— ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ | ᠶᠠᠷᠢᠶ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠥᠭᠦᠯᠡᠬᠦ ᠨᠢ | ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠯ | ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠬᠥᠳᠡᠯᠭᠡᠬᠦ | ᠡᠨᠧᠷᠭᠢ ᠶᠢ ᠪᠤᠶᠢᠵᠢᠭᠤᠯᠬᠤ ᠬᠡᠷᠡᠭᠲᠡᠢ︾᠃ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ | ᠫᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠤᠳᠤᠷᠢᠳᠤᠮᠵᠢ ᠪᠣᠯᠬᠤ ᠪᠠᠶᠢᠷᠢ ᠰᠠᠭᠤᠷᠢ ᠪᠣᠯᠤᠨ ᠦᠨᠳᠦᠰᠦᠨ ᠲᠤᠯᠭᠠᠭᠤᠷᠢᠯᠠᠬᠤ | ᠦᠢᠯᠡᠳᠦᠯ ᠢ ᠨᠠᠷᠢᠨ ᠲᠣᠳᠣᠷᠬᠠᠢ ᠥᠭᠦᠯᠡᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠪᠠ ᠠᠵᠤ ᠦᠢᠯᠡᠰ ᠤᠨ ᠰᠢᠨ᠎ᠡ ᠶᠢ | ᠡᠭᠦᠳᠭᠦ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠳᠤ ᠠᠬᠢᠭᠤᠯᠵᠤ᠂ ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ | ᠨᠡᠮᠡᠷᠢᠯᠡᠬᠦ︾ ᠶᠢᠨ ᠲᠣᠭᠤᠷᠢᠨ ᠳᠤ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠠᠭᠤᠰᠤᠯᠴᠠᠯ ᠤᠨ ᠰᠠᠭᠤᠷᠢ᠂ ᠠᠭᠤᠰᠤᠯᠴᠠᠯ ᠤᠨ ᠵᠠᠩᠭᠢᠯᠠᠭ᠎ᠠ᠂ ᠠᠭᠤᠰᠤᠯᠴᠠᠯ ᠤᠨ | ᠠᠷᠭ᠎ᠠ ᠵᠠᠮ ᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠨᠢ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ ᠶᠢ | ᠪᠤᠢ ᠪᠣᠯᠭᠠᠵᠤ ᠴᠢᠳᠠᠬᠤ ᠪᠥᠭᠡᠳ ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠤᠯ ᠪᠤᠯᠬᠤ ᠬᠦᠴᠦᠨ ᠵᠦᠢᠯ ᠮᠥᠨ᠃ ᠰᠢᠨ᠎ᠡ ᠴᠠᠭ | ᠦᠶ᠎ᠡ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠭᠤᠣᠯ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢᠨ ᠬᠦᠲᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ ᠬᠦᠴᠦᠨ ᠢ ᠲᠦᠷᠭᠡᠨ | ᠪᠦᠷᠢᠯᠳᠦᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠰᠦᠷ ᠳᠠᠯᠠᠶᠢᠴᠠᠲᠠᠢ ᠬᠥᠳᠡᠯᠭᠡᠬᠦ ᠡᠨᠧᠷᠭᠢ ᠨᠡᠮᠡᠷᠢᠯᠡᠪᠡ᠃ ᠬᠤᠷᠠᠮᠠᠯ ᠴᠠᠬᠢᠯᠭᠠᠨ ᠬᠡᠯᠬᠢᠶ᠎ᠡ᠂ ᠵᠣᠬᠢᠶᠠᠮᠠᠯ ᠤᠶᠤᠨ | ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠥᠷᠨᠢᠭᠦᠨ ᠬᠥᠭᠵᠢᠭᠰᠡᠨ ᠠᠴᠠ ᠠᠪᠤᠭᠠᠳ ᠤᠯᠤᠰ ᠲᠠᠭᠠᠨ ᠦᠢᠯᠡᠳᠪᠦᠷᠢᠯᠡᠭᠰᠡᠨ ᠲᠤᠮᠤ ᠨᠢᠰᠬᠡᠯ ᠬᠤᠳᠠᠯᠳᠤᠭᠠᠨ ᠤ | ᠨᠢᠰᠦᠯᠲᠡ ᠶᠢ ᠪᠡᠶᠡᠯᠡᠭᠦᠯᠦᠭᠰᠡᠨ ᠬᠦᠷᠲᠡᠯ᠎ᠡ᠂ ᠲᠠᠬᠢᠭᠠᠳ ᠰᠢᠨ᠎ᠡ ᠡᠨᠧᠷᠭᠢ ᠶᠢᠨ ᠮᠠᠰᠢᠨ ᠲᠡᠷᠭᠡ ᠪᠦᠬᠦ ᠪᠥᠮᠪᠥᠷᠴᠡᠭ ᠤᠨ ᠮᠠᠰᠢᠨ ᠲᠡᠷᠭᠡᠨ ᠤ ᠠᠵᠤ ᠦᠢᠯᠡᠰ ᠲᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠬᠦᠷᠲᠡᠯ᠎ᠡ᠂ ᠨᠢᠭᠡ ᠪᠦᠯᠦᠭ ᠳᠡᠭᠡᠳᠦ ᠲᠡᠰᠴᠢᠯᠡᠭᠰᠡᠨ᠂ ᠤᠶᠤᠨᠴᠢᠯᠠᠬᠰᠠᠨ᠂ ᠪᠣᠬᠢᠷᠲᠤᠯ ᠦᠭᠡᠢ ᠰᠢᠨ᠎ᠡ ᠬᠡᠯᠪᠡᠷᠢ ᠶᠢᠨ | ᠲᠤᠯᠭᠠᠭᠤᠷᠢ ᠠᠵᠤ ᠦᠢᠯᠡᠰ ᠲᠦᠷᠭᠡᠨ ᠬᠥᠭᠵᠢᠵᠦ᠂ ᠮᠠᠨ ᠤ ᠤᠯᠤᠰ ᠤᠨ ᠠᠵᠤ ᠠᠬᠤᠢ ᠶᠢᠨ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠡᠷᠬᠡ | ᠲᠡᠭᠰᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠠᠬᠢᠭᠤᠯᠪᠠ᠃ ᠣᠳᠣᠬᠠᠨ ᠳᠤ᠂ ᠰᠢᠨ᠎ᠡ ᠨᠢᠭᠡ ᠡᠭᠡᠯᠵᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠮᠡᠷᠭᠡᠵᠢᠯ ᠤᠨ ᠰᠢᠨ᠎ᠡ ᠶᠢ | ᠡᠭᠦᠳᠬᠦ ᠠᠵᠢᠯ ᠤᠷᠢᠳ ᠡᠮᠦᠨ᠎ᠡ ᠪᠠᠶᠢᠭ᠎ᠠ ᠦᠭᠡᠢ ᠬᠥᠭᠵᠢᠶᠡᠨᠲᠡᠢ ᠬᠤᠭᠤᠴᠠᠭᠠᠨ ᠳᠤ ᠣᠷᠣᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠶ ᠠᠭᠤᠰᠤᠯᠴᠠᠯ ᠢ ᠯᠠᠪᠳᠠᠭᠤᠨ ᠪᠠᠳᠤ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ᠂ ᠥᠨᠳᠥᠷ | ᠲᠦᠪᠰᠢᠨ ᠪᠥᠬᠦᠶ ᠠᠮᠤᠷ ᠲᠦᠪᠰᠢᠨ ᠢ ᠪᠠᠲᠤᠯᠠᠪᠠᠯ ᠰᠠᠶ᠋ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠥᠯᠳᠦᠭᠡᠨ ᠪᠠ ᠢᠷᠡᠭᠡᠳᠦᠶ ᠶᠢᠨ ᠬᠥᠭᠵᠢᠯᠲᠡ ᠶᠢᠨ | ᠠᠰᠢᠭᠲᠠᠶ ᠪᠠᠶᠢᠷᠢ ᠶᠢ ᠵᠠᠪᠳᠤᠨ ᠡᠵᠡᠯᠡᠵᠦ᠂ ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠵᠦ᠂ ᠬᠥᠭᠵᠢᠯᠲᠡ ᠶᠢᠨ | ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠣᠶ ᠪᠣᠯᠭᠠᠵᠤ ᠴᠢᠳᠠᠨ᠎ᠠ᠃ | ︽ᠠᠭᠤᠰᠤᠯᠴᠠᠯ ᠤᠨ ᠰᠠᠭᠤᠷᠢ ᠪᠣᠯ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠬᠦ ᠶᠠᠪᠤᠳᠠᠯ ᠪᠣᠯᠤᠨ᠎ᠠ︾᠃ | ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ ᠬᠦᠴᠦᠨ ᠨᠢ ᠭᠤᠣᠯᠳᠠᠭᠤ ᠮᠡᠷᠭᠡᠵᠢᠯ ᠤᠨ ᠬᠤᠪᠢᠰᠬᠠᠯᠲᠤ ᠴᠢᠨᠠᠷᠲᠠᠢ ᠰᠢᠪᠲᠤᠯᠤᠯᠲᠠ ᠠᠴᠠ ᠪᠤᠢ ᠪᠣᠯᠵᠠᠢ᠂ ᠡᠨᠡ ᠨᠢ | ᠪᠢᠳᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠢᠯᠠᠩᠭᠤᠶ᠎ᠠ ᠤᠤᠭᠠᠯ ᠡᠭᠦᠳᠦᠯᠲᠡ ᠶᠢᠨ ᠴᠢᠨᠠᠷᠲᠠᠢ᠂ ᠨᠤᠷᠠᠭᠠᠯᠲᠠ ᠶᠢᠨ ᠴᠢᠨᠠᠷᠲᠠᠢ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ᠂ ᠤᠤᠭᠠᠯ ᠡᠭᠦᠳᠦᠯᠲᠡ ᠶᠢᠨ ᠴᠢᠨᠠᠷᠲᠠᠢ᠂ ᠨᠤᠷᠠᠭᠠᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠢ ᠥᠷᠢᠰᠥᠯᠳᠦᠭᠦᠯᠦᠨ ᠢᠯᠡᠷᠡᠭᠦᠯᠵᠦ᠂ ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ | ᠬᠥᠳᠡᠯᠭᠡᠬᠦ ᠡᠨᠧᠷᠭᠢ ᠶᠢ ᠪᠤᠶᠢᠵᠢᠭᠤᠯᠬᠤ ᠶᠢ ᠱᠠᠭᠠᠷᠳᠠᠵᠤ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠬᠦᠷᠢᠶ᠎ᠡ ᠪᠣᠯᠤᠨ ᠪᠠᠭᠤᠷᠠᠶ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠠᠮᠠᠯ ᠴᠠᠬᠢᠯᠭᠠᠨ ᠬᠡᠯᠬᠢᠶ᠎ᠡ᠂ ᠠᠵᠤ ᠦᠢᠯᠡᠳᠪᠦᠷᠢ ᠶᠢᠨ ᠰᠠᠭᠤᠷᠢ ᠮᠠᠰᠢᠨ᠂ ᠰᠠᠭᠤᠷᠢ ᠵᠥᠭᠡᠯᠡᠨ ᠲᠣᠨᠤᠭ᠂ | ᠲᠡᠷᠢᠭᠦᠨ ᠤ ᠮᠠᠲ᠋ᠧᠷᠢᠶᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ᠂ ᠭᠤᠤᠯ ᠡᠭᠦᠯᠳᠡᠷ ᠤᠨ ᠡᠬᠢ ᠰᠤᠷᠪᠤᠯᠵᠢ ᠵᠡᠷᠭᠡ ᠪᠣᠭᠤᠮᠢ ᠳᠤ ᠴᠢᠭᠯᠡᠭᠦᠯᠦᠨ᠂ | ᠮᠡᠷᠭᠡᠵᠢᠯ ᠤᠨ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠲᠠᠭᠠᠭᠠᠬᠤ | ᠪᠠ ᠠᠮᠤᠷ ᠲᠦᠪᠰᠢᠨ ᠡᠵᠡᠮᠳᠡᠵᠦ ᠪᠣᠯᠬᠤ ᠶᠢ ᠦᠨᠡᠨ ᠬᠦ ᠪᠠᠲᠤᠯᠠᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ︔ | ᠢᠷᠡᠭᠡᠳᠦᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠵᠤ ᠦᠢᠯᠡᠰ ᠤᠨ ᠬᠥᠭᠵᠢᠯᠲᠡ ᠶᠢᠨ ᠠᠰᠢᠭᠲᠠᠢ ᠪᠠᠶᠢᠷᠢ ᠶᠢ ᠬᠠᠷᠠᠭᠠᠯᠠᠨ᠂ ᠰᠢᠨ᠎ᠡ ᠨᠢᠭᠡ ᠦᠶ᠎ᠡ ᠶᠢᠨ | ᠮᠡᠳᠡᠭᠡ ᠵᠠᠩᠭᠢ ᠶᠢᠨ ᠮᠡᠷᠭᠡᠵᠢᠯ᠂ ᠵᠣᠬᠢᠶᠠᠮᠠᠯ ᠤᠶᠤᠨ᠂ ᠺᠸᠠᠨ᠋ᠲ ᠤᠨ ᠰᠢᠨᠵᠢᠯᠡᠬᠦ ᠤᠬᠠᠭᠠᠨ ᠮᠡᠷᠭᠡᠵᠢᠯ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠷᠭᠡᠳᠬᠡᠵᠦ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠭᠦ ᠬᠡᠷᠡᠭᠲᠡᠢ︔ ᠰᠢᠨ᠎ᠡ ᠮᠡᠷᠭᠡᠵᠢᠯ ᠢ ᠢᠳᠡᠪᠬᠢᠲᠡᠢ ᠬᠡᠷᠡᠭᠯᠡᠨ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠰ ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠶᠢ | ᠠᠬᠢᠭᠤᠯᠬᠤ ᠬᠡᠷᠡᠭᠲᠡᠢ᠃ | ︽ᠠᠭᠤᠰᠤᠯᠴᠠᠯ ᠤᠨ ᠵᠠᠩᠭᠢᠯᠠᠭ᠎ᠠ ᠪᠤᠯ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠪᠠᠶᠢᠷᠢ ᠰᠠᠭᠤᠷᠢ ᠶᠢ ᠴᠢᠩᠭᠠᠳᠬᠠᠬᠤ ᠶᠠᠪᠤᠳᠠᠯ ᠪᠣᠯᠤᠨ᠎ᠠ︾᠃ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠭᠤᠣᠯ ᠴᠣᠭᠴᠠ ᠮᠥᠨ᠂ ᠰᠢᠨ᠎ᠡ ᠶᠢ ᠡᠭᠦᠳᠬᠦ ᠪᠠ | ᠡᠭᠦᠳᠦᠨ ᠪᠦᠲᠦᠭᠡᠬᠦ ᠶᠢ ᠠᠬᠢᠭᠤᠯᠬᠤ ᠰᠢᠨ᠎ᠡ ᠬᠦᠴᠦᠨ ᠮᠥᠨ᠃ ᠲᠦᠷᠢᠮ ᠤᠨ ᠲᠠᠯ᠎ᠠ ᠠᠴᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠰᠤᠳᠤᠯᠤᠨ ᠨᠡᠭᠡᠭᠡᠬᠦ ᠣᠷᠣᠭᠤᠯᠤᠯᠲᠠ ᠬᠢᠬᠦ᠂ ᠰᠢᠨᠵᠢᠯᠡᠬᠦ ᠤᠬᠠᠭᠠᠨ ᠤ ᠰᠤᠳᠤᠯᠭᠠᠨ ᠢ ᠵᠣᠬᠢᠶᠠᠨ ᠪᠠᠶᠢᠭᠤᠯᠬᠤ ᠪᠠ ᠦᠷ᠎ᠡ | ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠭᠤᠣᠯ ᠴᠣᠭᠴᠠ ᠪᠣᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠬᠤᠷᠠᠮᠠᠯ ᠰᠢᠨ᠎ᠡ ᠶᠢ ᠡᠭᠦᠳᠬᠦ᠂ | ᠲᠠᠪᠴᠠᠩ ᠢ ᠵᠤᠬᠢᠶᠠᠨ ᠪᠠᠶᠢᠭᠤᠯᠬᠤ ᠶᠢᠨ ᠳᠠᠪᠠᠭᠤᠯᠢᠭ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠦᠴᠦᠷᠬᠡᠭ ᠪᠠᠶᠢᠬᠤ ᠠᠴᠠ | ᠠᠪᠤᠭᠠᠳ ᠠᠵᠤ ᠠᠬᠤᠶᠢᠯᠠᠯ ᠬᠦᠴᠦᠷᠬᠡᠭ᠂ ᠠᠵᠤ ᠦᠢᠯᠡᠰ ᠬᠦᠴᠦᠷᠬᠡᠭ᠂ ᠠᠵᠤ ᠠᠬᠤᠢ ᠬᠦᠴᠦᠷᠬᠡᠭ ᠪᠣᠯᠬᠤ ᠵᠠᠮ ᠢ ᠨᠡᠪᠲᠡᠷᠡᠭᠦᠯᠬᠦ ᠬᠡᠷᠡᠭᠲᠡᠢ︔ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠳᠠᠭᠠᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠ ᠪᠠᠭ᠎ᠠ ᠠᠵᠤ | ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ | ᠠᠵᠤ ᠠᠬᠤᠶᠢᠯᠠᠯ ᠤᠨ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠲᠦᠷᠦᠭᠦᠯᠡᠨ ᠬᠢᠬᠦ ᠪᠤᠶᠤ ᠲᠡᠭᠦᠨ ᠳᠤ | ᠣᠷᠣᠯᠴᠠᠬᠤ ᠶᠢ ᠳᠡᠮᠵᠢᠬᠦ ᠬᠡᠷᠡᠭᠲᠡᠢ︔ ᠠᠵᠤ ᠠᠬᠤᠶᠢᠯᠠᠯ ᠤᠨ ︽ᠰᠡᠳᠦᠪ ᠭᠠᠷᠭᠠᠭᠴᠢ︾᠂ ︽ᠰᠡᠳᠦᠪ ᠬᠠᠷᠢᠭᠤᠯᠤᠭᠴᠢ︾᠂ ︽ᠰᠢᠯᠭᠠᠯᠳᠠ ᠬᠢᠨᠠᠬᠴᠢ︾ | ᠪᠣᠯᠬᠤ ᠶᠢ ᠳᠡᠮᠵᠢᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠯᠤᠭ᠎ᠠ ᠨᠢᠭᠲᠠ ᠬᠠᠮᠳᠤᠷᠠᠯᠴᠠᠬᠤ ᠪᠤᠯᠭᠠᠵᠤ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠬᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠳᠤ | ᠬᠠᠨᠳᠤᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠳᠠᠯ ᠢ ᠬᠠᠮᠲᠤ ᠪᠠᠷ ᠲᠤᠩᠭᠠᠨ ᠪᠣᠯᠪᠠᠰᠤᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠣᠭᠤᠮᠲᠠ ᠰᠢᠪᠳᠤᠯᠬᠤ ᠠᠵᠢᠯ ᠢ ᠬᠠᠮᠲᠤᠷᠠᠨ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠬᠠᠮᠵᠢᠯᠴᠠᠨ ᠬᠥᠮᠦᠵᠢᠭᠦᠯᠵᠦ᠂ ᠠᠵᠤ | ᠠᠬᠤᠶᠢᠯᠠᠯ ᠢᠶᠠᠷ ᠭᠤᠤᠯᠯᠠᠭᠤᠯᠤᠬᠰᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠠᠬᠢᠭᠤᠯᠬᠤ | ᠬᠡᠷᠡᠭᠲᠡᠶ᠃ | ︽ᠠᠭᠤᠰᠤᠯᠴᠠᠯ ᠤᠨ ᠠᠷᠭ᠎ᠠ ᠵᠠᠮ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠵᠤ ᠬᠡᠷᠡᠭᠯᠡᠬᠦ ᠶᠢ | ᠠᠬᠢᠭᠤᠯᠬᠤ ᠶᠠᠪᠤᠳᠠᠯ ᠪᠣᠯᠤᠨ᠎ᠠ︾᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠭᠠᠭᠴᠠ ᠬᠦ ᠤᠯᠤᠰ ᠣᠷᠣᠨ ᠤ ᠬᠡᠷᠡᠭᠴᠡᠭᠡ᠂ ᠠᠷᠠᠳ | ᠲᠦᠮᠡᠨ ᠤ ᠱᠠᠭᠠᠷᠳᠠᠯᠭ᠎ᠠ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠲᠤᠷᠰᠢᠯᠲᠠ ᠬᠢᠵᠦ ᠨᠡᠭᠡᠭᠡᠨ | ᠬᠥᠭᠵᠢᠭᠦᠯᠬᠦ᠂ ᠳᠡᠯᠭᠡᠷᠡᠭᠦᠯᠦᠨ ᠬᠡᠷᠡᠭᠯᠡᠬᠦ ᠭᠤᠷᠪᠠᠨ ᠱᠠᠲᠤᠨ ᠤ ᠦᠰᠦᠷᠦᠯᠲᠡ ᠶᠢ ᠪᠡᠶᠡᠯᠡᠭᠦᠯᠪᠡᠯ ᠰᠠᠶ᠋ᠢ ᠰᠢᠨ᠎ᠡ ᠶᠢ ᠡᠭᠦᠳᠬᠦ ᠦᠷᠲᠡᠭ ᠢ ᠦᠨᠡᠨ ᠬᠦ ᠪᠡᠶᠡᠯᠡᠭᠦᠯᠵᠦ᠂ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠡᠶᠡᠯᠡᠭᠦᠯᠵᠦ ᠴᠢᠳᠠᠨ᠎ᠠ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢᠨ ᠢᠯᠡᠷᠡᠬᠦ ᠬᠡᠯᠪᠡᠷᠢ ᠨᠢ ᠰᠢᠨ᠎ᠡ ᠠᠵᠤ ᠦᠢᠯᠡᠰ ᠢ | ᠪᠤᠢ ᠪᠣᠯᠭᠠᠵᠤ᠂ ᠠᠵᠤ ᠦᠢᠯᠡᠰ ᠤᠨ ᠭᠦᠨᠵᠡᠭᠡᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠶᠠᠪᠤᠳᠠᠯ ᠪᠣᠯᠤᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠳᠤ ᠠᠬᠢᠭᠤᠯᠬᠤ ᠳᠤ᠂ | ᠴᠠᠭ ᠲᠤᠬᠠᠢ ᠳᠤᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠪᠣᠳᠠᠲᠠᠢ ᠠᠵᠤ ᠦᠢᠯᠡᠰ ᠪᠠ ᠠᠵᠤ ᠦᠢᠯᠡᠰ ᠤᠨ | ᠬᠡᠯᠬᠢᠶ᠎ᠡ ᠳᠤ ᠬᠡᠷᠡᠭᠯᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠠᠵᠤ ᠦᠢᠯᠡᠰ ᠤᠨ ᠰᠠᠭᠤᠷᠢ ᠳᠠᠪᠠᠭᠤᠯᠢᠭ ᠪᠠ ᠭᠡᠳᠤ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠤᠰ ᠤᠨ ᠮᠡᠷᠭᠡᠵᠢᠯ ᠢ ᠰᠢᠯᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠦᠷᠦ ᠶᠢᠨ | ᠪᠤᠳᠤᠯᠭ᠎ᠠ ᠶᠢᠨ ᠳᠡᠮᠵᠢᠯᠭᠡ ᠪᠠ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠪᠡᠶ᠎ᠡ ᠪᠠᠨ ᠳᠠᠭᠠᠭᠠᠵᠤ ᠪᠤᠭᠤᠮᠳᠠ ᠰᠢᠪᠳᠤᠯᠬᠤ ᠦᠢᠯᠡᠳᠬᠦᠨ ᠢ | ᠳᠡᠯᠭᠡᠷᠡᠭᠦᠯᠦᠨ ᠬᠡᠷᠡᠭᠯᠡᠬᠦ ᠪᠠ ᠲᠡᠰ ᠳᠡᠪᠰᠢᠬᠦ ᠶᠢ ᠠᠬᠢᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠯᠢᠭᠡᠷ | ᠬᠡᠪ ᠠᠴᠠ ᠨᠢ ᠦᠢᠯᠡᠳᠬᠦᠨ ᠪᠣᠯᠭᠠᠨ ᠬᠤᠪᠢᠷᠠᠭᠤᠯᠵᠤ᠂ ᠠᠵᠤ ᠦᠢᠯᠡᠰ ᠢ ᠪᠤᠢ ᠪᠣᠯᠭᠠᠬᠤ ᠬᠡᠷᠡᠭᠲᠡᠢ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠮᠥᠩᠭᠦᠨ | ᠭᠦᠢᠯᠭᠡᠭᠡ ᠭᠡᠬᠦ ᠡᠨᠡ ᠬᠦ ᠠᠵᠢᠯ ᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠬᠦᠷᠦᠩᠭᠡ ᠶᠢᠨ ᠡᠷᠲᠡ ᠪᠡᠯᠡ ᠣᠷᠣᠭᠤᠯᠬᠤ᠂ ᠪᠠᠭ᠎ᠠ ᠪᠡᠯᠡ ᠣᠷᠣᠭᠤᠯᠬᠤ᠂ ᠤᠷᠳᠤ | ᠬᠤᠭᠤᠴᠠᠭ᠎ᠠ ᠪᠠᠷ ᠪᠡᠯᠡ ᠣᠷᠣᠭᠤᠯᠬᠤ᠂ ᠬᠠᠲᠠᠭᠤ ᠰᠢᠨᠵᠢᠯᠡᠬᠦ ᠤᠬᠠᠭᠠᠨ ᠮᠡᠷᠭᠡᠵᠢᠯ ᠢ ᠣᠷᠣᠭᠤᠯᠬᠤ ᠶᠢ ᠬᠦᠳᠦᠯᠦᠨ ᠵᠢᠯᠤᠭᠤᠳᠬᠤ ᠬᠡᠷᠡᠭᠳᠡᠢ᠃ | ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ | ᠡᠭᠦᠷᠭᠡ ᠮᠥᠨ᠂ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠦᠳᠦᠯᠦᠨ | ᠳᠠᠭᠠᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ᠂ ᠰᠢᠨ᠎ᠡ ᠶᠢ ᠡᠭᠦᠳᠬᠦ ᠶᠢ | ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠡᠷᠢᠯᠬᠢᠯᠡᠵᠦ ᠪᠠᠶᠢᠭ᠎ᠠ ᠶᠠᠪᠤᠳᠠᠯ ᠮᠦᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠳᠤ ᠠᠬᠢᠭᠤᠯᠪᠠᠯ᠂ ᠯᠠᠪᠲᠠᠢ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠪᠠᠲᠤ ᠪᠠᠬᠢ ᠪᠣᠳᠠᠰ ᠤᠨ ᠪᠠ ᠮᠡᠷᠭᠡᠵᠢᠯ ᠤᠨ ᠰᠠᠭᠤᠷᠢ ᠶᠢ ᠴᠣᠭᠴᠠᠯᠠᠨ ᠥᠭᠴᠦ᠂ ᠰᠢᠨ᠎ᠡ ᠠᠶᠠᠨ ᠳᠤ ᠲᠠᠰᠤᠷᠠᠯᠳᠠ ᠦᠭᠡᠢ ᠰᠠᠨᠠᠭᠠᠴᠢᠯᠠᠭᠠᠲᠤ | ᠡᠷᠬᠡ ᠶᠢ ᠣᠯᠵᠤ᠂ ᠳᠠᠪᠠᠭᠤᠯᠢᠭ ᠪᠠᠶᠢᠷᠢ ᠶᠢ ᠣᠯᠵᠤ᠂ ᠢᠷᠡᠭᠡᠳᠦᠢ ᠶᠢ ᠣᠯᠵᠤ ᠴᠢᠳᠠᠨ᠎ᠠ᠃ | |