ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠠᠩ ᠢᠯᠡᠬᠦᠦ ᠴᠢᠬᠤᠯᠠᠴᠢᠯᠠᠵᠦ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠰᠤᠭᠠᠢ
ᠨᠡᠶᠢᠲᠡᠯᠡᠭᠰᠡᠨ ᠴᠠᠭ᠄
2024/10/25
        — ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠦᠬᠦᠯᠡᠬᠦ ᠨᠢ                                       ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ         ︽ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠶ︾᠂ ︽ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ︾᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠬᠢᠨᠠᠨ ᠶᠠᠷᠢᠯᠴᠠᠵᠤ ᠪᠠᠲᠤᠯᠠᠭᠠᠳ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ︽ᠪᠦᠬᠦ ᠨᠠᠮ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ︾ ︽ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ︾ ᠭᠡᠵᠦ ᠴᠢᠬᠤᠯᠠᠴᠢᠯᠠᠪᠠ᠃         ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠲᠡᠦᠬᠡᠲᠦ ᠴᠢᠨᠠᠷᠲᠠᠢ ᠠᠭᠤᠤ ᠶᠡᠭᠡ ᠠᠮᠵᠢᠯᠲᠠ ᠣᠯᠤᠭᠰᠠᠨ ᠤ ᠵᠠᠩᠭᠢᠯᠠᠭ᠎ᠠ ᠨᠢ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠪᠠᠶᠢᠷᠢᠯᠠᠭᠤᠯᠤᠯᠲᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠱᠠᠯᠠᠪᠳᠠᠭᠤᠯᠤᠨ ᠪᠠᠶᠢᠴᠠᠭᠠᠬᠤ ᠶᠢ ᠠᠳᠬᠤᠭᠰᠠᠨ ᠳᠤ ᠪᠠᠶᠢᠨ᠎ᠠ᠃ ᠲᠥᠪ ᠤᠨ ᠲᠠᠯ᠎ᠠ ᠠᠴᠠ ᠶᠡᠷᠦᠩᠬᠡᠢ ᠳᠤᠨᠢ ᠵᠢᠷᠤᠵᠤ ᠲᠥᠯᠥᠪᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠦ᠂ ᠪᠦᠬᠦᠯᠢ ᠴᠣᠭᠴᠠ ᠪᠠᠷ ᠨᠢ ᠠᠬᠢᠭᠤᠯᠵᠦ᠂ ᠱᠠᠯᠠᠪᠳᠠᠭᠤᠯᠤᠨ ᠨᠠᠶᠢᠳᠠᠪᠤᠷᠢᠵᠢᠭᠤᠯᠤᠬᠰᠠᠨ ᠠᠴᠠ ᠠᠪᠤᠭᠠᠳ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠪᠠᠨ ᠲᠣᠳᠣᠷᠬᠠᠶᠢᠯᠠᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠦ᠂ ᠠᠵᠢᠯ ᠤᠨ ᠬᠤᠭᠤᠴᠠᠭ᠎ᠠ ᠶᠢ ᠵᠢᠭᠰᠠᠭᠠᠵᠦ᠂ ᠠᠯᠬᠤᠮ ᠠᠯᠬᠤᠮ ᠢᠶᠠᠷ ᠠᠬᠢᠭᠤᠯᠤᠬᠰᠠᠨ ᠬᠦᠷᠲᠡᠯ᠎ᠡ᠂ ᠲᠠᠬᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠢ ᠱᠠᠯᠠᠪᠳᠠᠭᠤᠯᠤᠨ ᠪᠠᠶᠢᠴᠠᠭᠠᠵᠦ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠤᠬᠰᠠᠨ ᠬᠦᠷᠲᠡᠯ᠎ᠡ ᠁ ᠪᠦᠬᠦ ᠨᠠᠮ ᠢᠶᠠᠷ ᠢᠶᠠᠨ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠥᠭᠡᠷᠡᠴᠢᠯᠡᠯᠲᠡ ᠶᠢᠨ ᠠᠵᠢᠯ ᠤᠨ ᠭᠤᠣᠯᠳᠠᠯᠭ᠎ᠠ ᠪᠣᠯᠭᠠᠵᠤ᠂ ᠨᠢᠭᠡ ᠬᠤᠪᠢ ᠪᠠᠶᠢᠷᠢᠯᠠᠭᠤᠯᠤᠯᠳᠠ ᠶᠢ ᠶᠢᠰᠦᠨ ᠬᠤᠪᠢ ᠪᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠲᠡᠮᠦᠷ ᠪᠠᠷᠢᠪᠠᠯ ᠤᠷᠤᠮ ᠲᠠᠢ ᠴᠢᠯᠠᠭᠤᠨ ᠳᠡᠭᠡᠷ᠎ᠡ ᠬᠢᠰᠬᠢᠪᠡᠯ ᠮᠥᠷ ᠲᠠᠢ ᠪᠠᠶᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠯᠠᠪᠳᠠᠭᠤᠨ ᠪᠠᠳᠤ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ ᠮᠠᠰᠢ ᠤᠯᠠᠨ ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ᠂ ᠰᠢᠰᠲ᠋ᠧᠮᠲᠦ ᠴᠢᠨᠠᠷᠲᠠᠢ ᠲᠠᠬᠢᠨ ᠴᠣᠭᠴᠠᠯᠠᠯᠲᠠ᠂ ᠪᠦᠬᠦᠯᠢ ᠴᠣᠭᠴᠠ ᠶᠢᠨ ᠴᠢᠨᠠᠷᠲᠠᠢ ᠲᠠᠬᠢᠨ ᠴᠣᠭᠴᠠᠯᠠᠯᠲᠠ ᠶᠢ ᠪᠡᠶᠡᠯᠡᠭᠦᠯᠪᠡ᠃ ᠰᠠᠶᠢᠨ ᠰᠢᠢᠳᠪᠦᠷᠢᠲᠦ ᠪᠤᠳᠤᠯᠭ᠎ᠠ᠂ ᠰᠠᠶᠢᠨ ᠵᠢᠷᠤᠭ ᠲᠥᠰᠦᠪ ᠲᠠᠢ ᠪᠣᠯᠤᠭᠰᠠᠨ ᠤ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠨ᠎ᠠ᠃ ᠭᠠᠭᠴᠠ ᠬᠦ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠪᠠᠯ ᠰᠠᠶ᠋ᠢ ᠥᠭᠡᠷᠡᠴᠢᠯᠡᠯᠲᠡ ᠶᠢ ᠠᠬᠢᠭᠤᠯᠵᠤ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠵᠤ ᠴᠢᠳᠠᠨ᠎ᠠ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠡᠢ᠃         ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠨᠠᠮ ᠪᠦᠬᠦ ᠤᠯᠤᠰ ᠤᠨ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠭᠡᠷᠡᠴᠢᠯᠡᠯᠲᠡ ᠶᠢ ᠠᠳᠬᠤᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠥᠭᠡᠷᠡᠴᠢᠯᠡᠯᠲᠡ ᠶᠢ ᠠᠬᠢᠭᠤᠯᠬᠤ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠥᠭᠡᠷᠡᠴᠢᠯᠡᠯᠲᠡ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠨᠠᠮ ᠢᠶᠠᠷ ᠢᠶᠠᠨ ᠡᠷᠬᠡᠪᠰᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠨ ᠨᠠᠶᠢᠳᠠᠪᠤᠷᠢᠵᠢᠭᠤᠯᠬᠤ ᠶᠢ ᠠᠳᠬᠤᠵᠤ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠥᠭᠡᠷᠡᠴᠢᠯᠡᠯᠲᠡ ᠶᠢ ᠠᠬᠢᠭᠤᠯᠬᠤ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃         ᠶᠡᠷᠦᠩᠬᠡᠢ ᠱᠦᠵᠢ ᠰᠢ ᠶᠢᠨ ᠫᠢᠩ᠄ ︽ᠥᠭᠡᠷᠡᠴᠢᠯᠡᠯᠲᠡ ᠬᠢᠬᠦ ᠳᠤ ᠲᠥᠯᠥᠪᠵᠢᠭᠦᠯᠬᠦ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠬᠤ ᠶᠢ ᠨᠡᠩ ᠰᠠᠶᠢᠲᠤᠷ ᠠᠳᠬᠤᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠤ ᠪᠠᠶᠢᠳᠠᠯ ᠢ ᠪᠠᠶᠢᠴᠠᠭᠠᠵᠦ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠬᠡᠯᠪᠡᠷᠢ ᠶᠢᠨ ᠦᠵᠡᠯ ᠢ ᠡᠷᠡᠰ ᠰᠡᠷᠭᠡᠶᠢᠯᠡᠨ ᠲᠡᠪᠴᠢᠵᠦ᠂ ᠥᠩᠭᠡᠪᠴᠢ ᠲᠡᠳᠦᠢ ᠳᠦᠷᠢ ᠲᠥᠷᠬᠦ ᠶᠢᠨ ᠢᠨᠵᠧᠨᠧᠷᠢᠩ᠂ ᠠᠷᠠᠳ ᠢ ᠵᠦᠳᠡᠭᠡᠵᠦ ᠡᠳ᠋ ᠢ ᠰᠦᠢᠳᠬᠡᠬᠦ ᠵᠠᠰᠠᠭ ᠤᠨ ᠠᠵᠢᠯ ᠤᠨ ᠠᠮᠵᠢᠯᠲᠠ ᠶᠢᠨ ᠢᠨᠵᠧᠨᠧᠷᠢᠩ ᠢ ᠬᠢᠬᠦ ᠶᠢ ᠡᠷᠡᠰ ᠴᠡᠭᠡᠷᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠃ ᠨᠠᠶᠢᠳᠠᠪᠤᠷᠢᠵᠢᠭᠤᠯᠬᠤ ᠶᠢ ᠠᠳᠬᠤᠬᠤ ᠪᠣᠯ ᠨᠠᠮ ᠤᠨ ᠤᠯᠤᠰ ᠲᠦᠷᠦ ᠶᠢᠨ ᠱᠤᠭᠤᠮ᠂ ᠦᠵᠡᠯ ᠰᠠᠨᠠᠭᠠᠨ ᠤ ᠱᠤᠭᠤᠮ᠂ ᠤᠯᠠᠨ ᠲᠦᠮᠡᠨᠴᠢ ᠱᠤᠭᠤᠮ ᠤᠨ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ ᠤᠳᠤᠷᠢᠳᠬᠤ ᠺᠠᠳ᠋ᠷ ᠤᠨ ᠨᠠᠮᠴᠢ ᠴᠢᠨᠠᠷ ᠪᠠ ᠠᠵᠢᠯ ᠤᠨ ᠪᠦᠲᠦᠮᠵᠢ ᠶᠢᠨ ᠦᠵᠡᠯᠲᠡ ᠶᠢ ᠬᠡᠮᠵᠢᠬᠦ ᠴᠢᠬᠤᠯᠠ ᠰᠢᠨᠵᠢ ᠲᠡᠮᠳᠡᠭ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠬᠡᠷᠡᠭᠵᠢᠭᠦᠯᠬᠦ ᠲᠥᠰᠦᠯ ᠢ ᠰᠠᠶᠢᠲᠤᠷ ᠲᠣᠭᠲᠠᠭᠠᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ᠂ ᠴᠠᠭ ᠲᠤᠨᠢ ᠲᠤᠬᠢᠷᠠᠭᠤᠯᠤᠨ ᠵᠣᠬᠢᠰᠲᠠᠢ ᠪᠠᠶᠢᠯᠭᠠᠬᠤ᠂ ᠴᠢᠳᠠᠯ ᠤᠨ ᠬᠢᠷᠢ ᠪᠠᠷ ᠢᠶᠠᠨ ᠬᠢᠬᠦ᠂ ᠪᠣᠳᠠᠲᠠᠢ ᠠᠴᠠ ᠰᠠᠯᠤᠩᠭᠢᠷᠠᠬᠤ ᠶᠢ ᠴᠢᠩᠭ᠎ᠠ ᠴᠡᠭᠡᠷᠯᠡᠬᠦ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠺᠠᠳ᠋ᠷᠴᠤᠳ ᠤᠨ ᠵᠠᠮ ᠨᠡᠭᠡᠭᠡᠨ ᠤᠷᠤᠭᠰᠢᠯᠠᠬᠤ᠂ ᠠᠵᠢᠯ ᠬᠢᠵᠦ ᠦᠢᠯᠡᠰ ᠪᠤᠰᠬᠠᠬᠤ ᠶᠢ ᠵᠣᠷᠢᠭᠵᠢᠭᠤᠯᠵᠤ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃         ᠬᠠᠮᠲᠤ ᠶᠢᠨ ᠲᠠᠨᠢᠯᠲᠠ ᠪᠣᠯ ᠡᠷᠡᠮᠡᠬᠡᠶᠢᠯᠡᠨ ᠤᠷᠤᠭᠰᠢᠯᠠᠬᠤ ᠬᠥᠳᠡᠯᠭᠡᠬᠦ ᠬᠦᠴᠦᠨ ᠮᠥᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠬᠠᠮᠲᠤ ᠶᠢᠨ ᠲᠠᠨᠢᠯᠲᠠ ᠪᠠᠨ ᠴᠢᠩᠭᠠᠳᠬᠠᠬᠤ ᠬᠡᠷᠡᠭᠲᠡᠢ᠃ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ ᠬᠦᠴᠦ ᠨᠢᠭᠡᠲᠡᠢ ᠪᠠᠶᠢᠬᠤ ᠬᠡᠷᠡᠭᠲᠡᠢ᠃ ︽ᠠᠷᠠᠳ ᠤᠯᠠᠨ ᠪᠣᠯ ᠨᠡᠯᠦᠭᠡᠷ ᠶᠡᠭᠡ ᠬᠦᠴᠦᠨ ᠴᠢᠳᠠᠯ ᠤᠨ ᠳᠠᠯᠠᠢ ᠪᠣᠯᠬᠤ ᠪᠠᠷ ᠪᠠᠷᠠᠬᠤ ᠦᠭᠡᠢ᠂ ᠪᠠᠰᠠ ᠴᠤ ᠨᠡᠯᠦᠭᠡᠷ ᠶᠡᠭᠡ ᠤᠶᠤᠨ ᠤᠬᠠᠭᠠᠨ ᠤ ᠳᠠᠯᠠᠢ ᠪᠣᠯᠤᠨ᠎ᠠ︾᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠦᠨᠳᠦᠰᠦᠨ ᠱᠠᠲᠤ ᠪᠠ ᠣᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠠᠷᠠᠳ ᠣᠯᠠᠨ ᠤ ᠪᠠᠴᠢᠮᠳᠠᠵᠦ ᠲᠦᠪᠡᠭᠳᠡᠵᠦ ᠬᠦᠴᠢᠷᠳᠡᠵᠦ ᠬᠦᠰᠡᠵᠦ ᠪᠠᠶᠢᠭ᠎ᠠ ᠵᠦᠢᠯᠡᠰ ᠤᠨ ᠳᠤᠮᠳᠠ ᠠᠴᠠ ᠥᠭᠡᠷᠡᠴᠢᠯᠡᠯᠲᠡ ᠶᠢᠨ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠨ ᠣᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠮᠡᠳᠡᠷᠡᠮᠵᠢ ᠶᠢ ᠨᠡᠮᠡᠭᠳᠡᠭᠦᠯᠬᠦ ᠬᠡᠷᠡᠭᠲᠡᠶ᠃ ᠠᠷᠠᠳᠴᠢᠯᠠᠯ ᠢ ᠪᠠᠳᠠᠷᠠᠭᠤᠯᠬᠤ ᠶᠢ ᠪᠠᠷᠢᠮᠲᠠᠯᠠᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ᠂ ᠥᠭᠡᠷᠡᠴᠢᠯᠡᠯᠲᠡ ᠶᠢᠨ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠬᠦᠴᠦᠨ ᠢ ᠴᠢᠩᠭᠠᠳᠬᠠᠬᠤ ᠬᠡᠷᠡᠭᠲᠡᠢ᠃ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠦ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠤᠯᠠᠮ ᠢᠶᠠᠷ ᠨᠢᠭᠲᠠᠷᠠᠭᠤᠯᠵᠤ᠂ ᠪᠣᠳᠠᠲᠤ ᠠᠮᠵᠢᠯᠲᠠ ᠪᠦᠲᠦᠮᠵᠢ ᠪᠣᠯᠤᠨ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢ ᠰᠢᠯᠭᠠᠪᠠᠯ᠂ ᠥᠭᠡᠷᠡᠴᠢᠯᠡᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠯᠠᠪᠲᠠᠶ ᠪᠦᠷᠢᠯᠳᠦᠭᠦᠯᠵᠦ ᠴᠢᠳᠠᠬᠤ ᠶᠤᠮ᠃         ᠰᠢᠨ᠎ᠡ ᠡᠬᠢᠯᠡᠯᠲᠡ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠭᠠᠷᠤᠭ᠎ᠠ ᠳᠤ ᠵᠤᠬᠰᠤᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠶ ᠶᠢ ᠨᠡᠭᠡᠭᠡᠬᠦ ᠴᠠᠭ ᠦᠶ᠎ᠡ ᠶᠢᠨ ᠪᠦᠷᠢᠶ᠎ᠡ ᠶᠢ ᠬᠠᠩᠭᠢᠨᠠᠭᠤᠯᠵᠠᠶ᠃ ᠰᠢ ᠶᠢᠨ ᠫᠢᠩ ᠨᠥᠬᠦᠷ ᠢᠶᠠᠷ ᠭᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠵᠠᠮ ᠨᠡᠭᠡᠭᠡᠨ ᠤᠷᠤᠭᠰᠢᠯᠠᠪᠠᠯ ᠪᠢᠳᠡ ᠯᠠᠪᠲᠠᠶ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠨᠠᠩ ᠶᠡᠭᠡ ᠰᠢᠨ᠎ᠡ ᠭᠠᠶᠢᠬᠠᠮᠰᠢᠭ ᠢ ᠡᠭᠦᠳᠴᠦ ᠴᠢᠳᠠᠨ᠎ᠠ᠃
ᠢᠷᠡᠯᠲᠡ᠄ ᠠᠷᠠᠳ ᠤᠨ ᠮᠤᠩᠭᠤᠯ ᠰᠦᠯᠵᠢᠶ᠎ᠡ