︽ᠧᠦ᠋ᠷᠣᠫᠠ ᠶᠢᠨ ᠵᠢᠷᠦᠬᠡᠨ ᠤ ᠡᠪᠡᠳᠴᠢᠨ ᠢ ᠰᠡᠷᠭᠡᠶᠢᠯᠡᠬᠦ ᠤᠬᠠᠭᠠᠨ ᠤ ᠰᠡᠳᠬᠦᠯ︾ ᠤᠨ ᠨᠡᠶᠢᠲᠡᠯᠡᠭᠰᠡᠨ ᠨᠢᠭᠡᠨ ᠥᠭᠦᠯᠡᠯ ᠳᠤ᠂ ᠢᠳᠡᠭᠡᠨ | ᠤᠮᠳᠠᠭᠠᠨ ᠠᠴᠠ ᠪᠣᠯᠤᠭᠰᠠᠨ ᠵᠢᠷᠦᠬᠡᠨ ᠤ ᠭᠡᠮᠳᠦᠯ ᠳᠤ ᠤᠷᠮ᠎ᠠ ᠰᠡᠳᠭᠢᠯᠭᠡ ᠨᠢ ᠴᠢᠬᠤᠯᠠ ᠨᠦᠯᠦᠭᠡᠯᠡᠬᠦ ᠬᠦᠴᠦᠨ ᠪᠤᠯᠵᠤ᠂ ᠤᠷᠲᠦ ᠬᠤᠭᠤᠴᠠᠭ᠎ᠠ ᠪᠠᠷ ᠤᠴᠠᠭᠠᠷ | ᠪᠤᠬᠢᠨᠢᠳᠤᠯ ᠲᠠᠢ ᠬᠤᠭᠤᠯᠠ ᠢᠳᠡᠪᠡᠯ ᠡᠷᠡᠭᠦᠯ ᠵᠢᠷᠦᠬᠡ ᠴᠦ ᠬᠡᠮᠲᠦᠵᠦ ᠮᠡᠳᠡᠨ᠎ᠡ ᠭᠡᠪᠡ᠃ | ᠰᠤᠳᠤᠯᠭᠠᠨ ᠤ ᠪᠦᠯᠬᠦᠮ ᠤᠨ ᠬᠢᠨ 1109 ᠬᠥᠮᠦᠨ ᠳᠤ ᠪᠠᠶᠢᠴᠠᠭᠠᠯᠲᠠ ᠬᠢᠭᠡᠳ 13 ᠵᠢᠯ ᠪᠣᠯᠤᠭᠰᠠᠨ ᠤ ᠳᠠᠷᠠᠭ᠎ᠠ᠂ ᠤᠷᠮ᠎ᠠ ᠰᠡᠳᠬᠢᠯᠭᠡ ᠶᠢᠨ | ᠨᠦᠯᠦᠭᠡᠯᠡᠯ ᠲᠠᠢ ᠬᠤᠭᠤᠯᠠ ᠢᠳᠡᠬᠦ ᠨᠢ ᠵᠢᠷᠦᠬᠡᠨ ᠤ ᠲᠡᠯᠡᠯᠲᠡ ᠶᠢᠨ ᠴᠢᠳᠠᠮᠵᠢ ᠶᠢᠨ ᠰᠠᠭᠠᠲᠠᠯ ᠤᠨ ᠲᠦᠭᠰᠢᠭᠦᠷᠢ ᠶᠢᠨ ᠨᠡᠮᠡᠭᠳᠡᠯ ᠲᠠᠢ ᠬᠤᠯᠪᠣᠭ᠎ᠠ ᠲᠠᠢ︔ ᠬᠡᠳᠦᠢ | ᠶᠡᠭᠡ ᠤᠴᠠᠭᠠᠷ ᠪᠤᠬᠢᠨᠢᠳᠤᠯ ᠲᠠᠢ ᠬᠤᠭᠤᠯᠠ ᠢᠳᠡᠪᠡᠯ ᠬᠦᠵᠦᠭᠦᠦ ᠭᠤᠶᠠᠨ ᠤ ᠯᠤᠭᠰᠢᠭᠤᠨ ᠰᠤᠳᠠᠯ ᠤᠨ ᠯᠤᠭᠰᠢᠯᠲᠠ ᠶᠢᠨ ᠬᠤᠷᠳᠤᠴᠠ ᠨᠢ ᠴᠦ ᠲᠡᠳᠦᠶ ᠲᠦᠷᠭᠡᠨ | ᠪᠠᠶᠢᠵᠤ᠂ ᠴᠢᠰᠤᠨ ᠰᠤᠳᠠᠯ ᠤᠨ ᠬᠠᠲᠠᠭᠤᠷᠠᠯ ᠤᠨ ᠬᠡᠮᠵᠢᠶ᠎ᠡ ᠨᠢ ᠲᠡᠳᠦᠶ ᠥᠨᠳᠥᠷ ᠪᠤᠯᠤᠨ᠎ᠠ ᠭᠡᠳᠡᠭ ᠢ ᠤᠯᠵᠤ ᠮᠡᠳᠡᠵᠡᠢ᠃ | ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠬᠠᠷᠢᠶᠠᠲᠤ ᠶᠢᠰᠦᠳᠦᠭᠡᠷ ᠠᠷᠠᠳ ᠤᠨ ᠡᠮᠨᠡᠯᠭᠡ ᠶᠢᠨ | ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠭᠤᠤᠯᠯᠠᠭᠴᠢ ᠡᠮᠴᠢ ᠰᠢᠥᠸᠠᠢ ᠴᠤᠤ ᠶᠢᠨ ᠲᠠᠶᠢᠯᠪᠤᠷᠢᠯᠠᠭᠰᠠᠨ ᠢᠶᠠᠷ᠂ ᠳᠠᠷᠤᠭᠠᠰᠦ᠂ ᠪᠤᠬᠢᠨᠢᠳᠤᠯ᠂ ᠠᠭᠤᠷ ᠬᠢᠯᠢᠩ᠂ | ᠡᠮᠭᠡᠨᠢᠯ ᠵᠡᠷᠭᠡ ᠨᠠᠵᠠᠭᠠᠶ ᠤᠷᠮ᠎ᠠ ᠰᠡᠳᠭᠢᠯᠭᠡ ᠨᠢ ᠶᠡᠭᠡ ᠲᠠᠷᠢᠬᠢ ᠶᠢ ᠲᠠᠷᠤᠭᠠᠰᠦ ᠲᠠᠢ ᠪᠠᠶᠢᠳᠠᠯ ᠳᠤ ᠣᠷᠣᠭᠤᠯᠵᠤ᠂ ᠬᠥᠮᠦᠰ ᠤᠨ ᠢᠳᠡᠭᠡᠨ ᠤ ᠳᠤᠷᠠᠰᠢᠯ ᠢ ᠶᠡᠭᠡ ᠪᠠᠷ | ᠨᠡᠮᠡᠭᠳᠡᠭᠦᠯᠦᠨ᠂ ᠥᠨᠳᠥᠷ ᠡᠨᠧᠷᠭᠢᠲᠦ ᠢᠳᠡᠭᠡᠨ ᠢ ᠴᠦ ᠨᠠᠩ ᠠᠷᠪᠢᠨ ᠢᠳᠡᠭᠦᠯᠳᠡᠭ᠃ ᠬᠡᠲᠦᠷᠡᠲᠡᠯ᠎ᠡ ᠢᠳᠡᠵᠦ ᠤᠤᠭᠤᠬᠤ ᠨᠢ ᠳᠠᠷᠤᠭᠠᠰᠦ ᠶᠢ ᠲᠦᠷ ᠬᠥᠩᠭᠡᠷᠡᠭᠦᠯᠵᠦ᠂ | ᠬᠥᠮᠦᠰ ᠲᠤ ᠤᠬᠤᠷᠬᠠᠨ ᠬᠤᠭᠤᠴᠠᠭᠠᠨ ᠤ ᠲᠠᠭᠠᠯᠠᠮᠵᠢᠲᠠᠶ ᠪᠠᠶᠢᠳᠠᠯ ᠢ ᠡᠳ᠋ᠯᠡᠭᠦᠯᠳᠡᠭ ᠪᠤᠯᠪᠠᠴᠦ ᠬᠤᠶᠢᠰᠢᠳᠠ ᠶᠢᠨ ᠬᠤᠣᠷ ᠬᠥᠨᠥᠭᠡᠯ ᠨᠢ ᠮᠠᠰᠢ ᠶᠡᠭᠡ ᠪᠠᠶᠢᠳᠠᠭ᠂ | ᠵᠢᠱᠢᠶᠡᠯᠡᠪᠡᠯ ᠮᠠᠷᠢᠶᠠᠯᠠᠬᠤ᠂ ᠳᠣᠲᠣᠭᠠᠳᠤ ᠰᠢᠭᠦᠷᠡᠯᠲᠡ ᠶᠢ ᠰᠠᠮᠠᠭᠤᠷᠠᠭᠤᠯᠬᠤ᠂ ᠴᠢᠰᠤᠨ ᠤ ᠥᠭᠡᠬᠦ ᠥᠨᠳᠥᠷᠵᠢᠬᠦ ᠵᠡᠷᠭᠡ ᠪᠠᠶᠢᠳᠠᠯ ᠢ ᠡᠭᠦᠰᠭᠡᠵᠦ᠂ ᠡᠴᠦᠰ ᠲᠡᠭᠡᠨ | ᠵᠢᠷᠦᠬᠡᠨ ᠤ ᠡᠷᠡᠭᠦᠯ ᠮᠡᠨᠳᠦ ᠶᠢ ᠨᠥᠯᠥᠭᠡᠯᠡᠨ᠎ᠡ᠃ | ᠨᠠᠵᠠᠭᠠᠢ ᠤᠷᠮ᠎ᠠ ᠰᠡᠳᠭᠢᠯᠭᠡ ᠨᠢ ᠬᠤᠭᠤᠯᠠ ᠢᠳᠡᠬᠦ ᠪᠠᠷ ᠳᠠᠮᠵᠢᠭᠤᠯᠤᠨ ᠵᠢᠷᠦᠬᠡ ᠶᠢ ᠨᠥᠯᠥᠭᠡᠯᠡᠬᠦ ᠪᠠᠷ ᠪᠠᠷᠠᠬᠤ ᠥᠬᠡᠶ ᠪᠠᠰᠠ ᠪᠤᠰᠤᠳ ᠮᠠᠭᠤ | ᠨᠦᠯᠦᠭᠡ ᠶᠢ ᠳᠠᠭᠠᠭᠤᠯᠳᠠᠭ᠃ ᠵᠢᠱᠢᠶᠡᠯᠡᠪᠡᠯ᠂ ᠵᠣᠪᠠᠨᠢᠬᠤ᠂ ᠪᠤᠬᠢᠨᠢᠳᠤᠬᠤ ᠬᠥᠮᠦᠨ ᠠᠮᠠᠷᠬᠠᠨ ᠲᠠᠮᠠᠬᠢ ᠲᠠᠲᠠᠬᠤ᠂ ᠠᠷᠢᠬᠢ ᠤᠤᠭᠤᠬᠤ᠂ ᠤᠨᠲᠠᠵᠤ ᠭᠦᠢᠴᠡᠬᠦ ᠦᠭᠡᠢ | ᠨᠦᠢᠷ ᠮᠠᠭᠤ᠂ ᠲᠠᠮᠢᠷ ᠤᠨ ᠬᠥᠳᠡᠯᠭᠡᠭᠡᠨ ᠳᠤᠲᠠᠭᠳᠠᠬᠤ ᠵᠡᠷᠭᠡ ᠡᠷᠡᠭᠦᠯ ᠪᠤᠰᠤ ᠠᠮᠢᠳᠤᠷᠠᠯ ᠤᠨ ᠳᠠᠳᠬᠠᠯ ᠲᠠᠢ ᠪᠤᠯᠳᠠᠭ ᠠᠴᠠ ᠡᠨᠡ ᠨᠢ ᠪᠦᠷ ᠵᠢᠷᠦᠬᠡᠨ ᠡᠪᠡᠳᠴᠢᠨ ᠤ | ᠲᠦᠭᠰᠢᠭᠦᠷᠢ ᠶᠢ ᠨᠡᠮᠡᠭᠳᠡᠭᠦᠯᠳᠡᠭ᠃ ᠪᠠᠰᠠ ᠪᠠᠴᠢᠮᠳᠠᠬᠤ᠂ ᠠᠶᠤᠬᠤ ᠵᠡᠷᠭᠡ ᠤᠷᠮ᠎ᠠ ᠰᠡᠳᠭᠢᠯᠭᠡ ᠨᠢ ᠪᠥᠭᠡᠷ᠎ᠡ ᠶᠢᠨ ᠳᠡᠭᠡᠳᠦ ᠪᠤᠯᠴᠢᠷᠬᠠᠶ ᠶᠢᠨ ᠡᠳ᠋ ᠢ ᠥᠨᠳᠥᠷᠵᠢᠭᠦᠯᠵᠦ᠂ | ᠴᠢᠰᠤᠨ ᠰᠤᠳᠠᠯ ᠢ ᠦᠷᠭᠦᠯᠵᠢᠯᠡᠨ ᠠᠪᠴᠢᠭᠤᠯᠵᠤ᠂ ᠥᠨᠳᠥᠷ ᠰᠥᠰᠥᠨ ᠤ ᠴᠢᠯᠠᠭᠤᠯᠢᠭ ᠠᠯᠺᠣᠣᠯ ᠨᠢ ᠨᠡᠩ ᠠᠮᠠᠷᠬᠠᠨ ᠴᠢᠰᠤᠨ ᠰᠤᠳᠠᠯ ᠤᠨ ᠬᠠᠨ᠎ᠠ ᠶᠢ | ᠢᠳᠡᠭᠳᠡᠭᠦᠯᠵᠦ᠂ ᠯᠤᠭᠰᠢᠭᠤᠨ ᠰᠤᠳᠠᠯ ᠢ ᠥᠭᠡᠬᠦᠯᠡᠬᠦᠯᠦᠨ ᠬᠠᠲᠠᠭᠤᠷᠠᠭᠤᠯᠵᠤ᠂ ᠴᠢᠰᠤᠨ ᠳᠠᠷᠤᠯᠲᠠ ᠥᠨᠳᠥᠷ᠂ ᠵᠢᠷᠦᠬᠡᠨ ᠲᠢᠲᠢᠮ ᠤᠨ ᠡᠪᠡᠳᠴᠢᠨ ᠵᠡᠷᠭᠡ ᠶᠢ | ᠡᠭᠦᠰᠭᠡᠳᠡᠭ᠃ | |