— ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠤᠬᠠᠶ ᠥᠭᠦᠯᠡᠬᠦ ᠨᠢ | ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠬᠤ ᠨᠢ ᠡᠴᠦᠰ ᠤᠨ ᠡᠴᠦᠰ ᠲᠡᠭᠡᠨ ᠠᠷᠠᠳ ᠲᠦᠮᠡᠨ ᠢ ᠨᠡᠩ ᠰᠠᠶᠢᠨ ᠠᠮᠢᠳᠤᠷᠠᠭᠤᠯᠬᠤ ᠶᠢᠨ | ᠲᠥᠯᠥᠭᠡ ᠶᠤᠮ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠨᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ | ᠪᠦᠬᠦᠯᠢ ᠴᠣᠭᠴᠠ ᠶᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠬᠡᠳᠦ ᠶᠢᠨ ᠠᠰᠢᠭ ᠲᠤᠰᠠ ᠠᠴᠠ ᠡᠭᠦᠰᠦᠨ ᠥᠭᠡᠷᠡᠴᠢᠯᠡᠯᠲᠡ ᠶᠢ | ᠲᠥᠯᠥᠪᠵᠢᠭᠦᠯᠦᠨ ᠠᠬᠢᠭᠤᠯᠵᠤ᠂ ᠮᠠᠨ ᠤ ᠨᠠᠮ ᠤᠨ ᠰᠢᠨᠵᠢ ᠴᠢᠨᠠᠷ ᠵᠣᠷᠢᠯᠲᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ | ᠠᠷᠭ᠎ᠠ ᠶᠢᠨ ᠤᠨᠤᠯ ᠢ ᠭᠦᠢᠴᠡᠳ ᠢᠯᠡᠷᠡᠭᠦᠯᠵᠡᠢ᠃ | ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠠᠷᠠᠳ | ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ ᠥᠭᠡᠷᠡᠴᠢᠯᠡᠯᠲᠡ ᠶᠢ ᠠᠬᠢᠭᠤᠯᠵᠤ᠂ ᠠᠷᠠᠳ ᠲᠦᠮᠡᠨ ᠤ ᠠᠰᠢᠭ ᠲᠤᠰᠠ ᠶᠢ ᠢᠮᠠᠭᠲᠠ ᠬᠠᠮᠤᠭ ᠤᠨ ᠳᠡᠭᠡᠳᠦ | ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ | ᠠᠳᠬᠤᠨ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠪᠠ᠃ ︽ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ | ᠦᠨᠡᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠠᠴᠠ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠠᠴᠠ ᠠᠪᠤᠭᠠᠳ ︽ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠨᠥᠬᠦᠴᠡᠯ ᠪᠣᠯ ᠬᠠᠮᠤᠭ ᠤᠨ | ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠠᠵᠠ ᠵᠢᠷᠭᠠᠯ ᠮᠥᠨ︾ ᠭᠡᠳᠡᠭ ᠢ ᠪᠠᠷᠢᠮᠲᠠᠯᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠠᠬᠢᠭᠤᠯᠬᠤ ᠬᠦᠷᠲᠡᠯ᠎ᠡ᠂ ᠡᠷᠦᠬᠡ ᠠᠮᠠ ᠶᠢᠨ ᠲᠠᠩᠰᠠ ᠶᠢᠨ ᠲᠦᠷᠢᠮ ᠤᠨ ᠥᠭᠡᠷᠡᠴᠢᠯᠡᠯᠲᠡ ᠬᠢᠵᠦ 1.4 ᠳ᠋ᠦᠩᠰᠢᠭᠤᠷ ᠲᠠᠷᠢᠶᠠᠯᠠᠩ ᠠᠴᠠ | ᠰᠢᠯᠵᠢᠭᠰᠡᠨ ᠬᠥᠮᠦᠨ ᠠᠮᠠ ᠶᠢ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠠᠴᠠ ᠠᠪᠤᠭᠠᠳ᠂ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠬᠢᠵᠦ | ᠬᠠᠤᠯᠢ ᠪᠠᠷᠢᠬᠤ ᠬᠡᠷᠡᠭ ᠨᠢᠭᠡᠪᠦᠷᠢ ᠠᠴᠠ ᠠᠷᠠᠳ ᠣᠯᠠᠨ ᠳᠤ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠰᠠᠨ ᠬᠦᠷᠲᠡᠯ᠎ᠡ ᠁ | ᠠᠷᠠᠳ ᠤᠨ ᠰᠡᠳᠬᠢᠯ ᠳᠤ ᠨᠡᠶᠢᠴᠡᠭᠦᠯᠦᠨ᠂ ᠠᠷᠠᠳ ᠤᠨ ᠰᠠᠨᠠᠭ᠎ᠠ ᠶᠢ ᠬᠦᠨᠳᠦᠳᠬᠡᠵᠦ᠂ ᠠᠷᠠᠳ ᠤᠨ ᠰᠡᠳᠬᠢᠯ ᠢ ᠬᠠᠯᠠᠮᠵᠢᠯᠠᠨ᠂ ᠠᠷᠠᠳ ᠤᠨ ᠠᠮᠢᠳᠤᠷᠠᠯ ᠳᠤ | ᠬᠦᠴᠦ ᠪᠠᠨ ᠡᠷᠭᠦᠵᠦ᠂ ᠥᠭᠡᠷᠡᠴᠢᠯᠡᠯᠲᠡ ᠪᠠᠷ ᠳᠠᠮᠵᠢᠭᠤᠯᠤᠨ ᠠᠷᠠᠳ ᠣᠯᠠᠨ ᠳᠤ ᠨᠠᠩ ᠣᠯᠠᠨ ᠪᠣᠳᠠᠲᠠᠶ ᠠᠰᠢᠭ ᠲᠤᠰᠠ ᠣᠯᠭᠤᠭᠰᠠᠨ ᠪᠠᠶᠢᠨ᠎ᠠ᠃ ᠠᠷᠠᠳ | ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ᠂ ᠥᠭᠡᠷᠡᠴᠢᠯᠡᠯᠲᠡ ᠶᠢᠨ ᠲᠥᠰᠦᠯ ᠤᠨ ᠦᠨ᠎ᠡ ᠴᠠᠨ᠎ᠠ ᠶᠢ ᠭᠦᠢᠴᠡᠳ | ᠢᠯᠡᠷᠡᠭᠦᠯᠵᠦ᠂ ᠥᠭᠡᠷᠡᠴᠢᠯᠡᠯᠲᠡ ᠶᠢ ᠬᠥᠭᠵᠢᠯᠲᠡ ᠶᠢᠨ ᠬᠡᠷᠡᠭᠴᠡᠭᠡ᠂ ᠦᠨᠳᠦᠰᠦᠨ ᠱᠠᠲᠤᠨ ᠤ ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠲᠠᠢ ᠨᠡᠩ ᠰᠠᠶᠢᠲᠤᠷ | ᠵᠣᠯᠭᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠬᠠᠮᠤᠭ ᠤᠨ ᠪᠠᠲᠤ ᠴᠢᠩᠭ᠎ᠠ ᠲᠦᠰᠢᠭ᠂ ᠬᠠᠮᠤᠭ ᠤᠨ | ᠬᠦᠴᠦᠷᠬᠡᠭ ᠶᠡᠭᠡ ᠢᠳᠡ ᠬᠦᠴᠦᠨ᠂ ᠬᠠᠮᠤᠭ ᠤᠨ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠲᠠᠢ ᠪᠤᠯᠭᠠᠬᠰᠠᠨ ᠢ ᠦᠢᠯᠡᠳᠦᠯᠭᠡ ᠭᠦᠢᠴᠡᠳ ᠭᠡᠷᠡᠴᠢᠯᠡᠪᠡ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠡᠨᠡ ᠤᠳᠠᠭᠠᠨ ᠤ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠲᠤᠤᠱᠯᠠᠭᠤᠯᠬᠤ ᠬᠡᠷᠡᠭᠲᠡᠢ | ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ ᠵᠠᠷᠴᠢᠮ ᠢ ᠳᠤᠷᠠᠳᠤᠨ ᠭᠠᠷᠭᠠᠪᠠ᠂ ︽ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ︾ | ᠪᠣᠯ ᠶᠠᠭ ᠡᠭᠦᠨ ᠤ ᠳᠣᠲᠣᠷᠠᠬᠢ ᠴᠢᠬᠤᠯᠠ ᠨᠢᠭᠡ ᠵᠦᠢᠯ ᠪᠣᠯᠤᠨ᠎ᠠ᠃ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠠᠷᠠᠳ ᠲᠦᠮᠡᠨ ᠲᠠᠢ | ᠬᠠᠮᠲᠤ ᠪᠠᠷ ᠡᠳ᠋ᠯᠡᠬᠦ ᠪᠣᠯ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠂ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠤᠨ ᠲᠥᠪᠯᠡᠷᠡᠩᠭᠦᠢ | ᠢᠯᠡᠷᠡᠯ ᠮᠥᠨ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠳᠡ ᠶᠢᠨ ᠲᠠᠨᠢᠯᠲᠠ ᠪᠠ ᠦᠢᠯᠡᠳᠦᠯᠭᠡ ᠶᠢᠨ ᠲᠠᠯ᠎ᠠ ᠪᠠᠷ ᠬᠢ ᠤᠳᠠᠭ᠎ᠠ | ᠪᠦᠷᠢ ᠶᠢᠨ ᠰᠢᠪᠲᠤᠯᠤᠯᠲᠠ ᠪᠠ ᠭᠦᠨᠵᠡᠭᠡᠶᠢᠷᠡᠯ᠂ ᠥᠭᠡᠷᠡᠴᠢᠯᠡᠯᠲᠡ ᠨᠡᠭᠡᠭᠡᠯᠳᠡ ᠶᠢᠨ ᠳᠤᠮᠳᠠᠬᠢ ᠰᠢᠨ᠎ᠡ ᠬᠡᠷᠡᠭ ᠪᠣᠳᠠᠰ ᠨᠢᠭᠡᠪᠦᠷᠢ ᠶᠢᠨ ᠡᠭᠦᠰᠦᠯ ᠪᠠ ᠬᠥᠭᠵᠢᠯᠲᠡ᠂ | ᠥᠭᠡᠷᠡᠴᠢᠯᠡᠯᠲᠡ ᠨᠡᠭᠡᠭᠡᠯᠳᠡ ᠶᠢᠨ ᠬᠦᠷᠢᠶ᠎ᠡ ᠪᠠ ᠭᠤᠭᠴᠤᠭ᠎ᠠ ᠨᠢᠭᠡᠪᠦᠷᠢ ᠶᠢᠨ ᠲᠤᠷᠰᠢᠯᠭ᠎ᠠ ᠶᠢᠨ ᠡᠭᠦᠳᠦᠯᠲᠡ ᠪᠠ ᠬᠤᠷᠠᠮᠳᠤᠭᠤᠯᠤᠯ ᠨᠢ ᠴᠥᠮ ᠲᠦᠭ ᠲᠦᠮᠡᠨ | ᠠᠷᠠᠳ ᠲᠦᠮᠡᠨ ᠤ ᠤᠶᠤᠨ ᠤᠬᠠᠭᠠᠨ ᠪᠠ ᠦᠢᠯᠡᠳᠦᠯᠭᠡ ᠠᠴᠠ ᠢᠷᠡᠭᠰᠡᠨ ᠶᠤᠮ᠃ ᠰᠢᠨ᠎ᠡ ᠠᠶᠠᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠦᠷᠳᠡᠭ ᠤᠨ ᠬᠠᠨᠳᠤᠰᠢ ᠶᠢ ᠪᠠᠲᠤ ᠡᠵᠡᠮᠳᠡᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠤᠯ ᠥᠭᠡᠷᠡᠴᠢᠯᠡᠯᠲᠡ ᠬᠠᠷᠢᠭᠤ | ᠲᠤᠰᠬᠠᠯ ᠲᠠᠢ ᠪᠠᠶᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠢ ᠠᠷᠠᠳ ᠲᠦᠮᠡᠨ ᠤ ᠲᠥᠯᠥᠭᠡ᠂ ᠥᠭᠡᠷᠡᠴᠢᠯᠡᠯᠲᠡ ᠨᠢ ᠠᠷᠠᠳ ᠲᠦᠮᠡᠨ ᠳᠤ ᠲᠦᠰᠢᠭᠯᠡᠬᠦ᠂ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠲᠠᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡᠯ ᠥᠭᠡᠷᠡᠴᠢᠯᠡᠯᠲᠡ ᠨᠢ ᠢᠮᠠᠭᠲᠠ ᠠᠷᠠᠳ ᠤᠯᠠᠨ ᠤ ᠴᠢᠩ | ᠰᠡᠳᠬᠢᠯ ᠤᠨ ᠬᠦᠷᠢᠶᠡᠯᠡᠯ ᠢ ᠤᠯᠬᠤ ᠶᠢ ᠪᠠᠲᠤᠯᠠᠵᠤ ᠴᠢᠳᠠᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ᠂ ᠬᠥᠭᠵᠢᠭᠦᠯᠬᠦ | ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ᠃ | ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠨᠢᠭᠡᠨᠲᠡ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠪᠣᠯᠤᠨ ᠲᠡᠩᠴᠡᠭᠦᠷᠢ ᠥᠬᠡᠶ ᠬᠦᠢᠴᠡᠳ ᠥᠬᠡᠶ ᠬᠥᠭᠵᠢᠯᠲᠡ ᠶᠢᠨ ᠬᠤᠭᠤᠷᠣᠨᠳᠣᠬᠢ ᠵᠥᠷᠢᠴᠡᠯ ᠪᠤᠯᠤᠨ ᠬᠤᠪᠢᠷᠠᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠠᠰᠠᠭᠤᠳᠠᠯ ᠨᠢ ᠮᠥᠨ ᠬᠦ ᠬᠥᠭᠵᠢᠯᠲᠡ ᠲᠡᠩᠴᠡᠭᠦᠷᠢ ᠥᠬᠡᠶ ᠬᠦᠢᠴᠡᠳ ᠥᠬᠡᠶ ᠪᠠᠶᠢᠬᠤ᠂ ᠬᠤᠲᠠ ᠬᠥᠳᠡᠭᠡ | ᠣᠷᠣᠨ ᠪᠦᠰᠡ ᠶᠢᠨ ᠬᠥᠭᠵᠢᠯᠲᠡ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠮᠥᠨ ᠬᠦ ᠨᠡᠯᠢᠶᠡᠳ ᠶᠡᠭᠡ ᠪᠠᠶᠢᠬᠤ᠂ ᠠᠷᠠᠳ ᠤᠨ ᠠᠮᠢᠳᠤᠷᠠᠯ ᠤᠨ | ᠪᠠᠲᠤᠯᠠᠭ᠎ᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠳᠤ ᠮᠥᠨ ᠬᠦ ᠳᠤᠲᠠᠭᠤᠳᠠᠯ ᠣᠷᠣᠰᠢᠵᠤ ᠪᠠᠶᠢᠬᠤ ᠶᠠᠪᠤᠳᠠᠯ ᠪᠤᠯᠤᠨ᠎ᠠ᠃ ᠡᠨᠡ ᠤᠳᠠᠭ᠎ᠠ ᠶᠢᠨ | ᠪᠥᠬᠦᠳᠡ ᠬᠤᠷᠠᠯ ᠨᠢ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠦᠨ᠂ ᠥᠭᠡᠷᠡᠴᠢᠯᠡᠯᠲᠡ ᠶᠢ ᠦᠷᠭᠦᠯᠵᠢᠯᠡᠨ ᠤᠷᠤᠭᠰᠢ ᠠᠬᠢᠭᠤᠯᠤᠬᠰᠠᠨ ᠨᠢ ᠶᠠᠭ | ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠠᠷᠠᠳ ᠲᠦᠮᠡᠨ ᠳᠤ | ᠨᠠᠩ ᠣᠯᠠᠨ ᠨᠠᠩ ᠭᠤᠤᠯᠴᠢ ᠪᠠᠷ ᠬᠦᠷᠲᠡᠭᠡᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ | ᠨᠡᠶᠢᠭᠡᠮ ᠤᠨ ᠭᠤᠤᠯ ᠵᠥᠷᠢᠴᠡᠯ ᠤᠨ ᠬᠤᠪᠢᠷᠠᠯᠲᠠ ᠳᠤ ᠨᠠᠩ ᠰᠠᠶᠢᠲᠤᠷ ᠵᠣᠬᠢᠴᠠᠬᠤ ᠶᠢᠨ ᠲᠤᠯᠭᠠᠮ ᠱᠠᠭᠠᠷᠳᠠᠯᠭ᠎ᠠ ᠮᠥᠨ᠃ ᠪᠦᠬᠦᠳᠡ ᠬᠤᠷᠠᠯ ᠨᠢ ᠨᠡᠶᠢᠭᠡᠮ ᠤᠨ | ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠡᠭᠦᠰᠦᠯᠲᠡ ᠪᠠ ᠦᠷ᠎ᠡ ᠳ᠋ᠦᠩ ᠪᠣᠯᠭᠠᠵᠤ᠂ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠬᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠬᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠬᠥᠮᠦᠨ ᠠᠮᠠ ᠶᠢᠨ ᠬᠥᠭᠵᠢᠯᠲᠡ ᠶᠢ ᠳᠡᠮᠵᠢᠬᠦ ᠪᠠ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠬᠦ ᠲᠤᠬᠠᠢ ᠠᠯᠢ ᠤᠯᠠᠨ ᠴᠢᠬᠤᠯᠠ ᠶᠡᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠡᠳᠡᠭᠡᠷ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠪᠠᠯ ᠯᠠᠪᠲᠠᠢ | ᠠᠷᠠᠳ ᠲᠦᠮᠡᠨ ᠳᠤ ᠲᠠᠰᠤᠷᠠᠯᠳᠠ ᠦᠭᠡᠢ ᠪᠤᠶᠠᠨ ᠦᠢᠯᠡᠳᠬᠦ ᠪᠣᠯᠤᠨ᠎ᠠ᠃ | ︽ᠠᠷᠠᠳ ᠲᠦᠮᠡᠨ ᠤ ᠲᠥᠯᠥᠭᠡ ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶ᠋ᠢ ᠠᠴᠢ ᠬᠤᠯᠪᠣᠭᠳᠠᠯ ᠲᠠᠢ ᠶᠤᠮ︔ ᠠᠷᠠᠳ ᠲᠦᠮᠡᠨ ᠳᠤ ᠲᠦᠰᠢᠭᠯᠡᠨ | ᠥᠭᠡᠷᠡᠴᠢᠯᠡᠯᠲᠡ ᠬᠢᠪᠡᠯ ᠥᠭᠡᠷᠡᠴᠢᠯᠡᠯᠲᠡ ᠰᠠᠶ᠋ᠢ ᠬᠥᠳᠡᠯᠭᠡᠬᠦ ᠬᠦᠴᠦᠨ ᠲᠠᠢ ᠪᠠᠶᠢᠵᠤ ᠴᠢᠳᠠᠨ᠎ᠠ︾᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠳᠤ᠂ ︽ᠠᠷᠠᠳ ᠤᠯᠠᠨ ᠶᠠᠭᠤ ᠶᠢ ᠬᠠᠯᠠᠮᠵᠢᠯᠠᠵᠤ᠂ ᠶᠠᠭᠤ ᠶᠢ ᠬᠦᠰᠡᠵᠦ ᠪᠠᠶᠢᠪᠠᠯ | ᠥᠭᠡᠷᠡᠴᠢᠯᠡᠯᠲᠡ ᠨᠢ ᠳᠠᠷᠤᠢ ᠲᠡᠭᠦᠨ ᠢ ᠠᠳᠬᠤᠵᠤ᠂ ᠲᠡᠭᠦᠨ ᠢ ᠠᠬᠢᠭᠤᠯᠬᠤ︾ ᠶᠢ ᠪᠠᠲᠤ ᠲᠣᠭᠲᠠᠭᠠᠵᠤ᠂ ᠠᠷᠠᠳ ᠤᠨ ᠠᠮᠢᠳᠤᠷᠠᠯ ᠤᠨ ᠪᠠᠴᠢᠮ ᠱᠠᠭᠠᠷᠳᠠᠯᠭ᠎ᠠ᠂ | ᠠᠷᠠᠳ ᠤᠨ ᠰᠡᠳᠬᠢᠯ ᠤᠨ ᠬᠠᠨᠳᠤᠰᠢ ᠪᠦᠬᠦᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠢᠯᠡᠭᠦᠬᠡᠨ ᠭᠠᠷᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠪᠣᠳᠠᠲᠤ ᠶᠠᠪᠤᠳᠠᠯ ᠢ ᠢᠯᠡᠭᠦᠬᠡᠨ ᠬᠢᠬᠦ ᠬᠡᠷᠡᠭᠲᠡᠢ᠃ ᠪᠠᠶᠢᠴᠠᠭᠠᠨ | ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ | ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠦᠨᠳᠦᠰᠦᠨ ᠱᠠᠲᠤ ᠪᠣᠯᠤᠨ ᠣᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ | ᠣᠯᠠᠨ ᠲᠦᠮᠡᠨ ᠤ ᠪᠠᠴᠢᠮᠳᠠᠵᠦ ᠲᠦᠪᠡᠭᠳᠡᠵᠦ ᠵᠤᠪᠠᠨᠢᠵᠦ ᠬᠦᠰᠡᠵᠦ ᠪᠠᠶᠢᠭ᠎ᠠ ᠵᠦᠢᠯᠡᠰ ᠳᠤᠮᠳᠠ ᠠᠴᠠ ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠤᠨ | ᠰᠢᠪᠲᠤᠯᠤᠯᠲᠠ ᠶᠢᠨ ᠴᠡᠭ ᠢ ᠣᠨᠣᠪᠴᠢᠲᠠᠶ ᠣᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠮᠡᠳᠡᠷᠡᠮᠵᠢ ᠶᠢ ᠨᠡᠮᠡᠭᠳᠡᠭᠦᠯᠵᠦ᠂ ᠠᠷᠠᠳ ᠤᠨ ᠣᠶᠤᠨ | ᠤᠬᠠᠭᠠᠨ ᠢ ᠲᠥᠪᠯᠡᠷᠡᠭᠦᠯᠵᠦ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠶ᠃ | | ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠨᠠᠮ ᠮᠥᠨ᠃ ᠨᠠᠮ ᠤᠨ | ᠠᠯᠢᠪᠠ ᠠᠵᠢᠯ ᠪᠣᠯ ᠴᠥᠮ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ | ᠰᠠᠶᠢᠲᠤᠷ ᠬᠥᠭᠵᠢᠭᠦᠯᠬᠦ ᠶᠢᠨ ᠲᠥᠯᠥᠭᠡ ᠶᠤᠮ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠬᠠᠷᠠᠯᠲᠠ ᠶᠢ | ᠲᠣᠭᠲᠠᠭᠠᠵᠤ᠂ ᠥᠷᠲᠡᠭ ᠤᠨ ᠬᠠᠨᠳᠤᠰᠢ ᠶᠢ ᠪᠠᠲᠤ ᠡᠵᠡᠮᠳᠡᠨ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠥᠭᠡᠷᠡᠴᠢᠯᠡᠯᠲᠡ ᠶᠢ ᠲᠥᠯᠥᠪᠵᠢᠭᠦᠯᠦᠨ | ᠠᠬᠢᠭᠤᠯᠵᠤ᠂ ᠪᠣᠳᠠᠲᠤ ᠠᠮᠵᠢᠯᠲᠠ ᠪᠣᠳᠠᠲᠤ ᠦᠷ᠎ᠡ ᠪᠦᠲᠦᠮᠵᠢ ᠪᠠ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠪᠠᠯ ᠪᠢᠳᠡ ᠯᠠᠪᠲᠠᠶ | ᠰᠢᠯᠭᠠᠯᠲᠠ ᠳᠤ ᠣᠷᠣᠯᠴᠠᠬᠤ ᠰᠢᠨ᠎ᠡ ᠵᠠᠮ ᠳᠡᠭᠡᠷ᠎ᠡ ᠲᠡᠦᠬᠡ ᠪᠠ ᠠᠷᠠᠳ ᠲᠦᠮᠡᠨ ᠳᠤ ᠰᠢᠨ᠎ᠡ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠵᠤ ᠴᠢᠳᠠᠨ᠎ᠠ᠃ | |