ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠦᠷ ᠳᠠᠯᠠᠶᠢᠴᠠᠲᠠᠶ ᠬᠦᠴᠦᠨ ᠢ ᠨᠢᠬᠳᠠᠷᠠᠭᠤᠯᠰᠤᠭᠠᠢ ︵ᠬᠤᠷᠢᠶᠠᠨ ᠤ ᠥᠭᠦᠯᠡᠯ︶
ᠨᠡᠶᠢᠲᠡᠯᠡᠭᠰᠡᠨ ᠴᠠᠭ᠄
2024/10/24
               — ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ         ᠲᠡᠦᠬᠡ ᠰᠦᠷ ᠳᠠᠯᠠᠶᠢᠴᠠᠲᠠᠢ ᠠᠶᠠᠨ ᠢ ᠭᠡᠷᠡᠴᠢᠯᠡᠵᠦ᠂ ᠴᠠᠭ ᠬᠤᠭᠤᠴᠠᠭ᠎ᠠ ᠲᠡᠮᠡᠴᠡᠯ ᠤᠨ ᠤᠯᠠ ᠮᠥᠷ ᠢ ᠦᠯᠡᠳᠡᠭᠡᠨ᠎ᠡ᠃ ᠥᠨᠥᠳᠦᠷ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠤᠭᠲᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠤᠮᠤᠭ ᠵᠤᠷᠢᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ ᠪᠠᠶᠢᠨ᠎ᠠ᠃ ᠭᠠᠶᠢᠬᠠᠮᠰᠢᠭᠲᠤ ᠣᠨ ᠰᠠᠷ᠎ᠠ ᠶᠢ ᠥᠩᠭᠡᠷᠡᠭᠦᠯᠵᠦ᠂ ᠰᠠᠯᠬᠢ ᠪᠣᠷᠣᠭᠠᠨ ᠤ ᠳᠠᠪᠲᠠᠯᠲᠠ ᠶᠢ ᠥᠩᠭᠡᠷᠡᠭᠡᠵᠦ᠂ ᠵᠠᠭᠤᠨ ᠵᠢᠯ ᠤᠨ ᠲᠣᠮᠣ ᠨᠠᠮ ᠴᠤᠭ ᠵᠢᠪᠬᠤᠭ᠎ᠠ ᠪᠠᠳᠠᠷᠠᠩᠭᠤᠢ︔ ᠴᠢᠩ ᠦᠨᠡᠨᠴᠢ ᠰᠡᠳᠬᠢᠯ ᠢᠶᠠᠨ ᠡᠭᠦᠷᠢᠳᠡ ᠬᠠᠳᠠᠭᠠᠯᠠᠵᠤ᠂ ᠰᠡᠷᠭᠦᠨ ᠮᠠᠨᠳᠤᠯᠲᠠ ᠶᠢᠨ ᠡᠷᠴᠢ ᠵᠣᠷᠢᠭ ᠢᠶᠠᠨ ᠬᠥᠪᠴᠢᠯᠡᠵᠦ᠂ ᠮᠢᠩᠭᠠᠨ ᠣᠨ ᠤ ᠠᠭᠤᠤ ᠦᠢᠯᠡᠰ ᠳᠠᠯᠠᠶᠢᠴᠨ ᠶᠡᠭᠡᠳᠡᠢ᠃         100 ᠭᠠᠷᠤᠢ ᠵᠢᠯ ᠤᠨ ᠶᠡᠷᠦ ᠪᠤᠰᠤ ᠶᠢᠨ ᠲᠡᠦᠬᠡᠨ ᠶᠠᠪᠤᠴᠠ ᠶᠢ ᠡᠷᠭᠢᠴᠡᠭᠦᠯᠬᠦᠶ᠎ᠡ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠯᠤᠲᠤ ᠶᠡᠭᠡ ᠠᠮᠵᠢᠯᠲᠠ ᠪᠦᠳᠦᠮᠵᠢ ᠣᠯᠵᠠᠢ᠂ ᠢᠯᠠᠩᠭᠤᠶ᠎ᠠ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠪᠦᠬᠦ ᠳᠤᠮᠳᠠᠳᠤ ᠤᠯᠤᠰ ᠤᠨ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ᠂ ᠳᠤᠮᠳᠠᠳᠤ ᠤᠯᠤᠰ ᠶᠠᠳᠠᠭᠤ ᠬᠤᠭᠤᠰᠣᠨ ᠪᠠᠶᠢᠭᠰᠠᠨ ᠠᠴᠠ ᠪᠠᠨ ᠳᠡᠯᠡᠬᠡᠢ ᠶᠢᠨ ᠬᠤᠶᠠᠳᠤᠭᠠᠷ ᠶᠡᠭᠡ ᠠᠵᠤ ᠠᠬᠤᠢ ᠶᠢᠨ ᠴᠣᠭᠴᠠ ᠪᠤᠯᠤᠨ ᠬᠦᠭᠵᠢᠵᠦ᠂ ᠬᠦᠳᠡᠭᠡ ᠲᠤᠰᠬᠤᠨ ᠤ ᠬᠡᠳᠦᠨ ᠳ᠋ᠦᠩᠰᠢᠭᠤᠷ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠭᠠᠶᠢᠬᠠᠮᠰᠢᠭ ᠢ ᠡᠭᠦᠳᠴᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠡᠯᠡᠬᠡᠢ ᠳ᠋ᠠᠬᠢᠨ ᠳᠤ ᠬᠤᠪᠣᠷ ᠲᠣᠬᠢᠶᠠᠯᠳᠤᠬᠤ᠂ ᠲᠡᠦᠬᠡᠨ ᠳᠤ ᠬᠤᠪᠣᠷ ᠲᠣᠬᠢᠶᠠᠯᠳᠤᠬᠤ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠲᠦᠭ ᠲᠦᠮᠡᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠭᠠᠳᠠᠭᠠᠳᠤ ᠶᠢᠨ ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠨᠡᠭᠡᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠴᠢᠳᠠᠯ ᠢ ᠬᠠᠩᠭᠠᠪᠠ᠃ ᠡᠨᠡ ᠵᠢᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠣᠭᠲᠠᠭᠤᠨ ᠢ ᠠᠬᠢᠭᠤᠯᠬᠤ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ ᠱᠠᠭᠠᠷᠳᠠᠯᠭ᠎ᠠ ᠶᠢ ᠲᠤᠤᠱᠯᠠᠭᠤᠯᠵᠤ᠂ ᠠᠵᠤ ᠠᠬᠤᠶ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠳᠤ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠪᠡ᠃         ᠲᠡᠦᠬᠡ ᠪᠣᠯᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠢ ᠰᠣᠩᠭᠤᠵᠦ᠂ ᠳᠤᠮᠳᠠᠳᠤ ᠤᠯᠤᠰ ᠤᠨ ᠡᠪ ᠬᠠᠮᠲᠤ ᠨᠠᠮ ᠲᠡᠦᠬᠡ ᠪᠣᠯᠤᠨ ᠠᠷᠠᠳ ᠲᠦᠮᠡᠨ ᠤ ᠰᠣᠩᠭᠤᠯᠲᠠ ᠶᠢ ᠬᠥᠰᠡᠷᠳᠡᠭᠦᠯᠦᠭᠰᠡᠨ ᠦᠭᠡᠢ ᠭᠡᠳᠡᠭ ᠢ ᠨᠠᠮ ᠤᠨ ᠲᠡᠮᠡᠴᠡᠯ ᠤᠨ ᠥᠩᠭᠡᠷᠡᠯᠲᠡ ᠭᠦᠨᠵᠡᠭᠡᠢ ᠭᠡᠷᠡᠴᠢᠯᠡᠪᠡ᠃ ︽ᠬᠤᠶᠠᠷ ᠢ ᠲᠣᠭᠲᠠᠭᠠᠬᠰᠠᠨ︾ ᠨᠢ ᠨᠠᠮ ᠪᠣᠯᠤᠨ ᠠᠷᠠᠳ ᠲᠦᠮᠡᠨ ᠤ ᠠᠯᠢᠪᠠ ᠲᠤᠬᠳᠠᠭᠤᠨ ᠪᠤᠰᠤ ᠴᠢᠨᠠᠷ ᠢ ᠠᠷᠭᠠᠴᠠᠠᠬᠤ ᠬᠠᠮᠤᠭ ᠤᠨ ᠶᠡᠭᠡ ᠲᠣᠭᠲᠠᠭᠠᠯᠲᠤ ᠴᠢᠨᠠᠷ᠂ ᠬᠠᠮᠤᠭ ᠤᠨ ᠶᠡᠭᠡ ᠢᠳᠡ ᠬᠦᠴᠦᠨ᠂ ᠬᠠᠮᠤᠭ ᠤᠨ ᠶᠡᠭᠡ ᠪᠠᠲᠤᠯᠠᠭ᠎ᠠ ᠪᠤᠯᠬᠤ ᠪᠦᠭᠡᠳ ᠪᠢᠳᠡᠨ ᠤ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ ᠭᠡᠳᠡᠭ ᠢ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠭᠦᠢᠴᠡᠳ ᠭᠡᠷᠡᠴᠢᠯᠡᠪᠡ᠃         ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠤᠷᠢᠳᠤ ᠡᠮᠦᠨ᠎ᠡ ᠪᠠᠶᠢᠭ᠎ᠠ ᠦᠭᠡᠢ ᠡᠭᠦᠳᠦᠯᠲᠡ ᠶᠢᠨ ᠴᠢᠨᠠᠷᠲᠠᠢ ᠦᠢᠯᠡᠰ ᠮᠥᠨ᠂ ᠤᠷᠤᠭᠰᠢᠯᠠᠯᠲᠠ ᠶᠢᠨ ᠵᠠᠮ ᠳᠡᠭᠡᠷ᠎ᠡ ᠶᠡᠷᠦ ᠠᠴᠠ ᠭᠠᠷᠴᠤ ᠥᠩᠭᠡᠷᠡᠭᠰᠡᠨ ᠦᠭᠡᠢ ᠶᠡᠭᠡ ᠬᠡᠮᠵᠢᠶᠡᠨ ᠤ ᠴᠤ᠋ ᠰᠢᠨ᠎ᠡ ᠰᠡᠳᠦᠪ ᠲᠤ ᠲᠤᠯᠭᠠᠷᠠᠵᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠲᠤ ᠤᠴᠠᠷᠠᠵᠤ᠂ ᠮᠠᠰᠢ ᠤᠯᠠᠨ ᠶᠡᠭᠡ ᠰᠠᠯᠬᠢ ᠰᠢᠷᠦᠬᠦᠨ ᠳᠠᠪᠠᠯᠭᠠᠨ ᠴᠢᠨᠠᠭᠰᠢᠯᠠᠪᠠᠯ ᠲᠤᠬᠰᠢᠨ ᠳᠠᠪᠠᠯᠭᠠᠨ ᠰᠦᠷᠦᠭᠦᠨ ᠰᠠᠯᠬᠢᠨ ᠤ ᠬᠦᠨᠳᠦ ᠶᠡᠭᠡ ᠰᠢᠯᠭᠠᠯᠲᠠ ᠶᠢ ᠥᠩᠭᠡᠷᠡᠭᠡᠬᠦ ᠨᠢ ᠵᠠᠶᠢᠯᠠᠰᠢ ᠦᠭᠡᠢ ᠭᠡᠳᠡᠭ ᠢ ᠪᠢᠳᠡ ᠭᠦᠨᠵᠡᠭᠡᠢ ᠮᠡᠳᠡᠵᠤ ᠪᠠᠶᠢᠨ᠎ᠠ᠃ ᠲᠤᠬᠳᠠᠭᠠᠬᠰᠠᠨ ᠲᠡᠮᠡᠴᠡᠯ ᠤᠨ ᠬᠠᠷᠠᠯᠲᠠ ᠪᠠᠨ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠡᠰ ᠪᠠᠲᠤ ᠦᠢᠯᠡᠳᠦᠯᠭᠡᠵᠢᠬᠦᠯᠦᠭᠴᠢ᠂ ᠪᠣᠳᠠᠲᠠᠢ ᠠᠵᠢᠯᠯᠠᠭᠴᠢ ᠪᠣᠯᠪᠠᠯ ᠰᠠᠶ᠋ᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠠᠵᠢᠯ ᠦᠢᠯᠡᠰ ᠢᠶᠠᠨ ᠪᠦᠲᠦᠭᠡᠵᠦ᠂ ᠵᠣᠷᠢᠭᠲᠠᠢ ᠬᠢᠵᠦ ᠵᠣᠷᠢᠭᠲᠠᠢ ᠠᠵᠢᠯᠯᠠᠬᠤ ᠳᠤᠮᠳᠠ ᠵᠠᠮ ᠨᠡᠭᠡᠭᠡᠵᠦ ᠴᠢᠳᠠᠨ᠎ᠠ᠃ ᠰᠢᠨ᠎ᠡ ᠠᠶᠠᠨ ᠳᠤ᠂ ᠪᠦᠬᠦ ᠨᠠᠮ ᠤᠨ ᠨᠥᠬᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠭᠤᠤ ᠶᠡᠭᠡ ᠨᠠᠮ ᠪᠠᠶᠢᠭᠤᠯᠤᠬᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠡᠷᠡᠰ ᠭᠤᠶᠢᠪᠢᠰᠢ ᠦᠭᠡᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠦᠢᠯᠡᠰ ᠢ ᠲᠠᠰᠤᠷᠠᠯᠲᠠ ᠦᠭᠡᠢ ᠤᠷᠤᠭᠰᠢᠯᠠᠭᠤᠯᠬᠤ ᠬᠡᠷᠡᠭᠲᠡᠢ᠃         ᠥᠭᠡᠷᠡᠴᠢᠯᠡᠯᠲᠡ ᠨᠡᠭᠡᠭᠡᠯᠳᠡ ᠪᠣᠯ ᠨᠠᠮ ᠪᠠ ᠠᠷᠠᠳ ᠲᠦᠮᠡᠨ ᠤ ᠦᠢᠯᠡᠰ ᠤᠨ ᠲᠤᠮᠤ ᠠᠯᠬᠤᠮ ᠢᠶᠠᠷ ᠴᠠᠭ ᠦᠶ᠎ᠡ ᠲᠠᠢ ᠵᠡᠷᠭᠡ ᠪᠠᠷ ᠤᠷᠤᠬᠰᠢᠯᠠᠬᠤ ᠴᠢᠬᠤᠯᠠ ᠡᠷᠳᠡᠨᠢ ᠮᠥᠨ᠂ ᠳᠤᠮᠳᠠᠳᠤ ᠤᠯᠤᠰ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠳᠡᠭᠡᠷ᠎ᠡ ᠪᠠᠨ ᠪᠠᠰᠠ ᠥᠭᠡᠷᠡᠴᠢᠯᠡᠯᠲᠡ ᠨᠡᠭᠡᠭᠡᠯᠳᠡ ᠳᠤ ᠲᠦᠰᠢᠭᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠴᠢᠨᠠᠬᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠥᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠥᠭᠡᠯᠡᠬᠦ ᠪᠠ ᠴᠢᠩᠭᠠᠳᠬᠠᠬᠤ ᠬᠡᠷᠡᠭᠲᠡᠢ︾ ᠭᠡᠵᠦ ᠴᠢᠬᠤᠯᠠᠴᠢᠯᠠᠪᠠ᠃ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ ᠡᠮᠦᠨ᠎ᠡ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠡᠷᠬᠡᠪᠰᠢ ᠤᠬᠠᠮᠰᠠᠷ ᠠᠴᠠ ᠪᠠᠨ ᠥᠭᠡᠷᠡᠴᠢᠯᠡᠯᠲᠡ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠴᠢᠨᠠᠬᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ᠃ ᠰᠢᠨ᠎ᠡ ᠠᠶᠠᠨ ᠳᠤ᠂ ᠪᠢᠳᠡ ᠥᠭᠡᠷᠡᠴᠢᠯᠡᠯᠲᠡ ᠨᠡᠬᠡᠬᠡᠯᠳᠡ ᠬᠢᠬᠦ ᠡᠨᠡ ᠬᠦ ᠴᠢᠬᠤᠯᠠ ᠡᠷᠳᠡᠨᠢ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ᠂ ᠤᠷᠤᠭᠰᠢᠯᠠᠯᠲᠠ ᠶᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠢᠶᠠᠷ ᠦᠨᠡᠨ ᠪᠣᠳᠠᠲᠠᠢ ᠬᠢᠵᠦ᠂ ᠬᠠᠲᠠᠭᠤ ᠲᠠᠢ ᠨᠢ ᠬᠠᠯᠳᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠷᠰᠢᠯᠠᠵᠤ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠪᠣᠯᠤᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠭᠤᠣᠯ ᠡᠭᠦᠷᠭᠡ ᠶᠢ ᠪᠡᠶᠡᠯᠡᠭᠦᠯᠬᠦ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃         ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠮᠥᠨ᠂ ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ ᠴᠢᠭᠯᠡᠯ᠂ ᠢᠷᠡᠭᠡᠳᠦᠢ ᠬᠤᠪᠢ ᠵᠠᠶᠠᠭ᠎ᠠ᠂ ᠢᠯᠠᠵᠤ ᠢᠯᠠᠭᠳᠠᠬᠤ ᠲᠠᠢ ᠰᠢᠭᠤᠳ ᠬᠤᠯᠪᠣᠭᠳᠠᠵᠤ ᠪᠠᠶᠢᠳᠠᠭ᠃ ᠭᠠᠭᠴᠠ ᠬᠦ ᠶᠡᠭᠡ ᠨᠠᠮ ᠤᠨ ᠥᠪᠡᠷᠮᠢᠴᠡ ᠪᠡᠷᠬᠡ ᠰᠡᠳᠦᠪ ᠢ ᠰᠢᠢᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠦᠳᠦᠭᠡᠨ ᠪᠠᠶᠢᠭᠤᠯᠪᠠᠯ ᠰᠠᠶ᠋ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠰᠢᠨ᠎ᠡ ᠠᠶᠠᠨ ᠳᠠᠬᠢ ᠰᠢᠨ᠎ᠡ ᠥᠷᠢᠰᠥᠯᠳᠦᠭᠡᠨ ᠰᠢᠨ᠎ᠡ ᠰᠢᠯᠭᠠᠯᠲᠠ᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠤᠯᠭᠠᠨ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠰᠡᠳᠬᠢᠯ ᠵᠢᠷᠦᠭᠡᠨ ᠳᠡᠭᠡᠨ ᠬᠠᠳᠠᠩᠰᠢᠭᠤᠯᠵᠦ᠂ ᠦᠢᠯᠡ ᠠᠵᠢᠯᠯᠠᠭ᠎ᠠ ᠳᠠᠭᠠᠨ ᠠᠭᠤᠰᠤᠯᠴᠠᠭᠤᠯᠵᠤ᠂ ᠤᠯᠤᠰ ᠲᠥᠷᠥ ᠶᠢᠨ ᠲᠤᠬᠳᠠᠯ ᠬᠦᠴᠦᠨ᠂ ᠰᠠᠬᠢᠯᠭ᠎ᠠ ᠪᠠᠲᠤ ᠶᠢᠨ ᠲᠤᠬᠳᠠᠯ ᠬᠦᠴᠦᠨ᠂ ᠶᠣᠰᠣ ᠰᠤᠷᠲᠠᠬᠤᠨ ᠤ ᠲᠤᠬᠳᠠᠯ ᠬᠦᠴᠦᠨ᠂ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠬᠠᠮᠲᠤᠷᠠᠯ ᠬᠦᠴᠦᠨ ᠢ ᠪᠦᠷᠢᠯᠳᠦᠭᠦᠯᠤᠨ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠲᠡᠶᠢᠯᠬᠦ ᠪᠣᠳᠠᠲᠤ ᠠᠮᠵᠢᠯᠲᠠ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃         ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠢ ᠬᠥᠭᠡᠭᠡᠴᠡᠯᠳᠦᠬᠦ ᠭᠡᠭᠡᠨ ᠰᠠᠷᠠᠭᠤᠯ ᠵᠠᠮ ᠮᠥᠨ᠂ ᠪᠠᠰᠠ ᠴᠤ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠰᠢᠳᠤᠷᠭᠤ ᠶᠣᠰᠣᠨ ᠤ ᠵᠠᠮ ᠮᠥᠨ᠃ ᠡᠨᠡ ᠬᠦ ᠴᠤᠷ ᠤᠨ ᠭᠠᠭᠴᠠ ᠵᠥᠪ ᠳᠠᠷᠳᠠᠩ ᠵᠠᠮ ᠢᠶᠠᠷ ᠲᠤᠮᠤ ᠠᠯᠬᠤᠮ ᠢᠶᠠᠷ ᠤᠷᠤᠭᠰᠢᠯᠠᠬᠤ ᠳᠤ᠂ ᠪᠢᠳᠠ ᠬᠢᠵᠠᠭᠠᠯᠠᠰᠢ ᠦᠭᠡᠢ ᠡᠷᠡᠰ ᠪᠠᠲᠤ ᠢᠲᠡᠭᠡᠯ ᠵᠣᠷᠢᠭ ᠲᠠᠢ ᠪᠠᠶᠢᠨ᠎ᠠ᠃ ︽ᠪᠢᠳᠡ ᠪᠣᠯ ᠪᠦᠷ ᠲᠡᠮᠡᠴᠡᠭᠴᠢ ᠮᠥᠨ᠂ ᠥᠩᠭᠡᠷᠡᠭᠰᠡᠨ ᠠᠴᠠ ᠥᠨᠥᠳᠦᠷ ᠪᠣᠯᠲᠠᠯ᠎ᠠ ᠲᠡᠮᠡᠴᠡᠵᠦ᠂ ᠡᠶᠢᠮᠦ ᠭᠡᠷᠡᠯ ᠰᠠᠴᠤᠷᠠᠩᠭᠤᠢ ᠠᠮᠵᠢᠯᠲᠠ ᠪᠦᠳᠦᠮᠵᠢ  ᠶᠢ ᠣᠯᠵᠠᠢ᠃ ᠮᠠᠨ ᠤ ᠢᠷᠡᠭᠡᠳᠦᠢ ᠶᠢᠨ ᠬᠠᠷᠠᠯᠲᠠ ᠮᠠᠰᠢ ᠲᠣᠳᠣᠷᠬᠠᠢ ᠮᠠᠰᠢ ᠠᠭᠤᠤ ᠶᠡᠭᠡ ᠶᠤᠮ᠂ ᠲᠡᠭᠦᠨ ᠢ ᠪᠡᠶᠡᠯᠡᠭᠦᠯᠬᠦ ᠳᠤ ᠪᠠᠰᠠ ᠪᠢᠳᠡᠨ ᠤ ᠦᠷᠭᠦᠯᠵᠢᠯᠡᠨ ᠪᠣᠳᠠᠲᠠᠢ ᠠᠵᠢᠯᠯᠠᠨ ᠲᠡᠮᠡᠴᠡᠭᠦ ᠳᠤ ᠲᠦᠰᠢᠭᠯᠡᠬᠦ ᠬᠡᠷᠡᠭᠲᠡᠢ︾᠃ ᠪᠢᠳᠡ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠡᠷᠡᠮᠡᠬᠡᠶᠢᠯᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠨᠠᠩ ᠦᠵᠡᠰᠬᠦᠯᠡᠩᠲᠦ ᠰᠠᠶᠢᠬᠠᠨ ᠢᠷᠠᠭᠤ ᠬᠠᠭᠤᠳᠠᠰᠤ ᠶᠢ ᠪᠢᠴᠢᠭᠯᠡᠵᠡᠭᠡᠶ᠎ᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ