ᠭᠤᠤᠯᠳᠠᠯᠭ᠎ᠠ ᠶᠢ ᠳᠣᠪᠤᠶᠢᠯᠭᠠᠬᠤ ᠶᠢ ᠨᠠᠩ ᠴᠢᠬᠤᠯᠠᠴᠢᠯᠠᠵᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠶ᠎ᠠ
ᠨᠡᠶᠢᠲᠡᠯᠡᠭᠰᠡᠨ ᠴᠠᠭ᠄
2024/10/24
        — ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠦᠬᠦᠯᠡᠬᠦ ᠨᠢ                                ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ         ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠭᠤᠣᠯᠳᠠᠯᠭ᠎ᠠ ᠶᠢ ᠲᠤᠪᠤᠶᠢᠯᠭᠠᠬᠤ ᠶᠢ ᠨᠡᠩ ᠴᠢᠬᠤᠯᠠᠴᠢᠯᠠᠵᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠤᠪᠤᠶᠢᠯᠭᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢ ᠲᠤᠪᠤᠶᠢᠯᠭᠠᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠦᠳᠦᠯᠦᠨ ᠳᠠᠭᠠᠭᠤᠯᠬᠤ ᠦᠢᠯᠡᠳᠦᠯ ᠢ ᠲᠤᠪᠤᠶᠢᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠭᠤᠣᠯ ᠰᠢᠪᠲᠤᠯᠬᠤ ᠴᠢᠭᠯᠡᠯ ᠢ ᠵᠢᠭᠠᠵᠤ ᠥᠭᠭᠦᠭᠰᠡᠨ ᠪᠠᠶᠢᠨ᠎ᠠ᠃         ᠴᠢᠬᠤᠯᠠ ᠬᠦᠷᠢᠶ᠎ᠡ᠂ ᠴᠢᠬᠤᠯᠠ ᠡᠭᠦᠷᠭᠡ᠂ ᠴᠢᠬᠤᠯᠠ ᠲᠤᠷᠰᠢᠯᠲᠠ ᠶᠢ ᠠᠳᠬᠤᠬᠤ ᠮᠥᠷᠲᠡᠭᠡᠨ ᠪᠠᠰᠠ ᠵᠠᠩᠭᠢᠯᠠᠭ᠎ᠠ ᠶᠢᠨ ᠪᠡᠶᠡᠴᠢ ᠴᠣᠭᠴᠠ᠂ ᠵᠠᠩᠭᠢᠯᠠᠭ᠎ᠠ  ᠶᠢᠨ ᠲᠠᠯ᠎ᠠ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠭᠤᠣᠯᠳᠠᠯᠭ᠎ᠠ ᠲᠠᠢ ᠪᠠᠷ ᠪᠦᠬᠦ ᠲᠠᠯ᠎ᠠ ᠶᠢ ᠳᠠᠶᠢᠴᠢᠯᠠᠬᠤ ᠪᠣᠯ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠨᠢᠭᠡᠨ ᠴᠢᠬᠤᠯᠠ ᠠᠷᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠬᠥᠭᠵᠢᠭᠦᠯᠬᠦ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠲᠠᠢ ᠨᠢᠭᠲᠠ ᠤᠶᠠᠯᠳᠤᠭᠤᠯᠤᠨ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠪᠠᠶᠢᠷᠢᠯᠠᠭᠤᠯᠵᠤ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠭᠡᠷᠡᠴᠢᠯᠡᠯᠲᠡ ᠶᠢ ᠬᠡᠰᠡᠭ ᠲᠠᠯ᠎ᠠ ᠪᠠᠷ ᠬᠠᠶᠢᠨ ᠰᠦᠪᠡᠭᠴᠢᠯᠡᠬᠦ᠂ ᠮᠥᠰᠥ ᠶᠢ ᠬᠠᠭᠠᠯᠵᠤ ᠪᠦᠰᠡᠯᠡᠯᠲᠡ ᠶᠢ ᠰᠢᠪᠲᠤᠯᠬᠤ ᠠᠴᠠ ᠠᠪᠤᠭᠠᠳ ᠰᠢᠰᠲ᠋ᠧᠮ ᠲᠠᠢ ᠬᠤᠷᠠᠭᠤᠯᠬᠤ᠂ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠡᠶᠢᠰᠢ ᠬᠤᠪᠢᠷᠠᠭᠤᠯᠬᠤ ᠶᠢ ᠪᠡᠶᠡᠯᠡᠭᠦᠯᠬᠦ ᠬᠦᠷᠲᠡᠯ᠎ᠡ ᠡᠯ᠎ᠡ ᠬᠦᠷᠢᠶᠡᠨ ᠳᠠᠬᠢ ᠰᠠᠭᠤᠷᠢᠯᠠᠬᠤ ᠴᠢᠨᠠᠷᠲᠠᠶ ᠲᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠤᠭᠠᠳ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠲᠡᠦᠬᠡᠲᠦ ᠴᠢᠨᠠᠷᠲᠠᠶ ᠠᠭᠤᠤ ᠶᠡᠭᠡ ᠠᠮᠵᠢᠯᠲᠠ ᠪᠦᠲᠦᠮᠵᠢ ᠤᠯᠪᠠ᠃ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠬᠦ᠂ ᠪᠦᠬᠦᠯᠢ ᠴᠣᠭᠴᠠ ᠪᠠᠷ ᠨᠢ ᠠᠬᠢᠭᠤᠯᠬᠤ ᠰᠠᠭᠤᠷᠢᠨ ᠳᠡᠭᠡᠷ᠎ᠡ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠠᠳᠬᠤᠬᠤ ᠶᠢ ᠪᠠᠷᠢᠮᠲᠠᠯᠠᠵᠤ᠂ ᠪᠦᠬᠦ ᠲᠠᠯ᠎ᠠ ᠪᠠ ᠬᠡᠰᠡᠭ ᠲᠠᠯ᠎ᠠ ᠶᠢ ᠢᠵᠢ ᠪᠦᠷᠢᠳᠦᠬᠦᠯᠬᠦ᠂ ᠦᠨᠳᠦᠰᠦ ᠰᠤᠷᠪᠤᠯᠵᠢ ᠶᠢ ᠵᠠᠰᠠᠬᠤ ᠪᠠ ᠦᠡᠭᠭᠡᠨ ᠲᠠᠯ᠎ᠠ ᠶᠢ ᠵᠠᠰᠠᠬᠤ ᠶᠢ ᠤᠶᠠᠯᠳᠤᠭᠤᠯᠬᠤ᠂ ᠠᠭᠠᠵᠢᠮ ᠢᠶᠠᠷ ᠤᠷᠤᠭᠰᠢᠯᠠᠭᠤᠯᠬᠤ ᠪᠠ ᠰᠢᠪᠲᠤᠯᠤᠯᠲᠠ ᠬᠢᠬᠦ ᠶᠢ ᠵᠣᠯᠭᠠᠯᠴᠠᠭᠤᠯᠬᠤ ᠶᠢ ᠴᠢᠷᠮᠠᠶᠢᠨ ᠪᠡᠶᠡᠯᠡᠭᠦᠯᠵᠦ᠂ ᠪᠦᠬᠦᠯᠢ ᠴᠣᠭᠴᠠ ᠪᠠᠷ ᠠᠬᠢᠭᠤᠯᠬᠤ ᠪᠠ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠨᠢᠭᠡᠳᠬᠡᠬᠦ ᠶᠢ ᠪᠡᠶᠡᠯᠡᠭᠦᠯᠪᠡᠯ ᠰᠠᠶ᠋ᠢ ᠬᠥᠲᠥᠯᠪᠦᠷᠢ ᠶᠢ ᠠᠳᠬᠤᠪᠠᠯ ᠠᠯᠢᠪᠠ ᠪᠦᠬᠦᠨ ᠰᠢᠢᠳᠪᠦᠷᠢᠯᠡᠭᠳᠡᠬᠦ ᠪᠣᠯᠤᠨ᠎ᠠ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠭᠰᠡᠨ ᠪᠠᠶᠢᠨ᠎ᠠ᠃         ᠶᠡᠷᠦᠩᠬᠡᠶ ᠱᠦᠵᠢ ᠰᠢ ᠶᠢᠨ ᠫᠢᠩ᠄ ︽ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠮᠥᠨ ᠯᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠤᠯᠳᠠᠯᠭ᠎ᠠ ᠮᠥᠨ᠂ ᠭᠤᠤᠯ ᠡᠭᠦᠷᠭᠡ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠰᠢᠭᠲᠠᠶ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠪᠣᠶ ᠪᠣᠯᠭᠠᠵᠤ᠂ ︿ᠬᠤᠶᠠᠷ ᠣᠭᠲᠣ ᠭᠤᠶᠢᠪᠢᠰᠢ ᠥᠬᠡᠶ﹀ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠵᠠᠬ᠎ᠠ ᠳᠡᠯᠭᠡᠭᠦᠷ  ᠤᠨ ᠠᠵᠤ ᠠᠬᠤᠶ ᠶᠢᠨ ᠰᠠᠭᠤᠷᠢ ᠲᠦᠷᠢᠮ ᠢ ᠲᠡᠭᠦᠯᠳᠡᠷᠵᠢᠭᠦᠯᠬᠦ ᠶᠠᠪᠤᠳᠠᠯ ᠪᠣᠯᠤᠨ᠎ᠠ︾ ᠭᠡᠵᠦ ᠴᠢᠬᠤᠯᠠᠴᠢᠯᠠᠪᠠ᠃ ᠪᠥᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠳᠤ 2035 ᠣᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠪᠠᠷ ᠲᠣᠭᠲᠠᠵᠤ᠂ ᠢᠷᠡᠬᠦ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠪᠠᠶᠢᠷᠢᠯᠠᠭᠤᠯᠵᠤ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ  ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠪᠠᠶᠢᠭᠤᠯᠤᠯ ᠲᠣᠭᠲᠠᠴᠠ ᠶᠢᠨ ᠪᠥᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠶᠢ ᠴᠢᠬᠤᠯᠠᠴᠢᠯᠠᠬᠤ ᠪᠣᠯ ᠲᠡᠭᠦᠨ ᠤ ᠴᠢᠬᠤᠯᠠ ᠣᠨᠴᠠᠯᠢᠭ ᠪᠣᠯᠤᠨ᠎ᠠ᠃         ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠣᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠂ ᠭᠠᠭᠴᠠ ᠬᠦ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠬᠠᠷᠢᠴᠠᠭ᠎ᠠ ᠭᠡᠬᠦ ᠡᠨᠡ ᠬᠦ ᠭᠤᠣᠯ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ︽ᠠᠮᠢᠳᠤᠯᠢᠭ ᠪᠣᠯᠭᠠᠬᠤ︾ ᠮᠥᠷᠲᠡᠭᠡᠨ ᠪᠠᠰᠠ ︽ᠬᠠᠮᠢᠶᠠᠷᠴᠤ ᠳᠡᠶᠢᠯᠪᠠᠯ︾ ᠰᠠᠶ᠋ᠢ ᠪᠦᠬᠦ ᠨᠡᠶᠢᠭᠡᠮ ᠤᠨ ᠳᠣᠲᠣᠭᠠᠳᠤ ᠬᠥᠳᠡᠯᠭᠡᠬᠦ ᠬᠦᠴᠦᠨ ᠪᠣᠯᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠡᠩ ᠰᠠᠶᠢᠲᠤᠷ ᠬᠥᠭᠵᠢᠭᠡᠵᠦ ᠴᠢᠳᠠᠨ᠎ᠠ︔ ᠴᠢᠨᠠᠷ ᠰᠠᠶᠢᠲᠠᠶ ᠬᠥᠭᠵᠢᠯᠲᠡ ᠪᠣᠯ ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠭᠠᠭᠴᠠ ᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠤᠷᠮᠠᠰᠢᠭᠤᠯᠬᠤ ᠪᠠ ᠲᠡᠭᠦᠨ ᠢ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠪᠡᠯ ᠰᠠᠶ᠋ᠢ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠣᠶ ᠪᠣᠯᠭᠠᠵᠤ ᠴᠢᠳᠠᠨ᠎ᠠ︔ ᠰᠢᠨᠵᠢᠯᠡᠬᠦ ᠤᠬᠠᠭᠠᠨᠴᠢ ᠬᠤᠷᠸ᠎ᠠ ᠲᠣᠬᠢᠷᠠᠭᠤᠯᠭ᠎ᠠ ᠡᠵᠡᠮᠳᠡᠯ᠂ ᠪᠦᠲᠦᠮᠵᠢᠲᠡᠢ ᠵᠠᠰᠠᠭ ᠤᠨ ᠣᠷᠳᠣᠨ ᠤ ᠵᠠᠰᠠᠯᠲᠠ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠂ ᠭᠠᠭᠴᠠ ᠬᠦ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠪᠠᠯ ᠰᠠᠶ᠋ᠢ ᠬᠤᠷᠸ᠎ᠠ ᠲᠦᠷᠦ ᠶᠢᠨ ᠪᠤᠳᠤᠯᠭ᠎ᠠ ᠶᠢᠨ ᠨᠢᠭᠡᠳᠦᠯᠲᠡᠢ ᠴᠢᠨᠠᠷ ᠢ ᠴᠢᠩᠭᠠᠷᠠᠭᠤᠯᠵᠤ ᠴᠢᠳᠠᠨ᠎ᠠ︔ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠪᠣᠯᠤᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠦᠯᠦᠪᠯᠡᠵᠦ᠂ ᠬᠤᠳᠠ ᠬᠥᠳᠡᠭᠡ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠵᠠᠰᠠᠯᠲᠠ ᠶᠢᠨ ᠠᠭᠤᠰᠤᠯᠴᠠᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠴᠢᠬᠤᠯᠠ ᠡᠯᠧᠮᠧᠨ᠋ᠲ ᠤᠨ ᠡᠷᠬᠡ ᠲᠡᠭᠰᠢ ᠪᠠᠷ ᠰᠣᠯᠢᠯᠴᠠᠬᠤ᠂ ᠬᠤᠣᠰ ᠴᠢᠭᠯᠡᠯ ᠢᠶᠠᠷ ᠰᠢᠯᠵᠢᠬᠦ ᠶᠢ ᠠᠬᠢᠭᠤᠯᠪᠠᠯ ᠰᠠᠶ᠋ᠢ ᠬᠤᠳᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ ᠴᠢᠳᠠᠨ᠎ᠠ︔ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ᠂ ᠭᠠᠭᠴᠠ ᠬᠦ ᠭᠠᠳᠠᠭᠰᠢ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠨᠠᠩ ᠥᠨᠳᠥᠷ ᠲᠦᠪᠰᠢᠨ ᠪᠥᠬᠦᠶ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠪᠠᠯ ᠰᠠᠶ᠋ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ ᠵᠠᠶ ᠶᠢ ᠲᠠᠰᠤᠷᠠᠯᠲᠠ ᠥᠬᠡᠶ ᠥᠷᠭᠡᠳᠬᠡᠵᠦ ᠴᠢᠳᠠᠨ᠎ᠠ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃         ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢᠯᠠᠬᠤ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠦᠰᠢᠭ ᠲᠤᠯᠭᠠᠭᠤᠷᠢ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠠᠩᠬ᠎ᠠ ᠤᠳᠠᠭ᠎ᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠢ ᠲᠤᠰᠬᠠᠢ ᠪᠦᠯᠦᠭ ᠪᠣᠯᠭᠠᠨ ᠲᠣᠳᠣᠷᠬᠠᠶᠢᠯᠠᠨ ᠥᠭᠦᠯᠡᠭᠰᠡᠨ ᠪᠥᠭᠡᠳ ᠨᠢᠭᠡ ᠴᠤᠬᠴᠠᠵᠢᠭᠤᠯᠤᠨ ᠪᠠᠶᠢᠷᠢᠯᠠᠭᠤᠯᠵᠤ᠂ 2035 ᠣᠨ ᠪᠣᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠨ᠎ᠡ ᠭᠡᠵᠦ ᠲᠣᠳᠣᠷᠬᠠᠶᠢᠯᠠᠪᠠ᠃ ᠪᠥᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠳᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠮᠵᠢ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠴᠢᠬᠤᠯᠠ ᠪᠠᠶᠢᠷᠢᠯᠠᠭᠤᠯᠤᠯᠲᠠ ᠬᠢᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠮᠥᠨ᠂ ᠭᠠᠭᠴᠠ ᠬᠦ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠮᠵᠢ ᠲᠣᠭᠲᠠᠴᠠ ᠶᠢ ᠨᠢᠭᠡ ᠴᠤᠬᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠬᠦᠯᠵᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡᠯ ᠰᠠᠶ᠋ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠦᠷᠢᠯᠳᠦᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠳᠠᠭᠠᠭᠤᠯᠵᠤ ᠴᠢᠳᠠᠨ᠎ᠠ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃         ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠬᠦ ᠶᠠᠪᠤᠳᠠᠯ ᠢ ᠴᠢᠩᠭ᠎ᠠ ᠠᠳᠬᠤᠪᠠᠯ ᠳᠠᠷᠤᠢ ᠪᠤᠰᠤᠳ ᠡᠯ᠎ᠡ ᠲᠠᠯ᠎ᠠ ᠶᠢᠨ ᠥᠭᠡᠷᠡᠴᠢᠯᠡᠯᠲᠡ ᠳᠤ ᠬᠦᠴᠦᠷᠬᠡᠭ ᠶᠡᠭᠡ ᠲᠦᠯᠬᠢᠴᠡ ᠬᠦᠴᠦᠨ ᠢ ᠬᠠᠩᠭᠠᠵᠤ᠂ ᠪᠤᠰᠤᠳ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠵᠣᠬᠢᠴᠠᠩᠭᠤᠢ ᠪᠠᠷ ᠠᠬᠢᠬᠤ ᠶᠢ ᠨᠥᠯᠥᠭᠡᠯᠡᠵᠦ ᠴᠢᠳᠠᠨ᠎ᠠ ᠭᠡᠳᠡᠭ ᠢ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠬᠢᠭᠰᠡᠨ ᠠᠴᠠ ᠨᠠᠭᠠᠰᠢᠬᠢ ᠦᠢᠯᠡᠳᠦᠯᠭᠡ ᠭᠦᠢᠴᠡᠳ ᠭᠡᠷᠡᠴᠢᠯᠡᠭᠰᠡᠨ ᠪᠠᠶᠢᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠭᠤᠣᠯᠳᠠᠯᠭ᠎ᠠ ᠶᠢ ᠲᠤᠪᠤᠶᠢᠯᠭᠠᠬᠤ ᠶᠢ ᠨᠡᠩ ᠴᠢᠬᠤᠯᠠᠴᠢᠯᠠᠵᠤ᠂ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠦᠳᠦᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠨᠠᠭᠰᠢᠳᠠ ᠴᠢᠯᠥᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠩᠭᠠᠳᠬᠠᠵᠤ᠂ ᠦᠢᠯᠡᠳᠪᠦᠷᠢᠯᠡᠯ ᠤᠨ ᠬᠠᠷᠢᠴᠠᠭ᠎ᠠ ᠪᠣᠯᠤᠨ ᠦᠢᠯᠡᠳᠪᠦᠷᠢᠯᠡᠯ ᠤᠨ ᠬᠦᠴᠦᠨ᠂ ᠳᠡᠭᠡᠳᠦ ᠳᠠᠪᠬᠤᠷᠭ᠎ᠠ ᠪᠣᠯᠤᠨ ᠠᠵᠤ ᠠᠬᠤᠢ ᠶᠢᠨ ᠰᠠᠭᠤᠷᠢ᠂ ᠤᠯᠤᠰ ᠤᠨ ᠵᠠᠰᠠᠯᠲᠠ ᠪᠣᠯᠤᠨ ᠨᠡᠶᠢᠭᠡᠮ ᠤᠨ ᠬᠥᠭᠵᠢᠯᠲᠡ ᠶᠢ ᠨᠡᠩ ᠰᠠᠶᠢᠨ ᠵᠤᠬᠢᠴᠠᠭᠤᠯᠤᠨ ᠠᠬᠢᠭᠤᠯᠪᠠᠯ᠂ ᠯᠠᠪᠲᠠᠢ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠬᠡᠬᠡᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠴᠢᠳᠠᠨ᠎ᠠ᠃
ᠢᠷᠡᠯᠲᠡ᠄ ᠠᠷᠠᠳ ᠤᠨ ᠮᠤᠩᠭᠤᠯ ᠰᠦᠯᠵᠢᠶ᠎ᠡ