— ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠲᠤᠬᠠᠢ ᠦᠬᠦᠯᠡᠬᠦ ᠨᠢ | ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠨᠢᠭᠡᠨ ᠡᠷᠬᠢᠮ | ᠨᠠᠨᠳᠢᠨ ᠲᠤᠷᠰᠢᠯᠭ᠎ᠠ ᠮᠥᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠲᠤᠤᠱᠯᠠᠭᠤᠯᠬᠤ ᠬᠡᠷᠡᠭᠲᠡᠢ ᠨᠢᠭᠡᠨ ᠴᠢᠬᠤᠯᠠ ᠶᠡᠭᠡ ᠵᠠᠷᠴᠢᠮ | ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠰᠢᠰᠲ᠋ᠧᠮᠵᠢᠭᠦᠯᠥᠨ ᠬᠤᠷᠠᠭᠤᠯᠬᠤ ᠶᠢ ᠨᠡᠩ ᠢᠯᠡᠭᠦᠦ ᠴᠢᠬᠤᠯᠠᠴᠢᠯᠠᠵᠤ᠂ | ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠲᠥᠯᠥᠪᠵᠢᠭᠦᠯᠭᠡ᠂ ᠰᠢᠰᠲ᠋ᠧᠮ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢ | ᠬᠠᠷᠢᠯᠴᠠᠨ ᠬᠠᠮᠵᠢᠯᠴᠠᠭᠤᠯᠵᠤ᠂ ᠬᠠᠮᠵᠢᠯᠴᠠᠨ ᠥᠨᠳᠥᠷ ᠪᠦᠲᠦᠮᠵᠢᠲᠡᠢ ᠪᠣᠯᠭᠠᠬᠤ ᠬᠡᠷᠡᠭᠲᠡᠢ ᠬᠡᠪᠡ᠃ | ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠳᠤ ᠮᠠᠰᠢ ᠤᠯᠠᠨ ᠰᠢᠨ᠎ᠡ ᠠᠭᠤᠯᠤᠭᠳᠠᠬᠤᠨ ᠪᠠ ᠣᠨᠴᠠᠯᠢᠭ ᠲᠠᠢ ᠶᠤᠮ᠂ ᠡᠭᠦᠨ ᠳᠤ ᠮᠠᠰᠢ | ᠴᠢᠬᠤᠯᠠ ᠨᠢᠭᠡ ᠵᠦᠢᠯ ᠪᠣᠯ ᠳᠠᠷᠤᠢ ᠳᠦᠷᠢᠮ ᠤᠨ ᠪᠠᠶᠢᠭᠤᠯᠤᠯᠲᠠ ᠨᠡᠩ ᠴᠢᠬᠤᠯᠠ ᠪᠠᠶᠢᠵᠤ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ | ᠴᠢᠨᠠᠷ᠂ ᠬᠠᠮᠵᠢᠯᠴᠠᠬᠤ ᠴᠢᠨᠠᠷ ᠤᠨ ᠲᠤᠬᠠᠢ ᠱᠠᠭᠠᠷᠳᠠᠯᠭ᠎ᠠ ᠨᠡᠩ ᠴᠢᠩᠭ᠎ᠠ ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ ᠪᠠ ᠣᠶᠤᠨ ᠤᠬᠠᠭᠠᠨ ᠢᠶᠠᠷ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠠᠬᠢᠭᠤᠯᠵᠤ᠂ ᠥᠭᠡᠷᠡᠴᠢᠯᠡᠯᠲᠡ ᠶᠢ ᠬᠡᠰᠡᠭ ᠲᠠᠯ᠎ᠠ ᠪᠠᠷ ᠬᠠᠶᠢᠨ ᠰᠦᠪᠡᠭᠴᠢᠯᠡᠬᠦ᠂ ᠮᠥᠰᠥ ᠶᠢ ᠬᠠᠭᠠᠯᠵᠤ ᠪᠦᠰᠡᠯᠡᠯᠲᠡ ᠶᠢ ᠰᠢᠪᠲᠤᠯᠬᠤ ᠠᠴᠠ ᠠᠪᠤᠭᠠᠳ | ᠰᠢᠰᠲ᠋ᠧᠮᠵᠢᠭᠦᠯᠥᠨ ᠬᠤᠷᠠᠭᠤᠯᠵᠤ᠂ ᠪᠥᠬᠦ ᠲᠠᠯ᠎ᠠ ᠪᠠᠷ ᠭᠦᠨᠵᠡᠭᠡᠶᠢᠷᠡᠭᠦᠯᠤᠨ ᠬᠤᠪᠢᠷᠠᠭᠤᠯᠬᠤ ᠬᠦᠷᠲᠡᠯ᠎ᠡ᠂ ᠮᠠᠰᠢ ᠣᠯᠠᠨ ᠬᠦᠷᠢᠶᠡᠨ ᠳᠤ ᠲᠡᠦᠬᠡᠲᠦ ᠴᠢᠨᠠᠷᠲᠠᠶ | ᠬᠤᠪᠢᠰᠤᠯᠲᠠ᠂ ᠰᠢᠰᠲ᠋ᠧᠮᠲᠦ ᠴᠢᠨᠠᠷᠲᠠᠶ ᠳᠠᠬᠢᠨ ᠴᠣᠭᠴᠠᠯᠠᠯᠲᠠ᠂ ᠪᠦᠬᠦᠯᠢ ᠴᠣᠭᠴᠠ ᠶᠢᠨ ᠴᠢᠨᠠᠷᠲᠠᠶ ᠳᠠᠬᠢᠨ ᠪᠠᠶᠢᠭᠤᠯᠤᠯᠲᠠ ᠶᠢ ᠪᠡᠶᠡᠯᠡᠭᠦᠯᠪᠡ᠃ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ︽ᠮᠦᠨ ᠴᠤ ᠴᠠᠭ ᠦᠶ᠎ᠡ ᠶᠢ ᠵᠠᠭᠠᠭᠯᠠᠭᠰᠠᠨ︾ ᠭᠡᠳᠡᠭ ᠤᠨ ᠨᠢᠭᠡᠨ | ᠴᠢᠬᠤᠯᠠ ᠲᠠᠯ᠎ᠠ ᠪᠤᠯ ᠳᠠᠷᠤᠶ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠰᠢᠰᠲ᠋ᠧᠮ ᠲᠠᠢ ᠪᠠᠷ ᠪᠦᠬᠦᠯᠢ ᠴᠣᠭᠴᠠ ᠪᠠᠷ ᠨᠢ ᠲᠥᠯᠥᠪᠯᠡᠨ | ᠠᠬᠢᠭᠤᠯᠵᠤ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠴᠤ᠋ ᠰᠢᠨ᠎ᠡ ᠪᠠᠶᠢᠳᠠᠯ ᠢ ᠨᠡᠭᠡᠭᠡᠭᠰᠡᠨ ᠳᠤ ᠣᠷᠣᠰᠢᠨ᠎ᠠ᠃ | ᠶᠡᠷᠦᠩᠬᠡᠢ ᠱᠦᠵᠢ ᠰᠢ ᠶᠢᠨ ᠫᠢᠩ᠄ ︽ᠥᠭᠡᠷᠡᠴᠢᠯᠡᠯᠲᠡ ᠶᠢ ᠲᠥᠰᠦᠪᠯᠡᠨ ᠠᠬᠢᠭᠤᠯᠬᠤ ᠳᠤ᠂ ᠡᠷᠬᠡᠪᠰᠢ ᠰᠢᠰᠲ᠋ᠧᠮ ᠤᠨ ᠦᠵᠡᠯᠲᠡ᠂ ᠪᠦᠬᠦ ᠲᠠᠯ᠎ᠠ ᠶᠢᠨ | ᠦᠵᠡᠯᠲᠡ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ ᠶᠢ ᠴᠢᠩᠭᠠᠳᠬᠠᠵᠤ᠂ ᠬᠦᠨᠳᠦ ᠬᠦᠡᠭᠭᠡᠨ ᠠᠯᠭᠤᠷ ᠪᠠᠴᠢᠮ ᠢ | ᠬᠤᠪᠢᠶᠠᠵᠤ᠂ ᠰᠢᠰᠲ᠋ᠧᠮᠵᠢᠭᠦᠯᠥᠨ ᠬᠤᠷᠠᠭᠤᠯᠬᠤ ᠶᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ | ᠪᠦᠷᠢᠳᠦᠭᠦᠯᠬᠦ ᠶᠢ ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠳᠠᠯᠢ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ | ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠶ︾ ᠭᠡᠵᠦ ᠴᠢᠬᠤᠯᠠᠴᠢᠯᠠᠪᠠ᠃ ᠪᠦᠭᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠨᠢ | ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠪᠣᠷᠣ ᠲᠥᠯᠥᠪ ᠤᠨ ᠳᠣᠣᠷ᠎ᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠲᠥᠯᠥᠪᠯᠡᠵᠦ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠪᠤᠰᠤᠳ ᠡᠯ᠎ᠡ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ | ᠪᠠᠶᠢᠷᠢᠯᠠᠭᠤᠯᠵᠤ᠂ ᠪᠦᠬᠦ ᠲᠠᠯ᠎ᠠ ᠶᠢᠨ ᠥᠭᠡᠷᠡᠴᠢᠯᠡᠯᠲᠡ ᠶᠢ ᠴᠢᠬᠤᠯᠠᠴᠢᠯᠠᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠬᠦ ᠶᠢ ᠴᠢᠬᠤᠯᠠᠴᠢᠯᠠᠬᠰᠠᠨ | ᠨᠢ ᠲᠡᠭᠦᠨ ᠤ ᠴᠢᠬᠤᠯᠠ ᠣᠨᠴᠠᠯᠢᠭ ᠪᠤᠯᠤᠨ᠎ᠠ᠃ | ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ | ᠱᠠᠭᠠᠷᠳᠠᠯᠭ᠎ᠠ ᠮᠥᠨ᠂ ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠭᠤᠶᠢᠪᠢᠰᠢ | ᠦᠭᠡᠢ ᠵᠠᠮᠨᠠᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠶᠢ ᠤᠯᠤᠰ ᠣᠷᠣᠨ ᠤ ᠤᠯᠤᠰ ᠲᠦᠷᠦ ᠶᠢᠨ ᠠᠮᠢᠳᠤᠷᠠᠯ ᠪᠠ ᠨᠡᠶᠢᠭᠡᠮ ᠤᠨ ᠠᠮᠢᠳᠤᠷᠠᠯ ᠤᠨ ᠡᠯ᠎ᠡ | ᠲᠠᠯ᠎ᠠ ᠳᠤ ᠪᠣᠳᠠᠲᠠᠢ ᠪᠠᠷ ᠪᠡᠶᠡᠯᠡᠭᠦᠯᠵᠦ ᠴᠢᠳᠠᠪᠠᠯ ᠰᠠᠶ᠋ᠢ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠪᠠᠬᠢᠵᠢᠭᠦᠯᠦᠨ | ᠬᠥᠭᠵᠢᠭᠦᠯᠵᠦ ᠴᠢᠳᠠᠨ᠎ᠠ︔ ᠬᠠᠤᠯᠢ ᠪᠠᠷ ᠵᠠᠰᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠂ ᠭᠠᠭᠴᠠ ᠬᠦ | ᠦᠨᠳᠦᠰᠦᠨ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠵᠦ᠂ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ | ᠰᠠᠬᠢᠬᠤ ᠡᠯ᠎ᠡ ᠭᠤᠭᠴᠤᠭ᠎ᠠ ᠶᠢᠨ ᠥᠭᠡᠷᠡᠴᠢᠯᠡᠯᠲᠡ ᠶᠢ ᠬᠠᠮᠵᠢᠯᠴᠠᠭᠤᠯᠤᠨ ᠠᠬᠢᠭᠤᠯᠵᠤ᠂ ᠤᠯᠤᠰ ᠤᠨ ᠡᠯ᠎ᠡ ᠲᠠᠯ᠎ᠠ ᠶᠢᠨ ᠠᠵᠢᠯ ᠢ ᠬᠠᠤᠯᠢᠵᠢᠭᠤᠯᠬᠤ ᠶᠢ ᠪᠦᠬᠦ | ᠲᠠᠯ᠎ᠠ ᠪᠠᠷ ᠠᠬᠢᠭᠤᠯᠪᠠᠯ ᠰᠠᠶ᠋ᠢ ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠵᠤ ᠴᠢᠳᠠᠨ᠎ᠠ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ | ᠵᠣᠬᠢᠴᠠᠯᠳᠤᠭᠰᠠᠨ ᠣᠳᠣᠬᠢᠴᠢᠯᠠᠯᠲᠠ ᠮᠥᠨ᠂ ᠭᠠᠭᠴᠠ ᠬᠦ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ | ᠬᠥᠭᠵᠢᠯᠲᠡ ᠶᠢᠨ ᠰᠢᠨ᠎ᠡ ᠪᠠᠶᠢᠳᠠᠯ ᠳᠤ ᠲᠦᠷᠭᠡᠨ ᠵᠣᠬᠢᠴᠠᠵᠤ᠂ ᠪᠦᠬᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠳᠤᠯᠢᠭ | ᠬᠦᠴᠦᠨ ᠢ ᠬᠥᠭᠵᠢᠭᠡᠪᠡᠯ ᠰᠠᠶ᠋ᠢ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠷᠬᠡᠭ ᠶᠡᠭᠡ | ᠤᠶᠤᠨ ᠤ ᠬᠦᠴᠦᠨ ᠨᠡᠮᠡᠷᠢᠯᠡᠵᠦ ᠴᠢᠳᠠᠨ᠎ᠠ︔ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ᠂ ᠭᠠᠭᠴᠠ ᠬᠦ ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠶᠢ ᠪᠠᠷᠢᠮᠲᠠᠯᠠᠵᠤ᠂ ᠠᠷᠠᠳ ᠲᠦᠮᠡᠨ ᠤ | ᠬᠠᠮᠤᠭ ᠤᠨ ᠠᠩᠬᠠᠷᠤᠯ ᠲᠠᠯᠪᠢᠵᠦ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠪᠠᠯ ᠰᠠᠶ᠋ᠢ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠳᠤ | ᠠᠬᠢᠭᠤᠯᠵᠤ ᠴᠢᠳᠠᠨ᠎ᠠ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠣᠳᠣᠬᠢᠴᠢᠯᠠᠯᠲᠠ ᠮᠥᠨ᠂ ᠭᠠᠭᠴᠠ ᠬᠦ ᠠᠮᠢ ᠠᠬᠤᠢ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠠᠵᠤ ᠠᠬᠤᠢ ᠶᠢ ᠨᠡᠮᠡᠭᠳᠡᠭᠦᠯᠭᠦ ᠶᠢ | ᠬᠠᠮᠵᠢᠯᠴᠠᠭᠤᠯᠤᠨ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ | ᠪᠠᠶᠢᠭᠤᠯᠤᠯ ᠲᠣᠭᠲᠠᠴᠠ ᠶᠢ ᠲᠦᠷᠭᠡᠨ ᠲᠡᠭᠦᠯᠳᠡᠷᠵᠢᠭᠦᠯᠪᠡᠯ ᠰᠠᠶ᠋ᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠵᠤ᠂ ᠰᠢᠨ᠎ᠡ ᠴᠠᠭ | ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ ᠭᠡᠳᠡᠭ ᠢ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ | ᠬᠥᠭᠵᠢᠯᠲᠡ ᠪᠠ ᠠᠮᠤᠷ ᠲᠦᠪᠰᠢᠨ ᠪᠣᠯ ᠨᠢᠭᠡ ᠴᠣᠭᠴᠠ ᠶᠢᠨ ᠬᠤᠶᠠᠷ ᠵᠢᠭᠦᠷ ᠮᠥᠨ᠂ ᠬᠥᠳᠡᠯᠭᠡᠭᠦᠷ ᠤᠨ ᠬᠤᠶᠠᠷ ᠬᠦᠷᠳᠦ ᠮᠥᠨ᠂ ᠡᠭᠦᠨ ᠢ ᠨᠢᠭᠡᠳᠦᠯᠲᠡᠶ | ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠵᠡᠷᠭᠡ ᠪᠠᠷ ᠳᠥᠯᠭᠢᠨ ᠠᠬᠢᠭᠤᠯᠵᠤ᠂ ᠬᠥᠳᠡᠯᠦᠩᠭᠦᠶ ᠪᠥᠭᠡᠳ ᠲᠡᠩᠴᠡᠭᠦᠷᠢᠲᠡᠶ᠂ ᠬᠠᠮᠵᠢᠨ ᠬᠠᠪᠰᠤᠷᠤᠯᠴᠠᠵᠤ ᠬᠠᠷᠢᠯᠴᠠᠨ | ᠳᠤᠪᠤᠶᠢᠯᠭᠠᠬᠤ ᠬᠡᠷᠡᠭᠲᠡᠶ ᠭᠡᠳᠡᠭ ᠢ ᠣᠳᠣᠬᠢᠴᠢᠯᠠᠯᠲᠠ ᠶᠢᠨ ᠲᠡᠦᠬᠡᠨ ᠶᠠᠪᠤᠴᠠ ᠬᠠᠷᠠᠭᠤᠯᠵᠤ ᠪᠠᠶᠢᠨ᠎ᠠ᠃ ᠤᠯᠤᠰ ᠤᠨ ᠠᠮᠤᠷ ᠲᠦᠪᠰᠢᠨ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠲᠣᠭᠲᠠᠭᠤᠨ ᠢᠶᠠᠷ ᠤᠷᠤᠭᠰᠢᠯᠠᠬᠤ ᠴᠢᠬᠤᠯᠠ ᠰᠠᠭᠤᠷᠢ ᠮᠥᠨ᠂ ᠭᠠᠭᠴᠠ ᠬᠦ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠴᠢᠨᠠᠷ | ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯ ᠢ ᠪᠡᠶᠡᠯᠡᠭᠦᠯᠪᠡᠯ ᠰᠠᠶ᠋ᠢ ᠤᠯᠤᠰ ᠤᠨ ᠥᠨᠢ ᠤᠳᠠᠭᠠᠨ ᠠᠮᠤᠷ | ᠲᠦᠪᠰᠢᠨ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ︔ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠪᠣᠯ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠭᠠᠭᠴᠠ ᠬᠦ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ | ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠪᠡᠯ ᠰᠠᠶ᠋ᠢ | ᠵᠠᠭᠤᠨ ᠵᠢᠯ ᠤᠨ ᠴᠡᠷᠢᠭ ᠪᠠᠶᠢᠭᠤᠯᠬᠤ ᠲᠡᠮᠡᠴᠡᠬᠦ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠵᠤ ᠴᠢᠳᠠᠨ᠎ᠠ ᠭᠡᠳᠡᠭ ᠢ ᠡᠷᠬᠡᠪᠰᠢ ᠭᠦᠨᠵᠡᠭᠡᠢ ᠲᠠᠨᠢᠬᠤ | ᠬᠡᠷᠡᠭᠲᠡᠢ᠃ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠯ ᠨᠢᠭᠡᠨ ᠤᠳᠠᠭᠠᠨ ᠤ ᠭᠦᠨ ᠭᠦᠨᠵᠡᠭᠡᠢ ᠪᠥᠭᠡᠳ ᠪᠦᠬᠦ ᠲᠠᠯ᠎ᠠ ᠶᠢᠨ ᠨᠡᠶᠢᠭᠡᠮ ᠤᠨ | ᠬᠤᠪᠢᠰᠤᠯᠲᠠ ᠮᠥᠨ᠂ ᠪᠠᠰᠠ ᠴᠤ ᠨᠢᠭᠡᠨ ᠲᠦᠪᠡᠭ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠰᠢᠰᠲ᠋ᠧᠮ ᠤᠨ ᠣᠶᠢᠯᠠᠭᠠᠭᠳᠠᠬᠤᠨ ᠭᠡᠬᠦ ᠡᠨᠡ ᠬᠦ ᠰᠠᠭᠤᠷᠢ ᠴᠢᠨᠠᠷᠲᠠᠢ ᠦᠵᠡᠯ ᠰᠠᠨᠠᠭ᠎ᠠ ᠪᠠ ᠠᠵᠢᠯᠯᠠᠬᠤ ᠠᠷᠭ᠎ᠠ ᠶᠢ ᠰᠠᠶᠢᠲᠤᠷ ᠬᠡᠷᠡᠭᠯᠡᠵᠦ᠂ ᠰᠢᠰᠲ᠋ᠧᠮᠵᠢᠭᠦᠯᠥᠨ | ᠬᠤᠷᠠᠭᠤᠯᠬᠤ ᠶᠢ ᠨᠡᠩ ᠢᠯᠡᠭᠦᠦ ᠴᠢᠬᠤᠯᠠᠴᠢᠯᠠᠵᠦ᠂ ᠥᠭᠡᠷᠡᠴᠢᠯᠡᠯᠲᠡ ᠶᠢ ᠠᠬᠢᠭᠤᠯᠬᠤ ᠨᠡᠶᠢᠯᠡᠮᠡᠯ ᠬᠦᠴᠦᠨ ᠢ ᠪᠤᠢ ᠪᠣᠯᠭᠠᠵᠤ᠂ ᠦᠨᠡᠨ ᠬᠦ ᠠᠳᠬᠤᠨ ᠪᠣᠳᠠᠲᠠᠢ ᠪᠠᠷ | ᠠᠵᠢᠯᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠪᠡᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠲᠠᠢ ᠳᠠᠪᠠᠯᠭᠠᠨ ᠢ ᠵᠦᠰᠦᠨ | ᠤᠷᠤᠭᠰᠢᠯᠠᠵᠤ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠬᠤ ᠶᠤᠮ᠃ | |