ ᠮᠡᠷᠭᠡᠵᠢᠯ ᠢ ᠨᠠᠩ ᠰᠠᠶᠢᠲᠤᠷ | ᠠᠰᠢᠭᠯᠠᠨ ᠣᠨᠴᠠᠯᠢᠭᠲᠤ ᠰᠣᠶᠣᠯ ᠢ ᠤᠯᠠᠮᠵᠢᠯᠠᠵᠤ᠂ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠪᠣᠷᠣᠯᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠳᠠᠶᠢᠴᠢᠯᠠᠬᠤ ᠪᠠᠷ ᠴᠢᠷᠮᠠᠶᠢᠵᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠪᠡ᠃ ᠵᠧᠵᠢᠶᠠᠩ | ᠮᠤᠵᠢ ᠶᠢᠨ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠤᠨ ᠡᠷᠬᠢᠯᠡᠭᠴᠢ ᠪᠦᠦ ᠰᠢᠤ ᠶᠢᠩ ᠬᠡᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ | ᠱᠠᠭᠠᠷᠳᠠᠯᠭ᠎ᠠ ᠶᠣᠰᠣᠭᠠᠷ᠂ ᠰᠢᠨ᠎ᠡ ᠴᠠᠭ ᠦᠶ᠎ᠡ ᠶᠢᠨ ︽ᠮᠢᠩᠭ᠎ᠠ ᠲᠦᠮᠡ ᠶᠢᠨ ᠢᠨᠵᠧᠨᠧᠷᠢᠩ︾ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠤ ᠬᠥᠳᠡᠭᠡ | ᠲᠣᠰᠬᠤᠨ ᠤ ︽ᠬᠤᠶᠠᠷ ᠠᠭᠤᠯᠠ︾ ᠶᠢ ᠤᠯᠠᠷᠢᠭᠤᠯᠬᠤ ᠵᠠᠮ ᠢ ᠥᠷᠭᠡᠳᠬᠡᠵᠦ᠂ ᠨᠢᠭᠡ ᠪᠦᠯᠦᠭ ︽ᠰᠡᠳᠬᠢᠯ ᠨᠢᠭᠡᠳᠦᠨ ᠬᠠᠮᠲᠤ ᠪᠠᠷ ᠪᠠᠶᠠᠵᠢᠬᠤ︾ ᠤᠨᠴᠠᠯᠢᠬᠳᠤ | ᠲᠦᠷᠦᠯ ᠵᠦᠢᠯ ᠢ ᠬᠦᠴᠦ ᠪᠠᠨ ᠲᠥᠪᠯᠡᠷᠡᠭᠦᠯᠦᠨ ᠪᠠᠶᠢᠭᠤᠯᠵᠤ᠂ ᠦᠨᠳᠦᠰᠦᠲᠡᠨ ᠤ ᠬᠥᠳᠡᠭᠡ ᠲᠣᠰᠬᠤᠨ ᠤ ᠬᠠᠮᠲᠤ ᠨᠡᠶᠢᠳᠡ ᠪᠣᠯᠤᠨ ᠲᠠᠷᠢᠶᠠᠴᠢᠨ ᠡᠷᠦᠬᠡ ᠶᠢᠨ | ᠬᠤᠣᠰ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠦᠨᠳᠦᠰᠦᠲᠡᠨ ᠤ ᠬᠥᠳᠡᠭᠡ ᠲᠣᠰᠬᠤᠨ ᠤ ᠪᠣᠬᠢᠷᠲᠤᠯ ᠦᠭᠡᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ | ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠤᠨ᠎ᠠ ᠭᠡᠪᠡ᠃ | ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠃ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠭᠦ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠰᠠᠭᠤᠷᠢ ᠴᠢᠨᠠᠷᠲᠠᠢ ᠦᠢᠯᠡᠰ ᠪᠣᠯᠭᠠᠨ ᠴᠢᠩᠭ᠎ᠠ | ᠠᠳᠬᠤᠵᠤ ᠰᠠᠶᠢᠲᠤᠷ ᠠᠳᠬᠤᠬᠤ ᠬᠡᠷᠡᠭᠲᠡᠢ᠃ | ᠵᠤᠨ ᠤ ᠤᠯᠠᠷᠢᠯ ᠳᠤ᠂ ᠶᠦᠨᠨᠠᠨ ᠮᠤᠵᠢ ᠶᠢᠨ ᠯᠢᠨᠼᠠᠩ ᠳᠤ ᠬᠦᠷᠭᠦᠶᠡ᠂ ᠭᠠᠵᠠᠷ ᠪᠣᠯᠭᠠᠨ ᠳᠤ ᠴᠡᠪᠡᠷ ᠴᠡᠮᠴᠡᠭᠡᠷ ᠦᠵᠡᠰᠬᠦᠯᠡᠩᠲᠦ ᠰᠠᠶᠢᠬᠠᠨ ᠲᠣᠰᠬᠤᠨ | ᠬᠠᠷᠠᠬᠳᠠᠵᠤ᠂ ᠺᠠᠳ᠋ᠷ ᠤᠯᠠᠨ ᠲᠦᠮᠡᠨ ᠤ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠪᠦᠳᠦᠭᠡᠨ ᠪᠠᠶᠢᠭᠤᠯᠵᠤ ᠪᠠᠶᠢᠭ᠎ᠠ ᠠᠮᠢᠳᠤᠯᠢᠭ ᠠᠬᠤᠢ ᠪᠠᠶᠢᠳᠠᠯ | ᠬᠠᠷᠠᠭᠳᠠᠨ᠎ᠠ᠃ | ︽ᠶᠡᠷᠦᠩᠬᠡᠶ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠨᠢ ᠮᠠᠨ ᠤ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ | ᠺᠠᠳ᠋ᠷ ᠣᠯᠠᠨ ᠲᠦᠮᠡᠨ ᠤ ᠨᠠᠩ ᠡᠷᠡᠰ ᠪᠠᠲᠤ ᠪᠠᠷ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠰᠠᠶᠢᠲᠤᠷ ᠪᠥᠲᠥᠭᠡᠨ ᠪᠠᠶᠢᠭᠤᠯᠬᠤ᠂ ᠦᠨᠳᠦᠰᠦᠲᠡᠨ ᠤ | ᠪᠦᠯᠬᠦᠮᠳᠡᠯ ᠢ ᠰᠠᠶᠢᠲᠤᠷ ᠬᠠᠮᠠᠭᠠᠯᠠᠬᠤ᠂ ᠠᠷᠢᠭᠤᠨ ᠳᠠᠷᠬᠠᠨ ᠨᠤᠲᠤᠭ ᠳᠡᠪᠢᠰᠬᠡᠷ ᠢᠶᠠᠨ ᠰᠠᠶᠢᠲᠤᠷ ᠰᠠᠬᠢᠨ ᠬᠠᠮᠠᠭᠠᠯᠠᠬᠤ ᠢᠲᠡᠭᠡᠯ ᠵᠣᠷᠢᠭ ᠢ ᠵᠤᠷᠢᠬᠵᠢᠭᠤᠯᠤᠬᠰᠠᠨ | ᠶᠤᠮ︾ ᠭᠡᠵᠦ ᠯᠢᠨᠼᠠᠩ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠵᠢᠶᠠᠨ ᠬᠤᠶ ᠬᠡᠯᠡᠭᠰᠡᠨ ᠢᠶᠠᠨ ᠵᠠᠯᠭᠠᠭᠠᠳ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠨᠡᠭᠡᠭᠡᠯᠲᠡ ᠶᠢ ᠪᠥᠬᠦ ᠲᠠᠯ᠎ᠠ ᠪᠠᠷ | ᠥᠷᠭᠡᠳᠬᠡᠵᠦ᠂ ᠬᠢᠯᠢ ᠬᠢᠵᠠᠭᠠᠷ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠪᠡ᠃ | | ᠳᠠᠭᠤᠤ ᠶᠢᠨ ᠡᠭᠡᠰᠢᠭ ᠬᠠᠨᠭ᠍ᠬᠢᠨᠠᠨ ᠪᠥᠵᠢᠭ ᠤᠨ ᠨᠠᠮᠢᠯᠵᠠᠭᠠ ᠲᠤᠳᠤᠷᠠᠨ᠎ᠠ᠃ ᠬᠥᠬᠡᠨᠠᠭᠤᠷ ᠮᠤᠵᠢ ᠶᠢᠨ ᠰᠢᠨᠢᠩ ᠬᠤᠲᠠ ᠶᠢᠨ ᠴᠧᠩ ᠵᠦᠩ ᠲᠣᠭᠤᠷᠢᠭ ᠤᠨ | ᠴᠢᠶᠠᠨ ᠶᠢᠩ ᠵᠡᠭᠡᠯᠢ ᠶᠢᠨ ᠨᠡᠶᠢᠭᠡᠮ ᠲᠣᠭᠤᠷᠢᠭ ᠲᠤ᠂ ᠡᠯ᠎ᠡ ᠦᠨᠳᠦᠰᠦᠲᠡᠨ ᠤ ᠣᠯᠠᠨ ᠲᠦᠮᠡᠨ ᠶᠠᠭ ᠨᠡᠶᠢᠭᠡᠮ ᠲᠣᠭᠤᠷᠢᠭ ᠤᠨ ᠳᠣᠯᠣᠭᠠᠨ ᠰᠠᠷ᠎ᠠ ᠶᠢᠨ ᠨᠢᠭᠡᠨ ᠤ | ᠠᠵᠢᠯᠯᠠᠭ᠎ᠠ ᠶᠢᠨ ᠫᠷᠦᠭᠷᠡᠮ ᠢ ᠪᠣᠯᠪᠠᠰᠤᠷᠠᠵᠤ ᠪᠠᠶᠢᠪᠠ᠃ | ︽ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠢ ᠨᠠᠷᠢᠨ ᠬᠢᠨᠠᠮᠠᠭᠠᠢ ᠰᠤᠷᠤᠯᠴᠠᠭᠠᠳ᠂ ᠪᠢ ᠶᠡᠷᠦᠩᠬᠡᠢ ᠱᠦᠵᠢ ᠶᠢᠨ ᠦᠨᠳᠦᠰᠦᠲᠡᠨ ᠤ | ᠭᠠᠵᠠᠷ ᠣᠷᠣᠨ ᠤ ᠤᠯᠠᠨ ᠲᠦᠮᠡᠨ ᠢ ᠬᠠᠯᠠᠮᠵᠢᠯᠠᠨ ᠴᠢᠬᠤᠯᠠᠴᠢᠯᠠᠵᠤ ᠪᠠᠶᠢᠬᠤ ᠶᠢ ᠤᠶᠢᠯᠠᠭᠠᠯ᠎ᠠ᠃ ᠮᠠᠨ ᠤ ᠴᠢᠶᠠᠨ ᠶᠢᠩ ᠵᠡᠭᠡᠯᠢ ᠶᠢᠨ ᠨᠡᠶᠢᠭᠡᠮ ᠲᠣᠭᠤᠷᠢᠭ ᠪᠣᠯ ᠤᠯᠠᠨ | ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠨᠡᠶᠢᠭᠡᠮ ᠲᠣᠭᠤᠷᠢᠭ ᠪᠣᠯᠤᠨ᠎ᠠ᠂ ᠡᠨᠡ ᠨᠢ ᠤᠯᠠᠨ ᠲᠦᠮᠡᠨ ᠳᠤ ᠦᠢᠯᠡᠴᠢᠯᠡᠬᠦ ᠠᠵᠢᠯ ᠢ ᠨᠡᠩ ᠨᠠᠷᠢᠯᠢᠭ᠂ ᠨᠡᠩ | ᠰᠠᠶᠢᠲᠤᠷ ᠬᠢᠬᠦ ᠶᠢ ᠪᠢᠳᠡᠨ ᠳᠤ ᠱᠠᠭᠠᠷᠳᠠᠵᠤ ᠪᠠᠶᠢᠨ᠎ᠠ︾ ᠭᠡᠵᠦ ᠴᠢᠶᠠᠨ ᠶᠢᠩ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠷᠦᠸᠧ | ᠯᠸᠢ ᠬᠡᠯᠡᠭᠰᠡᠨ ᠢᠶᠠᠨ ᠵᠠᠯᠭᠠᠭᠠᠳ᠂ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠴᠡᠴᠡᠭᠡᠰ ᠢ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠰᠡᠳᠬᠢᠯ ᠳᠤ ᠭᠤᠶᠢᠳᠠ ᠰᠠᠶᠢᠬᠠᠨ | ᠳᠡᠯᠭᠡᠷᠡᠭᠦᠯᠦᠨ᠎ᠡ ᠭᠡᠪᠡ᠃ ᠬᠥᠭᠵᠢᠭᠦᠯᠬᠦ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠲᠦᠯᠬᠢᠭᠦᠷ ᠮᠥᠨ᠃ | ᠳᠤᠮᠳᠠᠳᠤ ᠶᠢᠨ ᠦᠨᠳᠦᠰᠦᠲᠡᠨ ᠪᠣᠯ ᠨᠢᠭᠡᠨ ᠲᠤᠮᠤ ᠭᠡᠷ ᠪᠦᠯᠢ ᠮᠥᠨ᠂ ᠨᠢᠭᠡ ᠭᠡᠷ ᠤᠨ ᠬᠥᠮᠦᠰ ᠴᠥᠮ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠬᠡᠷᠡᠭᠲᠡᠢ᠃ | ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠲᠦᠩ ᠰᠢᠨ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠤᠨ ᠳᠡᠳ᠋ ᠳᠠᠷᠤᠭ᠎ᠠ ᠮᠠ ᠬᠤᠢ ᠬᠡᠯᠡᠭᠦ ᠳᠡᠭᠡᠨ᠂ ᠲᠦᠩ ᠰᠢᠨ ᠰᠢᠶᠠᠨ ᠤ ᠬᠢᠨ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠵᠤ᠂ ᠤᠨᠴᠠᠯᠢᠬᠳᠤ ᠲᠠᠷᠢᠶᠠᠯᠠᠩ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠰᠠᠶᠢᠲᠤᠷ ᠬᠢᠬᠦ ᠶᠢᠨ ᠬᠠᠮᠲᠤ ᠦᠳᠭᠡᠨ ᠵᠤᠵᠠᠭᠠᠨ | ᠣᠷᠣᠨ ᠨᠤᠲᠤᠭ ᠤᠨ ᠣᠨᠴᠠᠯᠢᠭ ᠲᠠᠢ ᠲᠡᠦᠬᠡ ᠰᠣᠶᠣᠯ᠂ ᠦᠨᠳᠦᠰᠦᠲᠡᠨ ᠤ ᠰᠣᠶᠣᠯ ᠪᠣᠯᠤᠨ ᠬᠤᠪᠢᠰᠬᠠᠯ ᠤᠨ ᠰᠣᠶᠣᠯ ᠢ ᠭᠦᠨᠵᠡᠭᠡᠢ ᠠᠭᠤᠳᠠᠯᠵᠤ᠂ ᠰᠣᠶᠣᠯ | ᠵᠢᠭᠤᠯᠴᠢᠯᠠᠯ ᠤᠨ ᠠᠵᠤ ᠦᠢᠯᠡᠰ ᠢ ᠬᠦᠴᠦᠷᠬᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠤᠨ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠶᠡᠷᠦᠩᠬᠡᠢ ᠱᠦᠵᠢ ᠶᠢᠨ | ᠨᠢᠩᠰᠢᠶᠠ ᠳᠤ ᠲᠠᠯᠪᠢᠬᠰᠠᠨ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ | ᠣᠷᠣᠨ ᠢ ᠪᠠᠶᠢᠭᠤᠯᠬᠤ︾ ᠱᠠᠭᠠᠷᠳᠠᠯᠭ᠎ᠠ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃ | ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠤᠹᠧᠰᠰᠤᠷ ᠶᠠᠩ ᠰᠢᠤᠢ ᠠᠶ ᠶᠢᠨ ᠦᠵᠡᠬᠦ ᠪᠠᠷ᠂ ᠤᠳᠠᠯ ᠥᠬᠡᠶ ᠬᠤᠷᠠᠯᠳᠤᠬᠤ ᠭᠡᠵᠦ ᠪᠠᠶᠢᠭ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠲᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠤᠯᠳᠠᠯᠭ᠎ᠠ ᠲᠠᠢ ᠰᠤᠳᠤᠯᠬᠤ ᠪᠣᠯᠤᠨ᠎ᠠ᠃ | ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ ᠰᠠᠭᠤᠷᠢ ᠬᠠᠷᠢᠴᠠᠩᠭᠤᠢ ᠪᠠᠭᠤᠷᠠᠢ᠂ ᠲᠡᠭᠦᠨ ᠤ ᠴᠢᠨᠠᠷ ᠰᠠᠶᠢᠲᠠᠢ ᠬᠥᠭᠵᠢᠯᠲᠡ ᠨᠢ | ᠦᠨᠳᠦᠰᠦᠲᠡᠨ ᠨᠦᠭᠦᠳ ᠤᠨ ᠬᠠᠮᠲᠤ ᠪᠠᠷ ᠪᠠᠶᠠᠵᠢᠬᠤ ᠳᠤ ᠬᠤᠯᠪᠣᠭᠳᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ | ᠪᠦᠬᠦᠯᠢ ᠴᠣᠭᠴᠠ ᠶᠢᠨ ᠠᠬᠢᠴᠠ ᠳᠤ ᠬᠤᠯᠪᠣᠭᠳᠠᠵᠤ ᠪᠠᠶᠢᠳᠠᠭ᠃ ᠦᠨᠳᠦᠰᠦᠲᠡᠨ ᠤ ᠶᠡᠭᠡ ᠳᠡᠭᠡᠳᠦ ᠰᠤᠷᠭᠠᠭᠤᠯᠢ ᠶᠢᠨ ᠪᠠᠭᠰᠢ ᠪᠣᠯᠤᠭᠰᠠᠨ ᠤ ᠬᠤᠪᠢ ᠳᠤ᠂ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣᠴᠢᠯᠠᠯ︾ ᠢ ᠭᠦᠢᠴᠡᠳ ᠰᠠᠶᠢᠲᠤᠷ ᠠᠰᠢᠭᠯᠠᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠲᠤ ᠴᠢᠨᠠᠷ ᠰᠠᠶᠢᠲᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠪᠦᠬᠦ ᠬᠦᠴᠦ ᠪᠠᠷ ᠢᠶᠠᠨ ᠬᠥᠮᠦᠵᠢᠭᠦᠯᠵᠦ᠂ ᠦᠨᠳᠦᠰᠦᠲᠡᠨ ᠤ ᠭᠠᠵᠠᠷ | ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ ᠭᠡᠪᠡ᠃ | ︵ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 26 ᠤ ᠡᠳᠦᠷ ᠤᠨ ᠴᠠᠬᠢᠯᠭᠠᠨ ᠮᠡᠳᠡᠭᠡ︶ | |