ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2024/10/24
        ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 30 ᠤ ᠡᠳᠦᠷ ᠤᠨ ᠮᠡᠳᠡᠭᠡ   7 ᠰᠠᠷ᠎ᠠ ᠶᠢᠨ 1 ᠤ ᠡᠳᠦᠷ ᠬᠡᠪᠯᠡᠭᠳᠡᠬᠦ 13 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ 2022 ᠣᠨ ᠤ 10 ᠰᠠᠷ᠎ᠠ ᠶᠢᠨ 16 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠤᠨ ᠨᠢᠭᠡ ᠬᠡᠰᠡᠭ ᠪᠤᠯᠬᠤ ︽ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠶᠢ ᠨᠡᠶᠢᠲᠡᠯᠡᠪᠡ᠃         ᠵᠣᠬᠢᠶᠠᠯ ᠳᠤ᠂ ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠦᠮᠳᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ ᠭᠡᠵᠦ ᠴᠢᠬᠤᠯᠠᠴᠢᠯᠠᠪᠠ᠃         ᠵᠣᠬᠢᠶᠠᠯ ᠳᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠳᠠ ᠬᠢᠭᠰᠡᠨ ᠠᠴᠠ ᠨᠠᠭᠠᠰᠢᠬᠢ ᠤᠷᠳᠤ ᠬᠤᠭᠤᠴᠠᠭᠠᠨ ᠤ ᠰᠦᠪᠡᠭᠴᠢᠯᠡᠯᠳᠡ ᠪᠠ ᠦᠢᠯᠡᠳᠦᠯᠭᠡ ᠶᠢᠨ ᠰᠠᠭᠤᠷᠢᠨ ᠳᠡᠭᠡᠷ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠰᠢᠨ᠎ᠡ ᠶᠢ ᠡᠭᠦᠳᠬᠦ ᠰᠢᠪᠲᠤᠯᠤᠯᠲᠠ ᠬᠢᠬᠦ ᠪᠠᠷ ᠲᠠᠮᠵᠢᠨ᠂ ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠠᠬᠢᠭᠤᠯᠤᠨ ᠥᠷᠭᠡᠳᠬᠡᠪᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠦᠮᠳᠦ ᠣᠳᠣᠬᠢᠴᠢᠯᠠᠯᠲᠠ ᠮᠥᠨ᠂ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠪᠦᠭᠡᠳ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠳᠤᠮᠳᠠᠳᠤ ᠤᠯᠤᠰ ᠤᠨ ᠣᠨᠴᠠᠯᠢᠭ ᠲᠠᠢ ᠶᠤᠮ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠦᠨ ᠠᠮᠠ ᠶᠢᠨ ᠬᠡᠪᠴᠢᠶ᠎ᠡ ᠪᠠᠷ ᠯᠤᠲᠤ ᠶᠡᠭᠡ ᠣᠳᠣᠬᠢᠴᠢᠯᠠᠯᠲᠠ᠂ ᠪᠦᠬᠦ ᠠᠷᠠᠳ ᠲᠦᠮᠡᠨ ᠬᠠᠮᠲᠤ ᠪᠠᠷ ᠪᠠᠶᠠᠵᠢᠬᠤ ᠣᠳᠣᠬᠢᠴᠢᠯᠠᠯᠲᠠ᠂ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠵᠦ᠂ ᠪᠥᠬᠦ ᠶᠠᠪᠤᠴᠠ ᠳᠤ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠵᠤ᠂ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠪᠠᠶᠢᠳᠠᠯ ᠢ ᠡᠭᠦᠳᠬᠦ ᠶᠠᠪᠤᠳᠠᠯ ᠪᠤᠯᠤᠨ᠎ᠠ ᠭᠡᠵᠦ ᠵᠢᠭᠠᠵᠤ ᠭᠠᠷᠭᠠᠪᠠ᠃         ᠵᠣᠬᠢᠶᠠᠯ ᠳᠤ᠂ ᠨᠡᠶᠢᠭᠡᠮ ᠵᠢᠷᠦᠮᠳᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ᠂ ᠶᠡᠷᠦᠩᠬᠡᠢ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠪᠣᠯ ᠬᠤᠶᠠᠷ ᠠᠯᠬᠤᠮ ᠢᠶᠠᠷ ᠶᠠᠪᠤᠬᠤ ᠶᠠᠪᠤᠳᠠᠯ ᠪᠣᠯᠤᠨ᠎ᠠ᠄ 2020 ᠣᠨ ᠠᠴᠠ 2035 ᠣᠨ ᠪᠣᠯᠲᠠᠯ᠎ᠠ ᠨᠡᠶᠢᠭᠡᠮ ᠵᠢᠷᠦᠮᠳᠦ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ 2035 ᠣᠨ ᠠᠴᠠ ᠲᠤᠰ ᠵᠠᠭᠤᠨ ᠤ ᠳᠤᠮᠳᠠᠴᠢ ᠦᠶ᠎ᠡ ᠪᠣᠯᠲᠠᠯ᠎ᠠ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠤᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠣᠯ ᠨᠢᠭᠡᠨ ᠠᠭᠤᠤ ᠶᠡᠭᠡ ᠪᠥᠭᠡᠳ ᠪᠡᠷᠬᠡ ᠬᠠᠲᠠᠭᠤᠵᠢᠯᠲᠠᠶ ᠦᠢᠯᠡᠰ ᠮᠥᠨ᠂ ᠢᠷᠡᠭᠡᠳᠦᠶ ᠭᠡᠭᠡᠨ ᠰᠠᠷᠠᠭᠤᠯ᠂ ᠡᠭᠦᠷᠭᠡ ᠬᠦᠨᠳᠦ ᠵᠠᠮ ᠬᠤᠯᠠ ᠶᠤᠮ᠃ ᠤᠷᠤᠭᠰᠢᠯᠠᠯᠲᠠ ᠶᠢᠨ ᠵᠠᠮ ᠳᠡᠭᠡᠷ᠎ᠡ ᠡᠷᠬᠡᠪᠰᠢ ᠳᠣᠣᠷᠠᠬᠢ ᠴᠢᠬᠤᠯᠠ ᠶᠡᠭᠡ ᠵᠠᠷᠴᠢᠮ ᠢ ᠪᠠᠲᠤ ᠡᠵᠡᠮᠰᠢᠬᠦ ᠬᠡᠷᠡᠭᠲᠡᠢ᠄ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠵᠣᠬᠢᠶᠠᠯ ᠳᠤ᠂ ᠥᠨᠥᠳᠦᠷ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠳᠤ ᠲᠡᠦᠬᠡ ᠶᠢᠨ ᠠᠯᠢ ᠴᠤ ᠦᠶ᠎ᠡ ᠠᠴᠠ ᠨᠡᠩ ᠢᠯᠡᠭᠦᠦ ᠣᠶᠢᠷᠠᠳᠴᠤ᠂ ᠡᠨᠡ ᠬᠦ ᠬᠠᠷᠠᠯᠲᠠ ᠶᠢ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠡᠦᠬᠡ ᠶᠢᠨ ᠠᠯᠢ ᠴᠤ ᠦᠶ᠎ᠡ ᠠᠴᠠ ᠨᠡᠩ ᠢᠯᠡᠭᠦᠦ ᠴᠢᠩᠭᠠᠷᠠᠵᠠᠢ᠂ ᠡᠭᠦᠨ ᠤ ᠵᠡᠷᠭᠡ ᠪᠠᠷ ᠡᠷᠬᠡᠪᠰᠢ ᠨᠡᠩ ᠪᠡᠷᠭᠡ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃ ᠪᠦᠬᠦ ᠨᠠᠮ ᠢᠶᠠᠷ ᠢᠶᠠᠨ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠵᠦ ᠬᠤᠪᠢᠷᠠᠯᠲᠠ ᠶᠢ ᠠᠷᠭᠠᠴᠠᠨ ᠬᠤᠪᠢᠷᠠᠯᠳᠠ ᠶᠢ ᠡᠷᠢᠯᠬᠢᠯᠡᠵᠦ᠂ ᠰᠠᠨᠠᠭᠠᠴᠢᠯᠠᠭ᠎ᠠ ᠠᠴᠠ ᠪᠠᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠤᠯᠬᠤ ᠬᠡᠷᠡᠭᠲᠡᠢ︕ ᠭᠡᠵᠦ ᠴᠢᠬᠤᠯᠠᠴᠢᠯᠠᠪᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ