ᠰᠣᠶᠣᠯ ᠤᠨ ᠪᠠ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ ᠴᠢᠨᠠᠷ ᠰᠢᠰᠲ᠋ᠧᠮᠲᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ
ᠨᠡᠶᠢᠲᠡᠯᠡᠭᠰᠡᠨ ᠴᠠᠭ᠄
2024/10/25
        — ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠴᠢᠭᠯᠡᠯ ᠢ ᠲᠣᠳᠣᠷᠬᠠᠶ ᠵᠢᠭᠠᠵᠤ ᠥᠭᠴᠡᠶ             ᠰᠤᠷᠪᠤᠯᠵᠢᠯᠠᠭᠴᠢ ᠸᠠᠩ ᠵᠢᠦᠸᠠᠢ ᠱᠢ ᠹᠠᠩ         ᠶᠡᠷᠦᠩᠬᠡᠶ ᠱᠦᠵᠢ ᠰᠢ ᠶᠢᠨ ᠫᠢᠩ ᠣᠶᠢᠷ᠎ᠠ ᠳᠤ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠥᠭᠴᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠬᠠᠯᠠᠭᠤᠨ ᠲᠤᠰᠬᠠᠯ ᠭᠠᠷᠭᠠᠪᠠ᠃ ᠤᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠰᠣᠶᠣᠯ ᠤᠨ ᠪᠠ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠢ ᠤᠯᠠᠮ ᠴᠢᠨᠠᠭᠰᠢᠳᠠ ᠴᠢᠩᠭᠠᠳᠬᠠᠵᠤ᠂ ᠰᠣᠶᠣᠯ ᠤᠨ ᠪᠠ ᠪᠠᠶᠢᠭᠠᠯᠢ ᠶᠢᠨ ᠥᠪ ᠢ ᠤᠯᠠᠮᠵᠢᠯᠠᠬᠤ᠂ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠳᠤ ᠭᠤᠶᠢᠳᠠ ᠰᠠᠶᠢᠬᠠᠨ ᠦᠩᠭᠡ ᠪᠤᠳᠤᠭ ᠨᠡᠮᠡᠷᠢᠯᠡᠨ᠎ᠡ ᠭᠡᠵᠦ ᠢᠯᠡᠳᠬᠡᠵᠡᠭᠡᠪᠡ᠃         ᠥᠪ ᠢ ᠬᠠᠮᠠᠭᠠᠯᠠᠬᠤ ᠴᠢᠳᠠᠪᠤᠷᠢ ᠪᠣᠯᠤᠨ ᠲᠦᠪᠰᠢᠨ ᠢᠶᠠᠨ ᠦᠨᠡᠨ ᠬᠦ ᠲᠡᠭᠡᠭᠰᠢᠯᠡᠬᠦᠯᠦᠨ᠎ᠡ         ᠶᠡᠷᠦᠩᠬᠡᠢ ᠱᠦᠵᠢ ᠰᠢ ᠶᠢᠨ ᠫᠢᠩ᠄ ︽ᠡᠨᠡ ᠤᠳᠠᠭ᠎ᠠ ᠶᠢᠨ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠦᠭᠡᠳ ᠠᠮᠵᠢᠯᠲᠠ ᠤᠯᠤᠬᠰᠠᠨ ᠶᠠᠪᠤᠳᠠᠯ ᠢᠶᠠᠷ ᠠᠵᠠ ᠲᠣᠬᠢᠶᠠᠯ ᠪᠣᠯᠭᠠᠵᠤ᠂ ᠰᠣᠶᠣᠯ ᠤᠨ ᠪᠠ ᠪᠠᠶᠢᠭᠠᠯᠢ ᠶᠢᠨ ᠥᠪ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠣᠶᠣᠯ ᠤᠨ ᠥᠪ ᠢ ᠬᠠᠮᠠᠭᠠᠯᠠᠬᠤ ᠴᠢᠳᠠᠪᠤᠷᠢ ᠪᠣᠯᠤᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠭᠠᠶᠢᠬᠠᠮᠰᠢᠭᠲᠤ ᠡᠷᠳᠡᠨᠢ ᠪᠣᠯᠤᠨ ᠪᠠᠶᠢᠭᠠᠯᠢ ᠶᠢᠨ ᠬᠤᠪᠤᠷ ᠡᠷᠳᠡᠨᠢ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ︾ ᠭᠡᠵᠦ ᠴᠢᠬᠤᠯᠠᠴᠢᠯᠠᠪᠠ᠃         ︽ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠥᠭᠭᠦᠭᠰᠡᠨ ᠴᠢᠬᠤᠯᠠ ᠵᠢᠭᠠᠪᠤᠷᠢ ᠨᠢ ᠪᠢᠳᠡᠨ ᠤ ᠬᠠᠭᠤᠴᠢᠨ ᠬᠤᠲᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠪᠡᠭᠡᠵᠢᠩ ᠤᠨ ᠲᠤᠮᠳᠠ ᠲᠡᠩᠭᠡᠯᠢᠭ ᠱᠤᠭᠤᠮ ᠤᠨ ᠥᠯᠢᠭᠡᠷ ᠢ ᠰᠠᠶᠢᠲᠤᠷ ᠶᠠᠷᠢᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠳᠤ ᠤᠷᠤᠭᠰᠢᠯᠠᠯᠲᠠ ᠶᠢᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶ ᠵᠢᠭᠠᠨ ᠥᠭᠴᠦ᠂ ᠠᠵᠢᠯᠯᠠᠭᠠᠨ ᠤ ᠵᠦᠭᠯᠡᠭᠦᠷ ᠬᠠᠩᠭᠠᠪᠠ︾ ᠭᠡᠵᠦ ᠪᠡᠭᠡᠵᠢᠩ ᠬᠤᠲᠠ ᠶᠢᠨ ᠰᠢ ᠴᠧᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠰᠢᠶᠤᠤ ᠵᠢᠶᠠ ᠬᠡᠯᠡᠭᠰᠡᠨ ᠢᠶᠠᠨ ᠵᠠᠯᠭᠠᠭᠠᠳ᠂ ︽ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠡᠷᠲᠡᠨ ᠤ ᠨᠡᠶᠢᠰᠯᠡᠯ ᠤᠨ ᠲᠡᠦᠬᠡ ᠰᠣᠶᠣᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠵᠤ᠂ ᠲᠤᠮᠳᠠ ᠲᠡᠩᠭᠡᠯᠢᠭ ᠱᠤᠭᠤᠮ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠥᠷᠭᠡᠳᠬᠡᠵᠦ᠂ ᠡᠷᠲᠡᠨ ᠤ ᠬᠥᠭ ᠠᠶᠠᠰ ᠤᠨ ᠠᠩᠬᠢᠯᠤᠮ᠎ᠠ ᠦᠨᠦᠷ ᠢ ᠥᠨᠢ ᠤᠳᠠᠭᠠᠨ ᠰᠢᠨ᠎ᠡ ᠪᠠᠷ ᠨᠢ ᠪᠠᠶᠢᠯᠭᠠᠵᠤ᠂ ᠪᠡᠭᠡᠵᠢᠩ ᠤᠨ ᠲᠡᠦᠬᠡ ᠰᠣᠶᠣᠯ ᠤᠨ ᠨᠡᠷᠡᠳᠦ ᠬᠠᠭᠤᠳᠠᠰᠤ ᠶᠢᠨ ᠰᠢᠨ᠎ᠡ ᠬᠡᠷᠡᠯ ᠭᠢᠯᠪᠠᠭ᠎ᠠ ᠶᠢ ᠰᠠᠴᠤᠷᠠᠭᠤᠯᠬᠤ ᠳᠤ ᠬᠦᠴᠦᠨ ᠨᠡᠮᠡᠷᠢᠯᠡᠨ᠎ᠡ ︾ ᠭᠡᠵᠦ ᠬᠡᠯᠡᠪᠡ᠃         ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠨᠢᠭᠡᠳᠦᠭᠡᠷ ᠹᠷᠣᠨᠲ ᠤᠨ ᠰᠣᠶᠣᠯ ᠤᠨ ᠦᠵᠡᠰᠬᠦᠯᠡᠩ ᠤᠨ ᠠᠵᠢᠯ ᠡᠷᠬᠢᠯᠡᠭᠰᠡᠳ ᠢ ᠶᠡᠬᠡᠳᠡ ᠵᠣᠷᠢᠭᠵᠢᠭᠤᠯᠪᠠ︾ ᠭᠡᠵᠦ ᠪᠡᠭᠡᠵᠢᠩ ᠬᠤᠲᠠ ᠶᠢᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠭᠦᠸᠧ ᠵᠢᠩ ᠨᠢᠩ ᠬᠡᠯᠡᠭᠰᠡᠨ ᠢᠶᠠᠨ ᠵᠠᠯᠭᠠᠭᠠᠳ᠂ ᠣᠶᠢᠷ᠎ᠠ ᠶᠢᠨ ᠵᠢᠯ ᠳᠤ ᠪᠡᠭᠡᠵᠢᠩ ᠬᠤᠲᠠ ᠶᠢᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠨᠢ ᠤᠷᠢᠳ ᠬᠤᠵᠢᠳ ᠡᠮᠦᠨ᠎ᠡ ᠬᠡᠰᠡᠭ ᠤᠨ ᠲᠤᠮᠳᠠ ᠲᠡᠩᠭᠡᠯᠢᠭ ᠱᠤᠭᠤᠮ ᠵᠡᠷᠭᠡ 15 ᠭᠠᠵᠠᠷ ᠤᠨ ᠴᠡᠭ ᠤᠨ ᠬᠠᠭᠤᠴᠢ ᠰᠤᠳᠤᠯᠤᠯ ᠪᠠ ᠬᠠᠮᠠᠭᠠᠯᠠᠯᠲᠠ ᠶᠢᠨ ᠠᠵᠢᠯ ᠢ ᠪᠡᠶᠡᠯᠡᠭᠦᠯᠵᠦ᠂ ᠵᠧᠩ ᠶᠠᠩ ᠴᠢᠶᠣᠤ ᠬᠥᠭᠦᠷᠭᠡ ᠶᠢᠨ ᠪᠠᠭᠤᠷᠢ᠂ ᠶᠦᠩ ᠳ᠋ᠢᠩ ᠮᠧᠨ ᠳᠣᠲᠣᠷᠠᠬᠢ ᠲᠤᠮᠳᠠ ᠲᠡᠩᠭᠡᠯᠢᠭ ᠱᠤᠭᠤᠮ ᠤᠨ ᠲᠡᠦᠬᠡ ᠶᠢᠨ ᠵᠠᠮ ᠤᠨ ᠦᠯᠡᠳᠡᠭᠳᠡᠯ᠂ ᠲᠢᠶᠠᠨ ᠴᠢᠶᠣᠤ ᠬᠥᠭᠦᠷᠭᠡ ᠶᠢᠨ ᠪᠠᠭᠤᠷᠢ ᠵᠡᠷᠭᠡ ᠶᠢ ᠢᠯᠡᠷᠡᠭᠦᠯᠵᠡᠶ᠃ ᠡᠲᠡᠭᠡᠷ ᠬᠠᠭᠤᠴᠢ ᠰᠤᠳᠤᠯᠤᠯ ᠤᠨ ᠦᠷ᠎ᠡ ᠪᠦᠲᠦᠭᠡᠯ ᠳᠤ ᠳᠤᠮᠳᠠ ᠲᠡᠩᠭᠡᠯᠢᠭ ᠱᠤᠭᠤᠮ ᠳᠡᠭᠡᠷᠡᠬᠢ ᠬᠥᠭᠦᠷᠭᠡ᠂ ᠤᠰᠤᠨ ᠰᠢᠰᠲ᠋ᠧᠮ᠂ ᠵᠠᠮ᠂ ᠮᠠᠨᠳᠠᠯ ᠰᠦᠮ᠎ᠡ ᠪᠣᠯᠤᠨ ᠵᠠᠬ᠎ᠠ ᠳᠡᠯᠭᠡᠭᠦᠷ ᠵᠡᠷᠭᠡ ᠡᠯᠧᠮᠧᠨ᠋ᠲ ᠢ ᠪᠠᠭᠲᠠᠭᠠᠵᠤ᠂ ᠡᠮᠦᠨ᠎ᠡ ᠲᠤᠮᠳᠠ ᠲᠡᠩᠭᠡᠯᠢᠭ ᠱᠤᠭᠤᠮ ᠤᠨ ᠲᠡᠦᠬᠡᠨ ᠳᠦᠷᠰᠦ ᠪᠠᠶᠢᠳᠠᠯ ᠢ ᠦᠨᠡᠨ ᠪᠣᠳᠠᠲᠠᠶ ᠪᠠᠷ ᠳᠠᠬᠢᠨ ᠢᠯᠡᠷᠡᠭᠦᠯᠵᠦ᠂ ᠳᠤᠮᠳᠠ ᠲᠡᠩᠭᠡᠯᠢᠭ ᠱᠤᠭᠤᠮ ᠤᠨ ᠡᠮᠦᠨ᠎ᠡ ᠬᠡᠰᠡᠭ ᠤᠨ ᠦᠨᠡᠨ ᠪᠣᠳᠠᠲᠤ ᠴᠢᠨᠠᠷ᠂ ᠦᠷᠭᠦᠯᠵᠢᠯᠡᠯᠳᠦ ᠴᠢᠨᠠᠷ ᠪᠣᠯᠤᠨ ᠪᠦᠷᠢᠨ ᠪᠦᠲᠦᠨ ᠴᠢᠨᠠᠷ ᠢ ᠳᠠᠬᠢᠨᠲᠠ ᠭᠡᠷᠡᠴᠢᠯᠡᠭᠰᠡᠨ ᠪᠠᠶᠢᠨ᠎ᠠ ᠭᠡᠪᠡ᠃ ᠲᠡᠷᠡ᠄ ︽ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠭᠤᠴᠢ ᠰᠤᠳᠤᠯᠤᠯ ᠤᠨ ᠮᠠᠲ᠋ᠧᠷᠢᠶᠠᠯ ᠢ ᠡᠮᠬᠢᠯᠡᠬᠦ ᠶᠢ ᠲᠦᠷᠭᠡᠳᠬᠡᠵᠦ᠂ ᠬᠠᠭᠤᠴᠢ ᠰᠤᠳᠤᠯᠤᠯ ᠤᠨ ᠦᠷ᠎ᠡ ᠪᠦᠲᠦᠭᠡᠯ ᠢ ᠲᠣᠳᠣᠷᠬᠠᠶᠢᠯᠠᠨ ᠲᠠᠶᠢᠯᠪᠤᠷᠢᠯᠠᠬᠤ ᠶᠢ ᠭᠦᠨᠵᠡᠭᠡᠶᠢᠷᠡᠭᠦᠯᠵᠦ᠂ ᠥᠪ ᠤᠨ ᠪᠦᠷᠢᠯᠳᠦᠬᠦ ᠡᠯᠧᠮᠧᠨ᠋ᠲ ᠤᠨ ᠥᠷᠲᠡᠭ ᠤᠨ ᠠᠭᠤᠯᠤᠭᠳᠠᠬᠤᠨ ᠢ ᠠᠭᠤᠳᠠᠯᠵᠤ᠂ ᠥᠪ ᠢ ᠬᠠᠮᠠᠭᠠᠯᠠᠬᠤ ᠣᠯᠠᠨ ᠤᠯᠤᠰ ᠤᠨ ᠬᠠᠮᠲᠤᠷᠠᠯᠴᠠᠭᠠᠨ ᠤ ᠲᠥᠷᠥᠯ ᠵᠦᠢᠯ ᠳᠤ ᠢᠳᠡᠪᠬᠢᠲᠡᠶ ᠣᠷᠣᠯᠴᠠᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠪᠠ ᠪᠠᠶᠢᠭᠠᠯᠢ ᠶᠢᠨ ᠥᠪ ᠤᠨ ᠪᠦᠬᠦᠯᠢ ᠴᠣᠭᠴᠠ ᠶᠢᠨ ᠬᠠᠮᠠᠭᠠᠯᠠᠯᠲᠠ ᠳᠤ ᠨᠠᠩ ᠶᠡᠭᠡ ᠬᠦᠴᠦᠨ ᠨᠡᠮᠡᠷᠢᠯᠡᠨ᠎ᠡ︾ ᠭᠡᠵᠦ ᠬᠡᠯᠡᠪᠡ᠃         ᠵᠧᠵᠢᠶᠠᠩ ᠤᠨ ᠬᠠᠩᠵᠧᠦ ᠶᠢᠨ ᠯᠢᠶᠠᠩᠵᠦ ᠶᠢᠨ ᠪᠠᠭᠤᠷᠢ ᠶᠢᠨ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠸᠠᠩ ᠱᠤ᠋᠄ ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠢᠮᠠᠭᠲᠠ ᠬᠤᠷᠢᠭ᠎ᠠ ᠱᠤᠭᠤᠮ᠂ ᠤᠯᠠᠭᠠᠨ ᠱᠤᠭᠤᠮ᠂ ᠠᠮᠢ ᠨᠠᠰᠤᠨ ᠤ ᠱᠤᠭᠤᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ︿ᠦᠨᠳᠦᠰᠦ﹀ ᠪᠣᠯᠤᠨ ︿ᠰᠦᠭ ᠰᠦᠨᠡᠰᠦ﹀ ᠶᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠨ᠎ᠠ᠃ ᠪᠢᠳᠡ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ︿ᠲᠤᠰᠬᠠᠶ ᠪᠠᠶᠢᠭᠤᠯᠤᠮᠵᠢ + ᠬᠠᠤᠯᠢ ᠴᠠᠭᠠᠵᠠ ᠬᠠᠤᠯᠢ ᠲᠣᠭᠲᠠᠭᠠᠯ + ᠲᠥᠷᠥ ᠶᠢᠨ ᠪᠣᠳᠣᠯᠭ᠎ᠠ ᠲᠦᠷᠢᠮ + ᠲᠣᠭᠠᠴᠢᠯᠠᠭᠰᠠᠨ ᠴᠢᠳᠠᠪᠤᠷᠢ﹀ ᠶᠢᠨ ᠲᠣᠮᠣ ᠪᠠᠭᠤᠷᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠵᠠᠭᠪᠤᠷ ᠢ ᠲᠦᠷᠦᠭᠦᠯᠡᠨ ᠡᠭᠦᠳᠴᠦ᠂ ᠲᠣᠮᠣ ᠪᠠᠭᠤᠷᠢ ᠶᠢᠨ ᠬᠠᠮᠠᠭᠠᠯᠠᠯᠲᠠ ᠨᠥᠬᠦᠪᠥᠷᠢ ᠶᠢᠨ ᠲᠣᠭᠲᠠᠴᠠ᠂ ᠭᠠᠵᠠᠷ ᠰᠢᠷᠣᠶ ᠶᠢ ᠰᠢᠯᠵᠢᠭᠦᠯᠦᠨ ᠥᠭᠬᠦ ᠮᠥᠩᠭᠦ ᠪᠠᠷ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠣᠭᠲᠠᠴᠠ ᠶᠢ ᠭᠡᠳᠡᠷᠭᠦ ᠲᠤᠰᠠᠯᠠᠬᠤ ᠶᠢ ᠬᠠᠶᠢᠨ ᠰᠦᠪᠡᠭᠴᠢᠯᠡᠨ ᠦᠢᠯᠡᠳᠦᠯᠭᠡᠵᠢᠬᠦᠯᠵᠦ᠂ ᠪᠠᠭᠤᠷᠢ ᠶᠢ ᠲᠣᠬᠢᠲᠠᠶ ᠬᠠᠮᠠᠭᠠᠯᠠᠬᠤ ᠶᠢ ᠦᠨᠡᠨ ᠬᠦ ᠪᠠᠲᠤᠯᠠᠵᠤ᠂ ᠥᠪ ᠢ ᠬᠠᠮᠠᠭᠠᠯᠠᠬᠤ ᠴᠢᠳᠠᠪᠤᠷᠢ ᠪᠠ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠤᠨ᠎ᠡ︾ ᠭᠡᠵᠦ ᠬᠡᠯᠡᠪᠡ᠃         ᠰᠣᠶᠣᠯ ᠤᠨ ᠪᠠ ᠪᠠᠶᠢᠭᠠᠯᠢ ᠶᠢᠨ ᠥᠪ ᠢ ᠤᠯᠠᠮᠵᠢᠯᠠᠨ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠳᠬᠠᠨ᠎ᠠ         ᠶᠡᠷᠦᠩᠬᠡᠢ ᠱᠦᠵᠢ ᠰᠢ ᠶᠢᠨ ᠫᠢᠩ᠄ ︽ᠰᠣᠶᠣᠯ ᠤᠨ ᠪᠠ ᠪᠠᠶᠢᠭᠠᠯᠢ ᠶᠢᠨ ᠥᠪ ᠢ ᠤᠯᠠᠮᠵᠢᠯᠠᠨ ᠵᠠᠯᠭᠠᠮᠵᠢᠯᠠᠬᠤ᠂ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠲᠡᠭᠦᠨ ᠢ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠤ᠂ ᠰᠢᠨ᠎ᠡ ᠬᠡᠷᠡᠯ ᠭᠢᠯᠪᠠᠭ᠎ᠠ ᠰᠠᠴᠤᠷᠠᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ︾ ᠭᠡᠵᠦ ᠴᠢᠬᠤᠯᠠᠴᠢᠯᠠᠪᠠ᠃         ︽ᠪᠡᠭᠡᠵᠢᠩ ᠤᠨ ᠳᠤᠮᠳᠠ ᠲᠡᠩᠭᠡᠯᠢᠭ ᠱᠤᠭᠤᠮ ᠢᠶᠠᠷ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠵᠦ ᠬᠠᠮᠠᠭᠠᠯᠠᠬᠤ ᠶᠠᠪᠤᠴᠠ ᠳᠤ᠂ ᠰᠢᠶᠠᠨ ᠨᠦᠩ ᠲᠠᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠪᠦᠬᠦ ᠲᠠᠯ᠎ᠠ ᠪᠠᠷ ᠰᠤᠯᠠᠯᠠᠵᠤ ᠭᠠᠷᠭᠠᠬᠤ ᠪᠠ ᠪᠦᠬᠦᠯᠢ ᠴᠣᠭᠴᠠ ᠪᠠᠷ ᠨᠢ ᠬᠠᠮᠠᠭᠠᠯᠠᠬᠤ ᠶᠢ ᠠᠬᠢᠭᠤᠯᠵᠤ᠂ ᠲᠡᠦᠬᠡ ᠶᠢᠨ ᠳᠦᠷᠰᠦ ᠪᠠᠶᠢᠳᠠᠯ ᠢ ᠨᠢ ᠰᠡᠷᠭᠦᠭᠡᠵᠦ᠂ ᠨᠡᠬᠡᠬᠡᠯᠳᠡ ᠬᠢᠬᠦ ᠳᠠᠯᠠᠪᠠᠢ ᠶᠢ ᠥᠷᠭᠡᠳᠬᠡᠭᠰᠡᠨ ᠠᠴᠠ ᠨᠡᠶᠢᠭᠡᠮ ᠨᠡᠶᠢᠲᠡ ᠶᠢᠨ ᠰᠣᠶᠣᠯ ᠤᠨ ᠥᠪ ᠲᠤ ᠤᠯᠠᠮ ᠠᠴᠠ ᠤᠯᠠᠮ ᠠᠩᠬᠠᠷᠤᠯ ᠲᠠᠯᠪᠢᠬᠤ ᠪᠣᠯᠵᠠᠢ︾ ᠭᠡᠵᠦ ᠪᠡᠭᠡᠵᠢᠩ ᠤᠨ ᠡᠷᠲᠡᠨ ᠤ ᠪᠠᠷᠢᠯᠭ᠎ᠠ ᠶᠢᠨ ᠮᠦᠽᠧᠶ ᠶᠢᠨ ᠳᠠᠷᠤᠭ᠎ᠠ ᠰᠢᠤᠸᠠᠢ ᠵᠢᠶᠠᠨ ᠬᠡᠯᠡᠭᠰᠡᠨ ᠢᠶᠠᠨ ᠵᠠᠯᠭᠠᠭᠠᠳ᠂ ᠰᠢᠶᠠᠨ ᠨᠦᠩ ᠲᠠᠨ ᠤ ᠲᠠᠷᠢᠶ᠎ᠠ ᠶᠢᠨ ᠲᠠᠷᠢᠶᠠᠯᠠᠭ᠎ᠠ ᠶᠢ ᠰᠡᠷᠭᠦᠭᠡᠵᠦ᠂ ᠦᠵᠡᠭᠴᠢᠳ ᠪᠡᠶ᠎ᠡ ᠪᠠᠷ ᠢᠶᠠᠨ ᠬᠠᠪᠤᠷ ᠤᠨ ᠲᠠᠷᠢᠶᠠᠯᠠᠭ᠎ᠠ ᠨᠠᠮᠤᠷ ᠤᠨ ᠬᠤᠷᠢᠶᠠᠯᠲᠠ ᠶᠢ ᠪᠡᠶᠡᠴᠢᠯᠡᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠠᠷᠢᠶᠠᠯᠠᠩ ᠤᠨ ᠪᠣᠯᠪᠠᠰᠤᠨ ᠢ ᠣᠶᠢᠯᠠᠭᠠᠵᠤ ᠪᠣᠯᠤᠨ᠎ᠠ ᠭᠡᠪᠡ᠃ ᠲᠡᠷᠡ᠄ ︽ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠰᠢᠶᠠᠨ ᠨᠦᠩ ᠲᠠᠨ ᠤ ᠲᠠᠷᠢᠶᠠᠯᠠᠩ ᠤᠨ ᠲᠠᠪᠴᠠᠩ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠂ ᠠᠮᠢᠳᠤᠯᠢᠭ ᠢᠶᠠᠷ ᠠᠰᠢᠭᠯᠠᠬᠤ ᠠᠵᠢᠯ ᠢ ᠦᠷᠭᠦᠯᠵᠢᠯᠡᠨ ᠠᠬᠢᠭᠤᠯᠵᠤ᠂ ᠲᠡᠭᠦᠨ ᠢ ᠰᠢᠨ᠎ᠡ ᠴᠠᠭ ᠦᠶ᠎ᠡ ᠶᠢᠨ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠤ᠂ ᠰᠢᠨ᠎ᠡ ᠬᠡᠷᠡᠯ ᠭᠢᠯᠪᠠᠭ᠎ᠠ ᠰᠠᠴᠤᠷᠠᠭᠤᠯᠤᠨ᠎ᠠ︾ ᠭᠡᠵᠦ ᠬᠡᠯᠡᠪᠡ᠃         ᠨᠠᠷᠠ ᠰᠢᠩᠭᠡᠬᠦ ᠦᠶ᠎ᠡ ᠪᠠᠷ᠂ ᠳᠤᠮᠳᠠᠳᠤ ᠤᠯᠤᠰ ᠤᠨ ᠳᠣᠷᠣᠨᠠᠳᠠᠬᠢᠨ ᠤ ᠲᠣᠭᠯᠠᠯᠲᠠ ᠶᠢᠨ ᠪᠦᠯᠦᠭᠯᠡᠯ᠂ ᠵᠢᠩ ᠳ᠋ᠧ ᠵᠧᠨ ᠤ ᠲᠤᠤ ᠸᠧᠨ ᠵᠢᠭᠤᠯᠴᠢᠯᠠᠯ ᠤᠨ ᠪᠦᠯᠦᠭᠯᠡᠯ᠂ ᠠᠷᠠᠳ ᠤᠨ ᠰᠦᠯᠵᠢᠶ᠎ᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠦᠳᠦᠭᠡᠯ ︽ᠪᠢ ᠬᠦᠬᠡ ᠴᠠᠭᠠᠨ ᠢᠶᠠᠷ ᠢᠶᠠᠨ ︾ ᠭᠡᠳᠡᠭ ᠪᠥᠵᠢᠭᠲᠦ ᠵᠦᠴᠦᠭᠡ ᠶᠢᠨ ᠰᠣᠩᠭᠤᠮᠠᠯ ᠬᠡᠰᠡᠭ ᠪᠣᠯᠬᠤ ︽ᠬᠤᠮᠠᠭ ᠰᠢᠷᠦᠢ︾ ᠶᠢ ᠪᠡᠭᠡᠵᠢᠩ ᠤᠨ ᠬᠡᠩᠭᠡᠷᠭᠡᠲᠦ ᠠᠰᠠᠷ ᠲᠤ ᠲᠣᠭᠯᠠᠪᠠ᠃ ᠡᠷᠲᠡᠨ ᠤ ᠥᠩᠭᠡ ᠪᠤᠳᠤᠭ ᠲᠠᠢ ᠪᠠᠷᠢᠯᠭ᠎ᠠ ᠶᠢᠨ ᠳᠤᠤᠷ᠎ᠠ᠂ ᠲᠤᠬᠯᠠᠬᠴᠢ ᠶᠢᠨ ᠭᠠᠷ ᠲᠠᠬᠢ ᠬᠥᠬᠡ ᠴᠠᠭᠠᠨ ᠬᠤᠮᠠᠭ ᠰᠢᠷᠦᠢ ᠪᠣᠯᠤᠨ ᠤᠯᠠᠭᠠᠨ ᠬᠡᠷᠡᠮ ᠰᠣᠯᠪᠢᠴᠠᠨ ᠭᠡᠷᠡᠯᠲᠦᠵᠦ᠂ ᠦᠶ ᠣᠯᠠᠨ ᠦᠵᠡᠭᠴᠢᠳ ᠤᠨ ᠠᠩᠬᠠᠷᠤᠯ ᠢ ᠲᠠᠲᠠᠪᠠ᠃ ᠳᠤᠮᠳᠠᠳᠤ ᠤᠯᠤᠰ ᠤᠨ ᠳᠣᠷᠣᠨᠠᠳᠠᠬᠢᠨ ᠤ ᠤᠷᠠᠨ ᠲᠣᠭᠯᠠᠯᠲᠠ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ ᠵᠢᠩ ᠰᠢᠶᠤᠤ ᠶᠦᠩ᠄ ︽ᠪᠢᠳᠡ ᠰᠢᠯᠢᠳᠡᠭ ᠤᠯᠠᠮᠵᠢᠯᠠᠯᠲᠤ ᠰᠣᠶᠣᠯ ᠤᠨ ᠬᠥᠷᠥᠰᠥ ᠰᠢᠷᠣᠢ ᠳᠤ ᠦᠨᠳᠦᠰᠦᠯᠡᠵᠦ᠂ ᠰᠣᠶᠣᠯ ᠤᠨ ᠪᠠ ᠪᠠᠶᠢᠭᠠᠯᠢ ᠶᠢᠨ ᠥᠪ ᠢ ᠠᠮᠢᠳᠤᠯᠢᠭ ᠢᠶᠠᠷ ᠠᠰᠢᠭᠯᠠᠬᠤ ᠠᠷᠭ᠎ᠠ ᠬᠡᠯᠪᠡᠷᠢ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠭᠦᠨ ᠵᠤᠵᠠᠭᠠᠨ ᠠᠭᠤᠯᠬᠤᠨ ᠲᠠᠢ᠂ ᠬᠥᠮᠦᠰ ᠤᠨ ᠰᠡᠳᠬᠢᠯ ᠢ ᠤᠮᠳᠠᠯᠠᠭᠰᠠᠨ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠦᠷᠭᠦᠯᠵᠢᠯᠡᠨ ᠵᠣᠬᠢᠶᠠᠨ ᠪᠦᠲᠦᠭᠡᠵᠦ᠂ ᠳᠤᠮᠳᠠᠳᠤ ᠶᠢᠨ ᠰᠣᠶᠣᠯ ᠤᠨ ᠥᠪᠡᠷᠮᠢᠴᠡ ᠬᠡᠪ ᠨᠠᠮᠪᠠ ᠪᠠ ᠴᠤᠭ ᠵᠢᠪᠬᠤᠭ᠎ᠠ ᠶᠢ ᠢᠯᠡᠷᠡᠭᠦᠯᠤᠨ᠎ᠡ︾ ᠭᠡᠵᠦ ᠬᠡᠯᠡᠪᠡ᠃         ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠨᠠᠮ ᠤᠨ ᠲᠥᠪ ᠬᠤᠷᠢᠶ᠎ᠠ ᠠᠴᠠ ᠨᠡᠶᠢᠰᠯᠡᠯ ᠤᠨ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠪᠡᠭᠡᠵᠢᠩ ᠤᠨ ᠲᠤᠮᠳᠠ ᠲᠡᠩᠭᠡᠯᠢᠭ ᠱᠤᠭᠤᠮ ᠢ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠵᠦ ᠬᠠᠮᠠᠭᠠᠯᠠᠬᠤ ᠠᠵᠢᠯ ᠢ ᠬᠠᠯᠠᠮᠵᠢᠯᠠᠨ ᠲᠡᠮᠵᠢᠵᠥ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠂ ᠡᠨᠡ ᠨᠢ ᠪᠢᠳᠡᠨ ᠢ ᠲᠦᠢᠯ ᠢᠶᠠᠷ ᠤᠷᠮᠠᠰᠢᠭᠤᠯᠤᠨ ᠵᠣᠷᠢᠭᠵᠢᠭᠤᠯᠵᠠᠢ︾ ᠭᠡᠵᠦ ᠪᠡᠭᠡᠵᠢᠩ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠡᠳ᠋ ᠳᠠᠷᠤᠭ᠎ᠠ᠂ ᠪᠡᠭᠡᠵᠢᠩ ᠤᠨ ᠲᠤᠮᠳᠠ ᠲᠡᠩᠭᠡᠯᠢᠭ ᠱᠤᠭᠤᠮ ᠢ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠵᠤ ᠬᠠᠮᠠᠭᠠᠯᠠᠬᠤ ᠠᠵᠢᠯ ᠤᠨ ᠠᠯᠪᠠᠨ ᠬᠡᠷ ᠤᠨ ᠲᠤᠰᠬᠠᠶ ᠲᠤᠰᠢᠶᠠᠯᠲᠤ ᠳᠡᠳ᠋ ᠡᠷᠬᠢᠯᠡᠭᠴᠢ ᠴᠤ ᠵᠢᠶᠠᠨ ᠬᠤᠤ ᠬᠡᠯᠡᠭᠰᠡᠨ ᠢᠶᠠᠨ ᠵᠠᠯᠭᠠᠭᠠᠳ᠂ ᠰᠣᠶᠣᠯ ᠤᠨ ᠥᠪ ᠵᠶᠠᠷ ᠭᠤᠶᠤᠴᠢᠯᠠᠨ ᠮᠡᠳᠡᠭᠦᠯᠦᠭᠡᠳ ᠠᠮᠵᠢᠯᠲᠠ ᠣᠯᠤᠭᠰᠠᠨ ᠶᠠᠪᠤᠳᠠᠯ ᠨᠢ ᠨᠢᠭᠡᠨ ᠪᠡᠯᠭᠡ ᠲᠡᠮᠳᠡᠭ ᠪᠣᠯᠬᠤ ᠪᠥᠭᠡᠳ ᠪᠠᠰᠠ ᠴᠤ ᠨᠢᠭᠡᠨ ᠰᠢᠨ᠎ᠡ ᠡᠬᠢᠯᠡᠯᠲᠡ ᠪᠤᠯᠤᠨ᠎ᠠ᠂ ᠡᠨᠡ ᠨᠢ ᠪᠡᠭᠡᠵᠢᠩ ᠤᠨ ᠲᠤᠮᠳᠠ ᠲᠡᠩᠭᠡᠯᠢᠭ ᠱᠤᠭᠤᠮ ᠤᠨ ᠬᠠᠮᠠᠭᠠᠯᠠᠯᠲᠠ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠬᠤᠶᠢᠰᠢᠳᠠ ᠪᠡᠭᠡᠵᠢᠩ ᠬᠤᠲᠠ ᠨᠢ ᠳᠡᠯᠡᠬᠡᠶ ᠶᠢᠨ ᠥᠪ ᠤᠨ ᠨᠡᠶᠢᠲᠡ ᠶᠢᠨ ᠭᠡᠷ᠎ᠡ ᠵᠢᠴᠢ ᠲᠡᠭᠦᠨ ᠤ ᠠᠵᠢᠯᠯᠠᠭᠠᠨ ᠤ ᠵᠦᠭᠯᠡᠭᠦᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠦ᠂ ᠪᠡᠭᠡᠵᠢᠩ ᠤᠨ ᠳᠤᠮᠳᠠ ᠲᠡᠩᠭᠡᠯᠢᠭ ᠤᠨ ᠱᠤᠭᠤᠮ ᠤᠨ ᠬᠠᠮᠠᠭᠠᠯᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ︽ᠪᠡᠭᠡᠵᠢᠩ ᠤᠨ ᠳᠤᠮᠳᠠ ᠲᠡᠩᠭᠡᠯᠢᠭ ᠤᠨ ᠱᠤᠭᠤᠮ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠲᠦᠷᠢᠮ︾᠂ ︽ᠪᠡᠭᠡᠵᠢᠩ ᠤᠨ ᠳᠤᠮᠳᠠ ᠲᠡᠩᠭᠡᠯᠢᠭ ᠤᠨ ᠱᠤᠭᠤᠮ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ ︵2022 — 2035 ᠣᠨ︶︾ ᠶᠢ ᠰᠠᠶᠢᠲᠤᠷ ᠨᠠᠶᠢᠳᠠᠪᠤᠷᠢᠵᠢᠭᠤᠯᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠴᠢᠩᠭᠠᠳᠬᠠᠵᠤ᠂ ᠲᠣᠭᠠᠴᠢᠯᠠᠭᠰᠠᠨ ᠮᠡᠷᠭᠡᠵᠢᠯ ᠢ ᠰᠠᠶᠢᠲᠤᠷ ᠬᠡᠷᠡᠭᠯᠡᠬᠦ ᠶᠢ ᠬᠠᠶᠢᠨ ᠰᠦᠪᠡᠭᠴᠢᠯᠡᠵᠦ᠂ ᠰᠣᠶᠣᠯ ᠤᠨ ᠥᠪ ᠢ ᠠᠮᠢᠵᠢᠷᠠᠯ ᠤᠨ ᠬᠦᠴᠦᠨ ᠲᠠᠢ ᠪᠣᠯᠭᠠᠨ᠎ᠠ︔ ᠰᠣᠶᠣᠯ ᠤᠨ ᠥᠪ ᠤᠨ ᠠᠰᠢᠭᠯᠠᠯᠲᠠ ᠬᠢᠭᠡᠳ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠲᠦᠷᠭᠡᠳᠬᠡᠵᠦ᠂ ᠨᠡᠩ ᠣᠯᠠᠨ ᠰᠣᠳᠣᠨ ᠵᠢᠭᠤᠯᠴᠢᠯᠠᠯ ᠤᠨ ᠱᠤᠭᠤᠮ ᠪᠠ ᠨᠡᠶᠢᠰᠯᠡᠯ ᠤᠨ ᠥᠪᠡᠷᠮᠢᠴᠡ ᠣᠨᠴᠠᠯᠢᠭ ᠲᠠᠢ ᠬᠡᠷᠡᠭᠯᠡᠭᠡᠨ ᠤ ᠪᠠᠶᠢᠳᠠᠯ ᠢ ᠪᠤᠶ ᠪᠣᠯᠭᠠᠨ᠎ᠠ︔ ᠪᠡᠭᠡᠵᠢᠩ ᠳᠤ ᠪᠠᠶᠢᠭ᠎ᠠ ᠳᠡᠯᠡᠬᠡᠶ ᠶᠢᠨ ᠰᠣᠶᠣᠯ ᠤᠨ ᠥᠪ ᠤᠨ 8 ᠭᠠᠵᠠᠷ ᠤᠨ ᠥᠪᠡᠷᠮᠢᠴᠡ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠰᠣᠶᠣᠯ ᠤᠨ ᠥᠪ ᠨᠢ ᠨᠡᠶᠢᠰᠯᠡᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠦᠴᠦᠷᠬᠡᠭ ᠶᠡᠭᠡ ᠬᠦᠴᠦᠨ ᠴᠢᠳᠠᠯ ᠪᠣᠯᠬᠤ ᠶᠢ ᠠᠬᠢᠭᠤᠯᠤᠨ᠎ᠠ ᠭᠡᠵᠦ ᠬᠡᠯᠡᠪᠡ᠃         ︽ᠣᠳᠣᠬᠠᠨ ᠳᠤ᠂ ᠮᠠᠨ ᠤ ᠤᠯᠤᠰ ᠤᠨ ᠳᠡᠯᠡᠬᠡᠢ ᠶᠢᠨ ᠪᠠᠶᠢᠭᠠᠯᠢ ᠶᠢᠨ ᠥᠪ ᠤᠨ ᠶᠡᠷᠦᠩᠬᠡᠢ ᠲᠤᠭ᠎ᠠ ᠦᠷᠭᠦᠯᠵᠢᠯᠡᠨ ᠪᠦᠬᠦ ᠪᠥᠮᠪᠥᠷᠴᠡᠭ ᠤᠨ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ︾ ᠭᠡᠵᠦ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠵᠠᠩ ᠢᠦᠶ ᠵᠢᠶᠦ᠋ᠨ ᠬᠡᠯᠡᠭᠰᠡᠨ ᠢᠶᠠᠨ ᠵᠠᠯᠭᠠᠭᠠᠳ᠂ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠷᠡᠰ ᠲᠤ ᠪᠦᠷᠢᠳᠭᠡᠭᠳᠡᠭᠰᠡᠨ ᠥᠪ ᠤᠨ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠠᠮᠢ ᠠᠬᠤᠶ ᠶᠢᠨ ᠵᠢᠭᠤᠯᠴᠢᠯᠠᠯ ᠢ ᠥᠷᠨᠢᠭᠦᠯᠵᠦ᠂ ᠮᠡᠳᠡᠭᠡ ᠵᠠᠩᠭᠢ ᠶᠢ ᠬᠢᠨᠠᠨ ᠬᠡᠮᠵᠢᠬᠦ ᠰᠢᠰᠲ᠋ᠧᠮ ᠪᠠᠶᠢᠭᠤᠯᠬᠤ᠂ ︿ᠪᠢᠲᠡᠭᠦᠮᠵᠢᠯᠡᠨ ᠡᠭᠡᠯᠵᠢᠯᠡᠨ ᠠᠮᠠᠷᠠᠬᠤ﹀ ᠠᠷᠭ᠎ᠠ ᠠᠪᠬᠤ᠂ ᠭᠠᠭᠴᠠ ᠡᠳᠦᠷ ᠤᠨ ᠵᠤᠭᠠᠴᠠᠭᠰᠠᠳ ᠤᠨ ᠬᠠᠮᠤᠭ ᠤᠨ ᠶᠡᠭᠡ ᠳᠠᠭᠠᠭᠠᠴᠠ ᠶᠢᠨ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠵᠡᠷᠭᠡ ᠣᠯᠠᠨ ᠵᠦᠢᠯ ᠤᠨ ᠵᠠᠭᠪᠤᠷ ᠢᠶᠠᠷ ᠳᠠᠮᠵᠢᠭᠤᠯᠤᠨ᠂ ᠠᠮᠢ ᠠᠬᠤᠶ ᠣᠷᠴᠢᠨ ᠲᠣᠭᠤᠷᠢᠨ ᠤ ᠭᠱᠠᠨ ᠵᠠᠭᠤᠷ᠎ᠠ ᠶᠢᠨ ᠳᠠᠭᠠᠭᠠᠴᠠ ᠶᠢ ᠬᠥᠩᠭᠡᠷᠡᠭᠦᠯᠬᠦ ᠶᠢᠨ ᠬᠠᠮᠲᠤ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ ᠪᠣᠯᠤᠨ᠎ᠠ︔ ᠪᠠᠰᠠ ᠲᠥᠷᠥᠯ ᠬᠡᠯᠪᠡᠷᠢ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠳᠡᠯᠡᠬᠡᠶ ᠶᠢᠨ ᠥᠪ ᠤᠨ ᠥᠷᠲᠡᠭ ᠤᠨ ᠤᠬᠠᠭᠤᠯᠭ᠎ᠠ ᠶᠢ ᠥᠷᠨᠢᠭᠦᠯᠵᠦ᠂ ᠡᠭᠦᠨ ᠢᠶᠠᠷ ᠢᠶᠠᠨ ᠣᠯᠠᠨ ᠨᠡᠶᠢᠲᠡ ᠶᠢᠨ ᠳᠡᠯᠡᠬᠡᠶ ᠶᠢᠨ ᠥᠪ ᠤᠨ ᠲᠤᠬᠠᠶ ᠲᠠᠨᠢᠨ ᠮᠡᠳᠡᠬᠦᠶ ᠶᠢ ᠲᠡᠭᠡᠭᠰᠢᠯᠡᠬᠦᠯᠬᠦ ᠶᠢᠨ ᠬᠠᠮᠲᠤ ᠤᠬᠠᠮᠰᠠᠷ ᠠᠴᠠ ᠪᠠᠨ ᠰᠠᠬᠢᠨ ᠬᠠᠮᠠᠭᠠᠯᠠᠵᠤ ᠪᠣᠯᠤᠨ᠎ᠠ︾ ᠭᠡᠵᠦ ᠬᠡᠯᠡᠪᠡ᠃         ᠰᠣᠶᠣᠯ ᠤᠨ ᠪᠠ ᠪᠠᠶᠢᠭᠠᠯᠢ ᠶᠢᠨ ᠥᠪ ᠤᠨ ᠬᠦᠷᠢᠶᠡᠨ ᠳᠠᠬᠢ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ ᠶᠡᠷᠦᠩᠬᠡᠢ ᠱᠦᠵᠢ ᠰᠢ ᠶᠢᠨ ᠫᠢᠩ᠄ ︽ᠰᠣᠶᠣᠯ ᠤᠨ ᠪᠣᠯᠤᠨ ᠪᠠᠶᠢᠭᠠᠯᠢ ᠶᠢᠨ ᠥᠪ ᠤᠨ ᠬᠦᠷᠢᠶᠡᠨ ᠳᠠᠬᠢ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠬᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃         ︽ᠪᠢᠳᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠰᠣᠶᠣᠯ ᠤᠨ ᠤᠯᠠᠮᠵᠢᠯᠠᠯ ᠢ ᠬᠤᠳᠠ ᠶᠢᠨ ᠰᠢᠨᠡᠴᠢᠯᠡᠯᠲᠡ ᠳᠡᠭᠡᠭᠰᠢᠯᠡᠯᠲᠡ ᠲᠠᠢ ᠤᠶᠠᠯᠳᠤᠭᠤᠯᠵᠤ᠂ ᠰᠣᠶᠣᠯ ᠤᠨ ᠪᠠ ᠪᠠᠶᠢᠭᠠᠯᠢ ᠶᠢᠨ ᠥᠪ ᠢ ᠤᠳᠤ ᠦᠶ᠎ᠡ ᠶᠢᠨ ᠠᠮᠢᠳᠤᠷᠠᠯ ᠳᠤ ᠠᠭᠤᠰᠤᠯᠴᠠᠭᠤᠯᠵᠤ᠂ ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠭᠤᠯᠤᠨ᠎ᠠ︾ ᠭᠡᠵᠦ ᠴᠢᠩᠬᠤᠸᠠ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠳᠡᠭᠡᠳᠦ ᠰᠤᠷᠭᠠᠭᠤᠯᠢ ᠶᠢᠨ ᠫᠷᠦᠹᠧᠰᠰᠤᠷ ᠵᠠᠩ ᠵᠢᠶᠧ ᠬᠡᠯᠡᠭᠰᠡᠨ ᠢᠶᠠᠨ ᠵᠠᠯᠭᠠᠭᠠᠳ᠂ ᠰᠣᠶᠣᠯ ᠤᠨ ᠪᠠ ᠪᠠᠶᠢᠭᠠᠯᠢ ᠶᠢᠨ ᠥᠪ ᠤᠨ ᠬᠦᠷᠢᠶᠡᠨ ᠳᠠᠬᠢ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠴᠢᠩᠭᠠᠳᠬᠠᠪᠠᠯ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠦᠯᠢᠭᠡᠷ ᠢ ᠰᠠᠶᠢᠳᠤᠷ ᠶᠠᠷᠢᠵᠤ ᠴᠢᠳᠠᠬᠤ ᠪᠠᠷ ᠪᠠᠷᠠᠬᠤ ᠦᠭᠡᠢ᠂ ᠪᠠᠰᠠ ᠳᠡᠯᠡᠬᠡᠢ ᠶᠢᠨ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠳᠤ ᠳᠤᠮᠳᠠᠳᠤ ᠤᠯᠤᠰ ᠤᠨ ᠲᠥᠰᠦᠯ ᠢ ᠬᠠᠩᠭᠠᠵᠤ ᠴᠢᠳᠠᠨ᠎ᠠ ᠭᠡᠵᠦ ᠬᠡᠯᠡᠪᠡ᠃         ︽ᠰᠣᠶᠣᠯ ᠤᠨ ᠪᠣᠯᠤᠨ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠪᠣᠯ ᠡᠭᠦᠷᠭᠡ ᠬᠦᠨᠳᠦ ᠵᠠᠮ ᠬᠤᠯᠠ᠂ ᠦᠷ᠎ᠡ ᠬᠤᠶᠢᠴᠢᠰ ᠲᠤ ᠵᠠᠯᠭᠠᠮᠵᠢᠯᠠᠬᠤ ᠶᠡᠭᠡ ᠶᠠᠪᠤᠳᠠᠯ ᠪᠣᠯᠤᠨ᠎ᠠ︾ ᠭᠡᠵᠦ ᠱᠠᠨᠳᠦ᠋ᠩ ᠶᠡᠭᠡ ᠰᠤᠷᠭᠠᠭᠤᠯᠢ ᠶᠢᠨ ᠫᠷᠦᠹᠧᠰᠰᠤᠷ᠂ ᠳᠤᠮᠳᠠᠳᠤ ᠤᠯᠤᠰ ᠤᠨ ᠡᠷᠲᠡᠨ ᠤ ᠪᠠᠭᠤᠷᠢ ᠶᠢ ᠬᠠᠮᠠᠭᠠᠯᠠᠬᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠵᠢᠶᠠᠩ ᠪᠥᠸᠧ ᠬᠡᠯᠡᠭᠰᠡᠨ ᠢᠶᠠᠨ ᠵᠠᠯᠭᠠᠭᠠᠳ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠯᠡᠬᠡᠢ ᠶᠢᠨ ᠥᠪ ᠤᠨ ᠨᠡᠶᠢᠲᠡ ᠶᠢᠨ ᠭᠡᠷ᠎ᠡ ᠶᠢᠨ ᠵᠠᠷᠴᠢᠮ ᠪᠠ ᠣᠶᠢᠯᠠᠭᠠᠭᠳᠠᠬᠤᠨ ᠶᠣᠰᠣᠭᠠᠷ ᠥᠪ ᠢ ᠬᠠᠮᠠᠭᠠᠯᠠᠬᠤ ᠪᠠ ᠰᠣᠶᠣᠯ ᠢ ᠤᠯᠠᠮᠵᠢᠯᠠᠬᠤ ᠠᠵᠢᠯ ᠢ ᠰᠠᠶᠢᠲᠤᠷ ᠬᠢᠵᠦ᠂ ᠥᠪᠡᠷᠮᠢᠴᠡ ᠣᠨᠴᠠᠯᠢᠭ ᠲᠠᠢ ᠳᠡᠯᠡᠬᠡᠢ ᠶᠢᠨ ᠥᠪ ᠢ ᠭᠡᠪ ᠢᠶᠠᠷ ᠨᠢ ᠪᠠᠶᠢᠯᠭᠠᠵᠤ᠂ ᠰᠢᠨ᠎ᠡ ᠴᠠᠭ ᠦᠶ᠎ᠡ ᠶᠢᠨ ᠭᠡᠷᠡᠯ ᠭᠢᠯᠪᠠᠭ᠎ᠠ ᠶᠢ ᠨᠢ ᠰᠠᠴᠤᠷᠠᠭᠤᠯᠤᠨ᠎ᠡ ᠭᠡᠵᠦ ᠬᠡᠯᠡᠪᠡ᠃         ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶ᠎ᠠ ᠶᠢᠨ ᠳᠡᠳ᠋ ᠳᠠᠷᠤᠭ᠎ᠠ ᠭᠤᠸᠠᠨ ᠴᠢᠶᠠᠩ᠄ ᠪᠡᠭᠡᠵᠢᠩ ᠤᠨ ᠳᠤᠮᠳᠠ ᠲᠡᠩᠭᠡᠯᠢᠭ ᠱᠤᠭᠤᠮ ᠢ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠦᠭᠡᠳ ᠠᠮᠵᠢᠯᠲᠠ ᠤᠯᠤᠬᠰᠠᠨ ᠶᠠᠪᠤᠳᠠᠯ ᠨᠢ ᠳᠡᠯᠡᠬᠡᠢ ᠳ᠋ᠠᠬᠢᠨ ᠳᠤ ᠳᠤᠮᠳᠠᠳᠤ ᠶᠢᠨ ᠪᠣᠯᠪᠠᠰᠤᠨ ᠤ ᠲᠤᠪᠤᠶᠢᠮ᠎ᠠ ᠣᠨᠴᠠᠯᠢᠭ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠰᠣᠶᠣᠯ ᠤᠨ ᠥᠪ ᠢ ᠬᠠᠮᠠᠭᠠᠯᠠᠬᠤ ᠪᠠ ᠦᠷᠭᠦᠯᠵᠢᠯᠡᠨ ᠬᠥᠭᠵᠢᠭᠦᠯᠬᠦ ᠣᠶᠢᠯᠠᠭᠠᠭᠳᠠᠬᠤᠨ ᠪᠣᠯᠤᠨ ᠲᠦᠪᠰᠢᠨ ᠢ ᠲᠥᠪᠯᠡᠷᠡᠩᠭᠦᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠦᠨᠡᠨ ᠪᠣᠳᠠᠲᠠᠢ ᠳᠦᠷᠰᠦ ᠪᠠᠶᠢᠳᠠᠯ ᠪᠣᠯᠤᠨ ᠳᠤᠮᠳᠠᠳᠤᠴᠤᠳ ᠤᠨ ᠤᠶᠤᠨ ᠰᠠᠨᠠᠭᠠᠨ ᠤ ᠬᠥᠭᠡᠭᠡᠴᠡᠯᠳᠦᠯ ᠢ ᠠᠮᠢᠳᠤᠯᠢᠭ ᠢᠶᠠᠷ ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠠᠯ᠎ᠠ ᠪᠠᠷ ᠴᠢᠬᠤᠯᠠ ᠦᠢᠯᠡᠳᠦᠯ ᠢ ᠦᠵᠡᠭᠦᠯᠪᠡ᠃ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠳᠤ ᠴᠢᠭᠯᠡᠯ ᠢ ᠲᠣᠳᠣᠷᠬᠠᠶ ᠵᠢᠭᠠᠨ ᠥᠭᠴᠦ᠂ ᠵᠢᠷᠤᠮᠯᠠᠯ ᠬᠠᠨᠭ᠍ᠭᠠᠵᠠᠢ᠃ ᠪᠢᠳᠡ ᠲᠡᠦᠬᠡ ᠳᠤ ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ ᠵᠣᠷᠢᠭ ᠰᠠᠨᠠᠭ᠎ᠠ ᠪᠠᠷ ᠰᠣᠶᠣᠯ ᠤᠨ ᠥᠪ ᠢ ᠬᠠᠮᠠᠭᠠᠯᠠᠬᠤ ᠪᠠᠷ ᠭᠤᠶᠤᠴᠢᠯᠠᠨ ᠮᠡᠳᠡᠭᠦᠯᠦᠭᠡᠳ ᠲᠤᠷᠰᠢᠯᠭ᠎ᠠ ᠪᠣᠯᠤᠨ ᠥᠷᠢᠰᠥᠯᠳᠦᠭᠡᠨ ᠢ ᠪᠥᠬᠦ ᠲᠠᠯ᠎ᠠ ᠪᠠᠷ ᠡᠮᠬᠢᠯᠡᠨ ᠳ᠋ᠦᠩᠨᠡᠵᠦ᠂ ᠳᠡᠯᠡᠬᠡᠶ ᠶᠢᠨ ᠰᠣᠶᠣᠯ ᠤᠨ ᠥᠪ ᠢ ᠬᠠᠮᠠᠭᠠᠯᠠᠵᠤ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠪᠦᠬᠦᠯᠢ ᠴᠣᠭᠴᠠᠲᠤ ᠴᠢᠨᠠᠷᠲᠠᠶ᠂ ᠰᠢᠰᠲ᠋ᠧᠮᠲᠦ ᠴᠢᠨᠠᠷᠲᠠᠶ ᠪᠠᠷ ᠬᠠᠮᠠᠭᠠᠯᠠᠨ ᠲᠠᠶᠢᠯᠪᠤᠷᠢᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠢᠳᠡ ᠬᠤᠯᠪᠣᠭᠳᠠᠯ ᠪᠦᠬᠦᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠤᠨ ᠡᠯ᠎ᠡ ᠭᠡᠷᠡᠲᠦ ᠤᠯᠤᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠳᠡᠯᠡᠬᠡᠢ ᠶᠢᠨ ᠥᠪ ᠤᠨ ᠬᠦᠷᠢᠶᠡᠨ ᠳᠠᠬᠢ ᠤᠯᠠᠨ ᠤᠯᠤᠰ ᠤᠨ ᠬᠡᠷᠡᠭ ᠶᠠᠪᠤᠳᠠᠯ ᠳᠤ ᠢᠳᠡᠪᠬᠢᠲᠡᠢ ᠣᠷᠣᠯᠴᠠᠵᠤ᠂ ᠡᠯ᠎ᠡ ᠤᠯᠤᠰ ᠤᠨ ᠰᠣᠶᠣᠯ ᠤᠨ ᠥᠪ ᠢ ᠬᠠᠮᠠᠭᠠᠯᠠᠬᠤ ᠠᠵᠢᠯ ᠢ ᠳᠡᠮᠵᠢᠵᠦ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠬᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠬᠡᠯᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ