ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠢᠨ᠎ᠡ ᠬᠠᠷᠢᠭᠤᠴᠠᠯᠭ᠎ᠠ ᠡᠭᠦᠷᠭᠡᠯᠡᠯ ᠡᠭᠦᠷᠭᠡᠯᠡᠵᠦ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ ︵ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠶ᠎ᠠ ︶
ᠨᠡᠶᠢᠲᠡᠯᠡᠭᠰᠡᠨ ᠴᠠᠭ᠄
2024/10/25
                                  ᠰᠢᠨᠬᠤᠸᠠ ᠬᠤᠷᠢᠶᠠᠨ ᠤ ᠰᠤᠷᠪᠤᠯᠵᠢᠯᠠᠭᠴᠢ         — ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠦ ᠪᠠᠶᠢᠨ᠎ᠠ         ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠮᠠᠰᠢ ᠴᠢᠬᠤᠯᠠ ᠬᠤᠷᠠᠯ ᠪᠣᠯᠤᠨ᠎ᠠ᠃ ᠤᠢᠢᠷ᠎ᠠ ᠶᠢᠨ ᠡᠳᠦᠷ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠪᠠ᠃ ᠤᠯᠠᠨ ᠢᠶᠠᠷ ᠢᠶᠠᠨ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤᠮᠳᠠ ᠰᠢᠨ᠎ᠡ ᠬᠠᠷᠢᠭᠤᠴᠠᠯᠭ᠎ᠠ ᠡᠭᠦᠷᠭᠡᠯᠡᠯ ᠡᠭᠦᠷᠭᠡᠯᠡᠵᠦ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ ᠭᠡᠵᠦ ᠢᠯᠡᠳᠬᠡᠵᠡᠭᠡᠪᠡ᠃         ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠲᠥᠪ ᠬᠤᠷᠢᠶ᠎ᠠ ᠰᠤᠷᠤᠯᠴᠠᠯᠭ᠎ᠠ ᠶᠢᠨ ᠲᠤᠮᠳᠠ ᠢᠯᠡᠷᠭᠡᠶᠢᠯᠡᠬᠦ ᠳᠡᠭᠡᠨ᠂ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠬᠠᠮᠲᠤ ᠲᠠᠢ ᠪᠠᠶᠢᠵᠤ᠂ ᠬᠠᠮᠲᠤ ᠵᠤᠬᠰᠤᠵᠤ᠂ ᠬᠠᠮᠲᠤ ᠠᠵᠢᠯᠯᠠᠬᠰᠠᠭᠠᠷ ᠢᠷᠡᠭᠰᠡᠨ ᠳᠣᠲᠣᠨᠣ ᠨᠥᠬᠦᠷᠰᠡᠭ ᠨᠠᠮ ᠪᠤᠯᠬᠤ ᠶᠢᠨ ᠬᠤᠪᠢ ᠳᠤ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠡᠶᠢᠭᠡᠮ ᠤᠨ ᠬᠠᠤᠯᠢ ᠪᠠᠷ ᠵᠠᠰᠠᠬᠤ᠂ ᠡᠬᠡ ᠣᠷᠣᠨ ᠢᠶᠠᠨ ᠨᠠᠶᠢᠷᠠᠮᠳᠠᠯ ᠢᠶᠠᠷ ᠨᠢᠭᠡᠳᠬᠡᠬᠦ᠂ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠵᠡᠷᠭᠡ ᠲᠠᠯ᠎ᠠ ᠪᠠᠷ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠭᠤᠤᠯᠳᠠᠯᠭ᠎ᠠ ᠲᠠᠢ ᠬᠦᠷᠢᠶᠡᠨ ᠳᠠᠬᠢ ᠳᠠᠪᠠᠭᠤᠯᠢᠭ ᠢ ᠪᠠᠳᠠᠷᠠᠭᠤᠯᠵᠤ᠂ ᠪᠦᠬᠦᠳᠡ ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢᠨ ᠡᠭᠦᠷᠭᠡ ᠲᠠᠢ ᠤᠶᠠᠯᠳᠤᠭᠤᠯᠤᠨ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠥᠯᠥᠭᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃         ᠠᠷᠠᠳᠴᠢᠯᠠᠭᠰᠠᠨ ᠬᠤᠯᠪᠣᠭ᠎ᠠ ᠶᠢᠨ ᠲᠥᠪ ᠬᠤᠷᠢᠶ᠎ᠠ ᠰᠤᠷᠤᠯᠴᠠᠯᠭ᠎ᠠ ᠶᠢᠨ ᠲᠤᠮᠳᠠ ᠢᠯᠡᠷᠭᠡᠶᠢᠯᠡᠬᠦ ᠳᠡᠭᠡᠨ᠂ ᠠᠷᠠᠳᠴᠢᠯᠠᠭᠰᠠᠨ ᠬᠤᠯᠪᠣᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠢ ᠮᠦᠷᠳᠡᠨ ᠳᠠᠭᠠᠬᠤ᠂ ᠡᠷᠡᠰ ᠬᠦᠷᠢᠶᠡᠯᠡᠬᠦ ᠲᠡᠦᠬᠡ ᠶᠢᠨ ᠤᠬᠠᠮᠰᠠᠷ ᠢ ᠪᠠᠷᠢᠮᠳᠠᠯᠠᠵᠤ᠂ ︽ᠤᠯᠤᠰ ᠤᠨ ᠲᠥᠯᠥᠭᠡ ᠵᠢᠳᠬᠦᠬᠦ᠂ ᠠᠷᠠᠳ ᠤᠨ ᠠᠮᠢᠳᠤᠷᠠᠯ ᠢ ᠠᠩᠬᠠᠷᠬᠤ︾ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ︽ᠠᠷᠭ᠎ᠠ ᠤᠬᠠᠭᠠᠨ ᠭᠠᠷᠭᠠᠬᠤ᠂ ᠠᠷᠭ᠎ᠠ ᠪᠤᠳᠤᠯᠭ᠎ᠠ ᠭᠠᠷᠭᠠᠬᠤ᠂ ᠰᠡᠶᠢᠠ ᠶᠠᠪᠤᠳᠠᠯ ᠬᠢᠬᠦ᠂ ᠪᠣᠳᠠᠲᠠᠶ ᠠᠵᠢᠯ ᠬᠢᠬᠦ︾ ᠪᠣᠳᠠᠲᠠᠶ ᠶᠢ ᠡᠷᠬᠢᠮᠯᠡᠬᠦ ᠰᠤᠷᠲᠠᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠦᠭᠡᠳ ᠴᠢᠩᠭ᠎ᠠ ᠨᠢᠮᠪᠠᠶ᠂ ᠨᠢᠭᠲᠠ ᠠᠴᠠ ᠨᠢᠭᠲᠠ ᠪᠠᠶᠢᠬᠤ ᠲᠤᠰᠬᠠᠶ ᠮᠡᠷᠭᠡᠵᠢᠯ ᠤᠨ ᠣᠪᠣᠷ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠰᠢᠢᠳᠪᠦᠷᠢᠯᠡᠬᠦ ᠴᠢᠬᠤᠯᠠᠲᠠᠶ ᠪᠠᠶᠢᠭᠤᠯᠤᠯ ᠲᠣᠭᠲᠠᠴᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠤᠷᠢᠳᠠᠴᠢ ᠴᠢᠨᠠᠷ ᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷ᠂ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠶᠢ ᠲᠤᠷᠠᠳᠴᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠰᠠᠶᠢᠲᠤᠷ ᠬᠦᠢᠴᠡᠳᠭᠡᠵᠦ᠂᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠠᠭᠤᠤ ᠶᠡᠭᠡ ᠦᠢᠯᠡᠰ ᠤᠨ ᠳᠤᠮᠳᠠ ᠠᠷᠠᠳᠴᠢᠯᠠᠭᠰᠠᠨ ᠬᠤᠯᠪᠣᠭ᠎ᠠ ᠶᠢᠨ ᠲᠡᠦᠬᠡᠲᠦ ᠡᠭᠦᠷᠭᠡ ᠪᠠ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠡᠭᠦᠷᠭᠡᠯᠡᠨ᠎ᠡ ᠬᠡᠪᠡ᠃         ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠰᠤᠷᠤᠯᠴᠠᠯᠭ᠎ᠠ ᠶᠢᠨ ᠲᠤᠮᠳᠠ ᠢᠯᠡᠷᠭᠡᠶᠢᠯᠡᠬᠦ ᠳᠡᠭᠡᠨ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠨᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠦ᠂ ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠦ᠂ ᠥᠭᠡᠷᠡᠴᠢᠯᠡᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠠᠵᠤ ᠠᠬᠤᠶ ᠶᠢᠨ ᠡᠲᠡᠭᠡᠳ ᠲᠠᠢ ᠨᠢᠭᠲᠠ ᠬᠠᠷᠢᠯᠴᠠᠬᠤ ᠣᠨᠴᠠᠯᠢᠭ ᠳᠠᠪᠠᠭᠤᠯᠢᠭ ᠢ ᠪᠠᠳᠠᠷᠠᠭᠤᠯᠵᠦ᠂ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠣᠰ ᠪᠡᠶ᠎ᠡ ᠶᠢᠨ ᠳᠠᠪᠠᠭᠤᠯᠢᠭ ᠢ ᠭᠤᠤᠯ ᠪᠠ ᠶᠡᠭᠡ ᠲᠠᠯ᠎ᠠ ᠶᠢᠨ ᠬᠡᠷᠡᠭᠴᠡᠭᠡ ᠲᠠᠢ ᠤᠶᠠᠯᠳᠤᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠲᠠᠯ᠎ᠠ ᠪᠠᠷ ᠰᠢᠨ᠎ᠡ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠠᠮᠵᠢᠯᠲᠠ ᠪᠦᠳᠦᠮᠵᠢ ᠤᠯᠵᠤ᠂ ᠮᠠᠨ ᠤ ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃         ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠰᠤᠷᠤᠯᠴᠠᠯᠭ᠎ᠠ ᠶᠢᠨ ᠲᠤᠮᠳᠠ ᠢᠯᠡᠷᠭᠡᠶᠢᠯᠡᠬᠦ ᠳᠡᠭᠡᠨ᠂ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠦᠷᠦ ᠶᠢᠨ ᠶᠠᠪᠤᠳᠠᠯ ᠳᠤ ᠣᠷᠣᠯᠴᠠᠬᠤ ᠨᠠᠮ ᠪᠣᠯᠤᠭᠰᠠᠨ ᠤ ᠬᠤᠪᠢ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠢᠯᠡᠳᠦᠯᠭᠡ ᠲᠤᠮᠳᠠ᠂ ᠠᠷᠠᠳᠴᠢᠯᠠᠯ ᠢᠶᠠᠷ ᠠᠬᠢᠭᠤᠯᠬᠤ ᠬᠤᠷᠠᠯ ᠨᠢ ᠯᠠᠪᠲᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠯᠢᠶᠡᠨ ᠠᠪᠬᠤ ᠶᠢ ᠪᠠᠷᠢᠮᠲᠠᠯᠠᠵᠤ᠂ ᠭᠤᠣᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠬᠦᠴᠦᠯᠡᠬᠦ ᠴᠡᠭ ᠢᠶᠠᠨ ᠣᠨᠣᠪᠴᠢᠲᠠᠶ ᠡᠷᠢᠨ ᠣᠯᠵᠤ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠰᠤᠷᠭᠠᠨ ᠬᠥᠮᠦᠵᠢᠯ ᠰᠣᠶᠣᠯ ᠬᠡᠪᠯᠡᠯ ᠵᠠᠭᠤᠴᠢᠯᠠᠭᠤᠷ ᠤᠨ ᠬᠦᠷᠢᠶᠡᠨ ᠳᠠᠬᠢ ᠡᠲᠡᠭᠡᠳ ᠤᠨ ᠢᠯᠭᠠᠯ ᠤᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ ᠠᠷᠠᠳ ᠣᠯᠠᠨ ᠤ ᠲᠤᠯᠭᠠᠮ ᠬᠦᠰᠡᠯ ᠢᠶᠠᠷ ᠤᠳᠤᠷᠢᠳᠤᠮᠵᠢ ᠪᠣᠯᠭᠠᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠵᠦ ᠲᠦᠷᠦ ᠶᠢᠨ ᠶᠠᠪᠤᠳᠠᠯ ᠳᠤ ᠣᠷᠣᠯᠴᠠᠬᠤ ᠨᠠᠮ ᠤᠨ ᠦᠢᠯᠡᠳᠦᠯ ᠢ ᠦᠨᠡᠨ ᠬᠦ ᠪᠠᠳᠠᠷᠠᠭᠤᠯᠤᠨ᠎ᠠ ᠭᠡᠪᠡ᠃         ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠰᠤᠷᠤᠯᠴᠠᠯᠭ᠎ᠠ ᠶᠢᠨ ᠲᠤᠮᠳᠠ ᠢᠯᠡᠷᠭᠡᠶᠢᠯᠡᠬᠦ ᠳᠡᠭᠡᠨ᠂ ᠲᠠᠷᠢᠶᠠᠴᠢᠨ ᠠᠵᠢᠯᠴᠢᠨ ᠤ ᠨᠠᠮ ᠨᠢ ᠤᠯᠤᠰ ᠲᠦᠷᠦ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠭᠡᠰᠢᠭᠦᠨ ᠢᠶᠠᠨ ᠵᠣᠬᠢᠶᠠᠨ ᠪᠠᠶᠢᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠪᠠᠶᠢᠷᠢᠯᠠᠭᠤᠯᠤᠯᠲᠠ ᠂ ᠭᠤᠤᠯᠳᠠᠯᠭ᠎ᠠ ᠲᠠᠢ ᠡᠭᠦᠷᠭᠡ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠪᠥᠬᠦᠳᠡ ᠬᠤᠷᠠᠯ ᠤᠨ ᠲᠥᠯᠥᠪᠵᠢᠭᠦᠯᠤᠭ᠍ᠰᠡᠨ ᠪᠠ ᠪᠠᠶᠢᠷᠢᠯᠠᠭᠤᠯᠤᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠨᠢᠭᠲᠠᠷᠠᠭᠤᠯᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠬᠦᠷᠢᠶᠡᠯᠡᠭᠴᠢ᠂ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠤᠨ᠎ᠡ ᠭᠡᠪᠡ᠃         ᡁᠢᠭᠦ᠋ᠡᠭᠳᠠᠩ ᠨᠠᠮ ᠤᠨ ᠲᠥᠪ ᠬᠤᠷᠢᠶ᠎ᠠ ᠰᠤᠷᠤᠯᠴᠠᠯᠭ᠎ᠠ ᠶᠢᠨ ᠲᠤᠮᠳᠠ ᠢᠯᠡᠷᠭᠡᠶᠢᠯᠡᠬᠦ ᠳᠡᠭᠡᠨ᠂ ᠰᠢᠨ᠎ᠡ ᠠᠶᠠᠨ ᠳᠤ᠂ ᡁᠢᠭᠦ᠋ᠡᠭᠳᠠᠩ ᠨᠠᠮ ᠨᠢ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠲᠤᠭ ᠢ ᠭᠤᠶᠢᠪᠢᠰᠢ ᠥᠬᠡᠶ ᠥᠨᠳᠥᠷ ᠮᠠᠨᠳᠤᠭᠤᠯᠵᠤ᠂ ᠨᠡᠶᠢᠲᠡ ᠶᠢᠨ ᠲᠥᠯᠥᠭᠡ ᠨᠠᠮ ᠢᠶᠠᠨ ᠳᠠᠭᠠᠵᠦ᠂ ᠬᠠᠷᠢᠶᠠᠲᠤ ᠨᠠᠷ ᠤᠯᠤᠰ ᠲᠠᠭᠠᠨ ᠰᠢᠨ᠎ᠡ ᠭᠠᠪᠢᠶ᠎ᠠ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠦᠨᠡᠨ ᠦᠭᠡ ᠬᠡᠯᠡᠵᠦ ᠰᠡᠶᠢᠠ ᠠᠷᠭ᠎ᠠ ᠭᠠᠷᠭᠠᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠬᠡᠪᠡ᠃         ︽9.3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶ᠎ᠠ ᠰᠤᠷᠤᠯᠴᠠᠯᠭ᠎ᠠ ᠶᠢᠨ ᠲᠤᠮᠳᠠ ᠢᠯᠡᠷᠭᠡᠶᠢᠯᠡᠬᠦ ᠳᠡᠭᠡᠨ᠂ ︽9.3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠨᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯᠯᠠᠭ᠎ᠠ ᠶᠢ ᠨᠠᠷᠢᠨ ᠨᠢᠮᠪᠠᠢ ᠲᠤᠬᠢᠷᠠᠭᠤᠯᠤᠨ ᠪᠠᠶᠢᠷᠢᠯᠠᠭᠤᠯᠵᠦ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠠᠬᠢᠭᠤᠯᠵᠦ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠳᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠶᠢ ᠬᠠᠮᠳᠤ ᠪᠠᠷ ᠠᠬᠢᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠤᠯ ᠡᠭᠦᠷᠭᠡ ᠪᠣᠯᠤᠨ ᠭᠤᠤᠯᠳᠠᠯᠭ᠎ᠠ ᠲᠠᠢ ᠬᠦᠷᠢᠶ᠎ᠡ ᠪᠠᠷ ᠭᠤᠤᠯᠯᠠᠭᠤᠯᠤᠨ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠦ᠂ ᠪᠣᠳᠠᠲᠤ ᠠᠵᠢᠯᠯᠠᠭ᠎ᠠ ᠪᠠᠷ ᠢᠶᠠᠨ ᠥᠭᠡᠷᠡᠴᠢᠯᠡᠯᠲᠡ ᠶᠢ ᠳᠡᠮᠵᠢᠵᠦ᠂ ᠥᠭᠡᠷᠡᠴᠢᠯᠡᠯᠲᠡ ᠳᠤ ᠣᠷᠣᠯᠴᠠᠵᠦ᠂ ᠥᠭᠡᠷᠡᠴᠢᠯᠡᠯᠲᠡ ᠶᠢ ᠤᠷᠤᠬᠰᠢ ᠠᠬᠢᠭᠤᠯᠵᠦ᠂ ᠥᠭᠡᠷᠡᠴᠢᠯᠡᠯᠲᠡ ᠶᠢᠨ ᠶᠡᠭᠡ ᠦᠢᠯᠡᠰ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠨᠡᠨ ᠪᠣᠳᠠᠲᠠᠶ ᠬᠤᠪᠢ ᠨᠡᠮᠡᠷᠢ ᠦᠵᠡᠭᠦᠯᠤᠨ᠎ᠡ ᠭᠡᠪᠡ᠃         ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠣᠭ᠎ᠠ ᠶᠢᠨ ᠲᠥᠪ ᠬᠤᠷᠢᠶ᠎ᠠ ᠰᠤᠷᠤᠯᠴᠠᠯᠭ᠎ᠠ ᠶᠢᠨ ᠲᠤᠮᠳᠠ ᠢᠯᠡᠷᠭᠡᠶᠢᠯᠡᠬᠦ ᠳᠡᠭᠡᠨ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠣᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠲᠣᠭᠤᠷᠢᠨ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠡ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠨ᠎ᠠ᠃ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠣᠭ᠎ᠠ ᠶᠢᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠬᠤᠯᠪᠣᠭᠠᠨ ᠤ ᠭᠡᠰᠢᠭᠦᠨ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠶ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠶᠢᠸᠠᠨ ᠤ ᠦᠨᠳᠦᠰᠦᠨ ᠱᠠᠲᠤᠨ ᠤ ᠣᠯᠠᠨ ᠲᠦᠮᠡᠨ᠂ ᠵᠠᠯᠠᠭᠤᠴᠤᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠶᠢᠸᠠᠨ ᠬᠤᠭᠤᠯᠠᠶ ᠶᠢᠨ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠳᠤ ᠣᠷᠣᠯᠴᠠᠬᠤ ᠳᠤ ᠨᠠᠩ ᠣᠯᠠᠨ ᠲᠥᠬᠦᠮ ᠨᠥᠬᠦᠴᠡᠯ ᠬᠠᠩᠭᠠᠵᠤ᠂ ᠲᠠᠶᠢᠸᠠᠨ ᠤ ᠬᠤᠳᠠᠯᠳᠤᠭᠠᠴᠢᠨ ᠲᠠᠶᠢᠸᠠᠨ ᠤ ᠠᠵᠤ ᠠᠬᠤᠶᠢᠯᠠᠯ ᠤᠨ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠶᠢ ᠢᠳᠡᠪᠬᠢᠲᠡᠶ ᠬᠥᠲᠥᠯᠥᠨ ᠵᠢᠯᠣᠭᠤᠳᠬᠤ ᠪᠠ ᠬᠠᠪᠰᠤᠷᠴᠤ᠂ ᠲᠠᠶᠢᠸᠠᠨ ᠬᠤᠭᠤᠯᠠᠶ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠳᠤ ᠬᠥᠭᠦᠷᠭᠡ ᠲᠠᠯᠪᠢᠵᠤ᠂ ᠪᠣᠳᠠᠲᠠᠶ ᠠᠷᠭ᠎ᠠ ᠪᠣᠳᠣᠯᠭ᠎ᠠ ᠭᠠᠷᠭᠠᠵᠤ᠂ ᠲᠠᠶᠢᠸᠠᠨ ᠤ ᠠᠬ᠎ᠠ ᠳᠡᠭᠦᠦ ᠨᠡᠷ ᠢ ᠲᠠᠶᠢᠴᠢᠯᠠᠨ ᠲᠠᠭᠠᠭᠤᠯᠵᠤ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠨ ᠪᠠᠶᠢᠭᠤᠯᠤᠨ᠎ᠠ ᠭᠡᠪᠠ᠃         ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠰᠤᠷᠤᠯᠴᠠᠯᠭ᠎ᠠ ᠶᠢᠨ ᠲᠤᠮᠳᠠ ᠢᠯᠡᠷᠭᠡᠶᠢᠯᠡᠬᠦ ᠳᠡᠭᠡᠨ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ︽ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ︽ᠬᠤᠶᠠᠷ ᠡᠷᠡᠭᠦᠯ ᠮᠡᠨᠳᠦ︾ ᠶᠢᠨ ᠠᠵᠢᠯ ᠤᠨ ᠲᠣᠭᠲᠠᠴᠠ ᠶᠢ ᠤᠯᠠᠮ ᠴᠢᠨᠠᠬᠰᠢᠳᠠ ᠪᠦᠷᠢᠨᠰᠢᠭᠦᠯᠦᠨ ᠠᠬᠢᠭᠤᠯᠵᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠬᠦ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠴᠢᠬᠤᠯᠠ ᠶᠡᠭᠡ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠬᠥᠭᠦᠷᠭᠡ ᠬᠤᠯᠪᠣᠭᠠᠰᠤ ᠪᠠ ᠬᠠᠪᠰᠤᠷᠤᠭᠴᠢ ᠶᠢᠨ ᠦᠢᠯᠡᠳᠦᠯ ᠢ ᠨᠡᠩ ᠰᠠᠶᠢᠳᠤᠷ ᠪᠠᠳᠠᠷᠠᠭᠤᠯᠵᠦ᠂ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠮᠦᠰ ᠢ ᠨᠠᠮ ᠤᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠬᠡᠪᠡ᠃ ᠨᠠᠮ ᠪᠦᠯᠦᠭ ᠤᠨ ᠪᠤᠰᠤ ᠬᠥᠮᠦᠰ ᠰᠤᠷᠤᠯᠴᠠᠯᠭ᠎ᠠ ᠶᠢᠨ ᠲᠤᠮᠳᠠ ᠢᠯᠡᠷᠭᠡᠶᠢᠯᠡᠬᠦ ᠳᠡᠭᠡᠨ᠂ ᠪᠥᠬᠦᠳᠡ ᠬᠤᠷᠠᠯ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠭᠢ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠭᠯᠡᠯ ᠰᠡᠳᠬᠢᠮᠵᠢ ᠶᠢ ᠵᠠᠯᠭᠠᠮᠵᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠤ᠋ ᠰᠢᠨ᠎ᠡ ᠬᠠᠭᠤᠳᠠᠰᠤ ᠶᠢ ᠰᠡᠭᠦᠪᠡ᠂ ᠡᠨᠡ ᠨᠢ ᠯᠠᠪᠲᠠᠶ ᠳᠤᠮᠳᠠᠳᠤ ᠤᠯᠤᠰ ᠢ ᠭᠦᠨᠵᠡᠭᠡᠶ ᠬᠤᠪᠢᠷᠠᠭᠤᠯᠵᠤ᠂ ᠳᠡᠯᠡᠬᠡᠶ ᠳ᠋ᠠᠬᠢᠨ ᠢ ᠥᠷᠭᠡᠨ ᠢᠶᠠᠷ ᠨᠥᠯᠥᠭᠡᠯᠡᠬᠦ ᠪᠣᠯᠤᠨ᠎ᠠ᠃ ᠨᠠᠮ ᠪᠦᠯᠦᠭ ᠤᠨ ᠪᠤᠰᠤ ᠬᠥᠮᠦᠰ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠯᠤᠭ᠎ᠠ ᠰᠡᠳᠬᠢᠯ ᠢᠶᠠᠨ ᠨᠢᠭᠡᠳᠭᠡᠬᠦ᠂ ᠤᠯᠤᠰ ᠢᠶᠠᠨ ᠬᠠᠶᠢᠷᠠᠯᠠᠵᠤ ᠠᠷᠠᠳ ᠤᠨ ᠲᠥᠯᠥᠭᠡ ᠵᠢᠳᠬᠦᠬᠦ᠂ ᠦᠨᠡᠨ ᠰᠡᠳᠬᠢᠯ ᠠᠴᠠ ᠪᠠᠨ ᠬᠠᠮᠲᠤᠷᠠᠯᠴᠠᠬᠤ᠂ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠮᠦᠨ᠎ᠡ ᠹᠷᠣᠨᠲ ᠲᠤ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠵᠠᠮ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠬᠡᠪᠡ᠃         ︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 25 ᠤ ᠴᠠᠬᠢᠯᠭᠠᠨ ᠮᠡᠳᠡᠭᠡ︶   
ᠢᠷᠡᠯᠲᠡ᠄ ᠠᠷᠠᠳ ᠤᠨ ᠮᠣᠩᠭᠤᠯ ᠰᠦᠯᠵᠢᠶ᠎ᠡ