ᠵᠢᠪᠬᠤᠭ᠎ᠠ ᠲᠡᠭᠦᠯᠳᠡᠷ ᠡᠷᠡᠯᠬᠡᠭᠯᠡᠨ ᠤᠷᠤᠭᠰᠢᠯᠠᠬᠤ ᠬᠦᠴᠦᠨ ᠢ ᠬᠥᠭᠵᠢᠭᠡᠵᠦ ᠨᠡᠩ ᠶᠡᠭᠡ ᠢᠷᠠᠭᠤ ᠠᠯᠳᠠᠷ ᠢ ᠪᠢᠴᠢᠭᠯᠡᠰᠦᠭᠡᠢ ︵ᠬᠤᠷᠢᠶᠠᠨ ᠤ ᠦᠬᠦᠯᠡᠯ︶
ᠨᠡᠶᠢᠲᠡᠯᠡᠭᠰᠡᠨ ᠴᠠᠭ᠄
2024/10/25
        ᠤᠷᠤᠯᠳᠤᠭᠠᠨ ᠳᠤ ᠣᠷᠣᠯᠴᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠤᠭᠡᠳ ᠮᠠᠨ ᠤ ᠤᠯᠤᠰ ᠤᠨ ᠲᠠᠮᠢᠷᠴᠢᠳ ᠢᠯᠠᠯᠲᠠ ᠲᠠᠢ ᠪᠠᠷ ᠪᠤᠴᠠᠵᠤ ᠢᠷᠡᠪᠡ᠃ ᠭᠤᠴᠢᠨ ᠭᠤᠷᠪᠠᠳᠤᠭᠠᠷ ᠬᠤᠭᠤᠴᠠᠭᠠᠨ ᠤ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠵᠣᠷᠢᠭᠲᠠᠢ ᠲᠡᠮᠡᠴᠡᠵᠦ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠵᠦ᠂ ᠰᠢᠯᠢᠳᠡᠭ ᠠᠮᠵᠢᠯᠳᠠ ᠪᠦᠳᠦᠮᠵᠢ ᠶᠢ ᠳᠠᠬᠢᠨᠲᠠ ᠡᠭᠦᠳᠴᠦ᠂ 40 ᠠᠯᠲᠠᠨ ᠮᠧᠳᠠᠯ᠂ 27 ᠮᠥᠩᠭᠦᠨ ᠮᠧᠳᠠᠯ᠂ 24 ᠬᠦᠷᠡᠯ ᠮᠧᠳᠠᠯ ᠣᠯᠵᠤ᠂ ᠲᠡᠮᠡᠴᠡᠯ ᠤᠨ ᠵᠤᠷᠢᠭ ᠪᠣᠯᠤᠨ ᠬᠦᠴᠦ ᠬᠥᠯᠥᠰᠥ ᠪᠠᠷ ᠢᠶᠠᠨ ᠡᠬᠡ ᠤᠯᠤᠰ ᠪᠣᠯᠤᠨ ᠠᠷᠠᠳ ᠲᠦᠮᠡᠨ ᠳᠡᠭᠡᠨ ᠢᠷᠠᠭᠤ ᠠᠯᠳᠠᠷ ᠢ ᠠᠪᠴᠢᠷᠠᠬᠰᠠᠨ ᠪᠠᠶᠢᠨ᠎ᠠ᠃         ᠶᠡᠷᠦᠩᠬᠡᠶ ᠱᠦᠵᠢ ᠰᠢ ᠶᠢᠨ ᠫᠢᠩ᠄ ︽ᠤᠯᠤᠰ ᠣᠷᠣᠨ ᠳᠠᠭᠠᠨ ᠢᠷᠠᠭᠤ ᠠᠯᠳᠠᠷ ᠠᠪᠴᠢᠷᠠᠬᠤ ᠰᠥᠰᠥ ᠵᠣᠷᠢᠭ ᠪᠠ ᠡᠷᠡᠯᠭᠡᠭ ᠵᠣᠷᠢᠭ ᠢᠶᠠᠨ ᠴᠢᠩᠭᠠᠯᠠᠵᠤ᠂ ᠴᠢᠷᠮᠠᠶᠢᠨ ᠲᠡᠮᠡᠴᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠦ᠂ ᠵᠣᠷᠢᠭᠲᠠᠶ ᠪᠠᠷ ᠡᠷᠡᠯᠬᠡᠭᠯᠡᠨ ᠲᠡᠮᠡᠴᠡᠵᠦ᠂ ᠴᠢᠳᠠᠮᠠᠭᠠᠶ ᠪᠠᠷ ᠡᠷᠡᠯᠬᠡᠭᠯᠡᠨ ᠲᠡᠮᠡᠴᠡᠵᠦ᠂ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠲᠠᠮᠢᠷᠴᠢᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠤᠷᠤᠯᠳᠤᠭᠠᠨ ᠤ ᠬᠢᠷᠢ ᠲᠦᠪᠰᠢᠨ ᠢ ᠢᠯᠡᠷᠡᠭᠦᠯᠵᠦ᠂ ᠤᠷᠤᠯᠳᠤᠭᠠᠨ᠂ ᠶᠣᠰᠣ ᠰᠤᠷᠲᠠᠬᠤᠨ᠂ ᠬᠡᠪ ᠨᠠᠮᠪᠠ ᠶᠢᠨ ᠲᠠᠯ᠎ᠠ ᠪᠠᠷ ᠴᠥᠮ ᠬᠠᠮᠤᠭ ᠤᠨ ᠰᠠᠶᠢᠨ ᠱᠠᠩᠨᠠᠯ ᠤᠨ ᠮᠧᠳᠠᠯ ᠤᠯᠬᠤ ᠪᠠᠷ ᠴᠢᠷᠮᠠᠶᠢᠬᠤ ᠬᠡᠷᠡᠭᠲᠡᠶ︾ ᠭᠡᠵᠦ ᠴᠢᠬᠤᠯᠠᠴᠢᠯᠠᠪᠠ᠃ ᠲᠤᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠤᠯᠤᠰ ᠤᠨ ᠲᠠᠮᠢᠷᠴᠢᠳ ᠠᠭᠤᠤ ᠶᠡᠭᠡ ᠡᠬᠡ ᠤᠯᠤᠰ ᠢᠶᠠᠨ ᠦᠷᠦᠴᠡ ᠴᠡᠭᠡᠵᠢᠨ ᠳᠡᠭᠡᠨ ᠪᠤᠳᠤᠵᠤ᠂ ᠨᠠᠮ ᠪᠣᠯᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠤᠨ ᠣᠯᠢᠮᠫᠢᠺ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ᠪᠣᠯᠤᠨ ᠤᠶᠤᠨ ᠤ ᠪᠣᠯᠪᠠᠰᠤᠨ ᠤ ᠬᠤᠣᠰ ᠡᠯᠪᠡᠭ ᠬᠤᠷᠢᠶᠠᠯᠲᠠ ᠶᠢ ᠪᠡᠶᠡᠯᠡᠭᠦᠯᠵᠦ᠂ ᠲᠠᠪᠤᠨ ᠣᠳᠣᠲᠤ ᠤᠯᠠᠭᠠᠨ ᠲᠤᠭ ᠢ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠤᠷ ᠲᠤ ᠥᠨᠳᠥᠷ ᠨᠠᠮᠢᠷᠠᠭᠤᠯᠪᠠ᠃ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠰᠢᠯᠢᠳᠡᠭ ᠬᠢᠷᠢ ᠪᠦᠲᠦᠮᠵᠢ ᠣᠯᠵᠤ᠂ ᠰᠢᠨ᠎ᠡ ᠴᠠᠭ ᠦᠶ᠎ᠡ ᠶᠢᠨ ᠰᠢᠯᠢᠳᠡᠭ ᠲᠠᠮᠢᠷᠴᠢᠳ ᠤᠨ ᠴᠤᠭ ᠵᠢᠪᠬᠤᠭ᠎ᠠ᠂ ᠡᠷᠡᠯᠭᠡᠭ ᠵᠣᠷᠢᠭ᠂ ᠰᠥᠰᠥ ᠵᠣᠷᠢᠭ ᠢ ᠭᠦᠢᠴᠡᠳ ᠢᠯᠡᠷᠡᠭᠦᠯᠵᠦ᠂ ᠲᠦᠭ ᠲᠦᠮᠡᠨ ᠠᠷᠠᠳ ᠲᠦᠮᠡᠨ ᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠣᠯᠤᠨ ᠳᠤᠮᠳᠠᠳᠤ ᠶᠢᠨ ᠬᠥᠪᠡᠭᠦᠳ ᠥᠬᠢᠳ ᠤᠨ ᠦᠨᠳᠦᠰᠦᠲᠡᠨ ᠤ ᠣᠮᠤᠭ ᠪᠠᠭ᠋ᠠᠳᠤᠯ ᠢ ᠤᠯᠠᠮ ᠬᠥᠭᠵᠢᠭᠡᠵᠦ᠂ ᠰᠢᠨ᠎ᠡ ᠠᠶᠠᠨ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠬᠦ ᠳᠤ ᠤᠶᠤᠨ ᠰᠠᠨᠠᠭᠠᠨ ᠤ ᠬᠦᠴᠦᠨ ᠨᠡᠮᠡᠷᠢᠯᠡᠭᠰᠡᠨ ᠪᠠᠶᠢᠨ᠎ᠠ᠃         ᠴᠢᠷᠮᠠᠶᠢᠨ ᠲᠡᠮᠡᠴᠡᠵᠦ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠴᠢᠷᠮᠠᠶᠢᠨ ᠲᠡᠮᠡᠴᠡᠵᠦ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠦᠨ᠎ᠡ᠃ ᠲᠤᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ᠂ ᠳᠤᠮᠳᠠᠳᠤ ᠤᠯᠤᠰ ᠤᠨ ᠤᠮᠪᠠᠯᠲᠠ ᠶᠢᠨ ᠠᠩᠭᠢ ᠨᠢ ᠲᠡᠦᠬᠡ ᠶᠢ ᠡᠭᠦᠳᠴᠦ᠂ ᠡᠷᠡᠭᠲᠡᠶ ᠶᠢᠨ 100 ᠮᠧᠲᠷ ᠤᠨ ᠴᠢᠯᠥᠭᠡᠲᠦ ᠤᠮᠪᠠᠯᠲᠠ ᠶᠢᠨ ᠳᠡᠯᠡᠬᠡᠶ ᠶᠢᠨ ᠲᠡᠮᠳᠡᠭᠯᠡᠯ ᠢ ᠰᠢᠨᠡᠳᠬᠡᠵᠦ᠂ ᠠᠩᠬ᠎ᠠ ᠤᠳᠠᠭ᠎ᠠ ᠡᠷᠡᠭᠲᠡᠶ ᠶᠢᠨ 4 × 100 ᠮᠧᠲᠷ ᠤᠨ ᠬᠤᠯᠢᠮᠠᠭ ᠤᠮᠪᠠᠯᠲᠠ ᠶᠢᠨ ᠪᠤᠤᠬᠢᠶ᠎ᠠ ᠤᠷᠤᠯᠳᠤᠭᠠᠨ ᠳᠤ ᠮᠠᠩᠯᠠᠶᠢᠯᠠᠪᠠ︔ ᠳᠤᠮᠳᠠᠳᠤ ᠤᠯᠤᠰ ᠤᠨ ᠲᠣᠣᠷ ᠪᠥᠮᠪᠦᠭᠡ ᠶᠢᠨ ᠠᠩᠭᠢ ᠶᠢᠨ ᠲᠠᠮᠢᠷᠴᠢᠳ ᠨᠢ ᠬᠦᠴᠦᠷᠬᠡᠭ ᠡᠲᠡᠭᠡᠳ ᠠᠴᠠ ᠠᠶᠤᠬᠤ ᠦᠭᠡᠢ ᠪᠠᠷ ᠠᠽᠢᠶ᠎ᠠ ᠲᠢᠪ ᠤᠨ ᠲᠡᠦᠬᠡᠨ ᠳᠡᠭᠡᠷᠡᠬᠢ ᠠᠩᠬᠠᠳᠠᠭᠴᠢ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠪᠢ ᠬᠥᠮᠦᠨ ᠤ ᠲᠣᠣᠷ ᠪᠥᠮᠪᠦᠭᠡ ᠶᠢᠨ ᠠᠯᠲᠠᠨ ᠮᠧᠳᠠᠯ᠂ ᠳᠤᠮᠳᠠᠳᠤ ᠤᠯᠤᠰ ᠤᠨ ᠲᠣᠣᠷ ᠪᠥᠮᠪᠦᠭᠡ ᠶᠢᠨ ᠠᠩᠭᠢ ᠶᠢᠨ ᠠᠩᠬᠠᠳᠠᠭᠴᠢ ᠣᠯᠢᠮᠫᠢᠺ ᠤᠨ ᠲᠠᠮᠢᠷ ᠤᠨ ᠴᠤᠭᠯᠠᠭᠠᠨ ᠤ ᠬᠤᠣᠰ ᠱᠠᠩᠨᠠᠯ ᠤᠨ ᠮᠧᠳᠠᠯ ᠢ ᠣᠯᠪᠠ︔ ᠳᠤᠮᠳᠠᠳᠤ ᠤᠯᠤᠰ ᠤᠨ ᠤᠷᠠᠨ ᠤᠮᠪᠠᠯᠲᠠ ᠶᠢᠨ ᠠᠩᠭᠢ ᠨᠢ ᠨᠠᠷᠢᠯᠢᠭ ᠮᠡᠷᠭᠡᠵᠢᠯ ᠪᠠ ᠪᠦᠷᠢᠨ ᠲᠡᠭᠦᠯᠳᠡᠷ ᠪᠦᠯᠬᠦᠮ ᠨᠡᠶᠢᠲᠡ ᠶᠢᠨ ᠬᠠᠮᠵᠢᠯᠴᠠᠭ᠎ᠠ ᠪᠠᠷ ᠢᠶᠠᠨ ᠳᠤᠮᠳᠠᠳᠤ ᠤᠯᠤᠰ ᠤᠨ ᠠᠩᠭᠢ ᠶᠢᠨ ᠲᠡᠦᠬᠡᠨ ᠳᠡᠭᠡᠷᠡᠬᠢ ᠠᠩᠬᠠᠳᠠᠭᠴᠢ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠠᠨ ᠤᠮᠪᠠᠯᠲᠠ ᠶᠢᠨ ᠠᠯᠲᠠᠨ ᠮᠧᠳᠠᠯ ᠢ ᠠᠮᠵᠢᠯᠳᠠ ᠪᠠᠷ ᠰᠢᠬᠦᠷᠪᠡ︔ ᠳᠤᠮᠳᠠᠳᠤ ᠤᠯᠤᠰ ᠤᠨ ᠤᠰᠤ ᠬᠠᠷᠠᠶᠢᠯᠲᠠ ᠶᠢᠨ ᠠᠩᠭᠢ ᠨᠢ ᠭᠡᠷᠡᠯ ᠰᠠᠴᠤᠷᠠᠩᠭᠤᠶ ᠠᠮᠵᠢᠯᠲᠠ ᠪᠠᠨ ᠦᠷᠭᠦᠯᠵᠢᠯᠡᠭᠦᠯᠵᠦ᠂ ᠡᠮᠡᠭᠲᠡᠶ ᠶᠢᠨ ᠠᠷᠪᠠᠨ ᠮᠧᠲᠷ ᠤᠨ ᠲᠠᠪᠴᠠᠩ ᠠᠴᠠ ᠵᠠᠯᠭᠠᠭ᠎ᠠ ᠪᠠᠷ ᠲᠠᠪᠤ ᠤᠳᠠᠭ᠎ᠠ ᠠᠯᠲᠠᠨ ᠮᠧᠳᠠᠯ ᠠᠪᠴᠤ᠂ ᠣᠯᠢᠮᠫᠢᠺ ᠤᠨ ᠲᠠᠮᠢᠷ ᠤᠨ ᠴᠤᠭᠯᠠᠭᠠᠨ ᠤ ᠡᠷᠡᠭᠲᠡᠶ ᠶᠢᠨ ᠬᠤᠣᠰ ᠬᠥᠮᠦᠨ ᠤ ᠭᠤᠷᠪᠠᠨ ᠮᠧᠲᠷ ᠤᠨ ᠬᠠᠪᠲᠠᠰᠤᠨ ᠤ ᠠᠯᠲᠠᠨ ᠮᠧᠳᠠᠯ ᠢ ᠲᠠᠪᠤ ᠤᠳᠠᠭ᠎ᠠ ᠣᠯᠪᠠ ᠁ ᠳᠠᠪᠠᠭᠤᠯᠢᠭ ᠲᠥᠷᠥᠯ ᠵᠦᠢᠯ ᠨᠢ ᠥᠨᠳᠥᠷ ᠬᠢᠷᠢ ᠲᠦᠪᠰᠢᠨ ᠢᠶᠠᠨ ᠪᠠᠲᠤᠯᠠᠵᠤ᠂ ᠰᠠᠭᠤᠷᠢ ᠶᠡᠭᠡ ᠲᠥᠷᠥᠯ ᠵᠦᠢᠯ ᠨᠢ ᠰᠥᠷᠭᠡᠦ ᠣᠷᠴᠢᠨ ᠳᠤ ᠰᠢᠪᠲᠤᠯᠤᠯᠲᠠ ᠭᠠᠷᠭᠠᠵᠤ᠂ ᠰᠢᠨ᠎ᠡ ᠪᠠᠷ ᠬᠥᠭᠵᠢᠭᠰᠡᠨ ᠲᠥᠷᠥᠯ ᠵᠦᠢᠯ᠂ ᠠᠵᠢᠯ ᠮᠡᠷᠭᠡᠵᠢᠭᠰᠡᠨ ᠲᠥᠷᠥᠯ ᠵᠦᠢᠯ ᠨᠢ ᠰᠢᠨ᠎ᠡ ᠳᠠᠪᠰᠢᠯᠲᠠ ᠲᠠᠢ ᠪᠣᠯᠵᠠᠶ᠂ ᠡᠳᠡᠭᠡᠷ ᠠᠮᠵᠢᠯᠲᠠ ᠪᠦᠲᠦᠮᠵᠢ ᠨᠢ ᠶᠠᠭ ᠲᠠᠮᠢᠷᠴᠢᠳ ᠤᠨ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ᠂ ᠥᠪᠡᠷ ᠢ ᠪᠠᠨ ᠳᠠᠪᠠᠭ᠋ᠤ ᠰᠥᠰᠥ ᠵᠣᠷᠢᠭ᠂ ᠵᠣᠷᠢᠭᠲᠠᠶ ᠪᠠᠷ ᠪᠠᠶᠢᠯᠳᠤᠵᠤ ᠵᠠᠪᠠᠯ ᠢᠯᠠᠬᠤ ᠰᠤᠷᠲᠠᠯ ᠳᠤ ᠲᠦᠰᠢᠭᠯᠡᠨ᠂ ︽ᠲᠤᠭᠠᠳᠠᠢ ᠨᠠᠰᠤᠨ ᠳᠠᠭᠠᠨ ᠢᠳᠡᠪᠬᠢᠯᠡᠨ ᠲᠡᠮᠡᠴᠡᠵᠦ ᠠᠮᠵᠢᠯᠳᠡ ᠪᠦᠳᠦᠮᠵᠢ ᠭᠠᠷᠭᠠᠬᠤ︾ ᠲᠡᠮᠡᠴᠡᠯ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠪᠢᠳᠡ ᠦᠷᠭᠦᠯᠵᠢᠯᠡᠨ ᠰᠢᠨ᠎ᠡ ᠶᠢ ᠡᠭᠦᠳᠴᠦ᠂ ︽ᠡᠬᠡ ᠤᠯᠤᠰ ᠲᠠᠭᠠᠨ ᠢᠷᠠᠭᠤ ᠠᠯᠳᠠᠷ ᠠᠪᠴᠢᠷᠠᠬᠤ᠂ ᠬᠠᠷᠠᠮ ᠦᠭᠡᠢ ᠵᠣᠷᠢᠭᠤᠯᠬᠤ᠂ ᠰᠢᠨᠵᠢᠯᠡᠬᠦ ᠤᠬᠠᠭᠠᠨᠴᠢ ᠪᠠᠷ ᠪᠣᠳᠠᠲᠠᠢ ᠶᠢ ᠡᠷᠬᠢᠮᠯᠡᠬᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠬᠦ︾ ᠪᠠᠷ ᠭᠤᠣᠯ ᠠᠭᠤᠯᠭ᠎ᠠ ᠪᠣᠯᠭᠠᠭᠰᠠᠨ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠳᠡᠯᠭᠡᠷᠡᠭᠦᠯᠵᠦ᠂ ᠴᠤᠴᠠᠯᠲᠠ ᠦᠭᠡᠢ ᠤᠷᠤᠭᠰᠢᠯᠠᠬᠤ ᠡᠷᠡᠯᠬᠡᠭᠯᠡᠨ ᠲᠡᠮᠡᠴᠡᠬᠦ ᠬᠦᠴᠦᠨ ᠴᠢᠳᠠᠯ ᠢ ᠬᠥᠭᠵᠢᠭᠡᠵᠦ᠂ ᠨᠠᠮ ᠪᠣᠯᠤᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠠᠮᠵᠢᠯᠲᠠ ᠶᠢ ᠴᠢᠷᠮᠠᠶᠢᠨ ᠡᠭᠦᠳᠬᠦ ᠬᠡᠷᠡᠭᠲᠡᠢ᠃         ᠣᠯᠢᠮᠫᠢᠺ ᠤᠨ ᠲᠠᠮᠢᠷ ᠤᠨ ᠴᠤᠭᠯᠠᠭᠠᠨ ᠪᠣᠯ ᠪᠦᠯᠬᠦᠮᠳᠡᠯ ᠪᠠ ᠨᠥᠬᠦᠷᠯᠡᠯ ᠤᠨ ᠪᠡᠯᠭᠡ ᠲᠡᠮᠳᠡᠭ ᠮᠥᠨ᠂ ᠪᠣᠯᠪᠠᠰᠤᠨ ᠢᠶᠠᠨ ᠬᠠᠷᠢᠯᠴᠠᠨ ᠲᠤᠯᠢᠳᠠᠬᠤ ᠶᠢᠨ ᠤᠬᠢ ᠪᠦᠲᠦᠭᠡᠯ ᠮᠥᠨ᠃ ᠤᠯᠠᠨ ᠤᠳᠠᠭ᠎ᠠ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠭᠰᠠᠨ ᠠᠬᠠᠮᠠᠳ ᠲᠠᠮᠢᠷᠴᠢᠳ ᠴᠤ ᠲᠡᠷᠡ᠂ ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠪᠴᠠᠩ ᠳᠤ ᠭᠠᠷᠤᠭᠰᠠᠨ ᠦᠯᠡᠮᠵᠢ ᠤᠯᠠᠨ ᠵᠠᠯᠠᠭᠤ ᠲᠠᠮᠢᠷᠴᠢᠳ ᠴᠤ ᠲᠡᠷᠡ᠂ ᠤᠯᠠᠨ ᠢᠶᠠᠷ ᠢᠶᠠᠨ ᠤᠷᠤᠯᠳᠤᠭᠠᠨ ᠤ ᠲᠥᠪ ᠲᠤ ᠬᠦᠰᠡᠯ ᠵᠡᠭᠦᠳᠦ ᠡᠪᠦᠷᠯᠡᠵᠦ᠂ ᠪᠦᠬᠦ ᠬᠦᠴᠦ ᠪᠠᠷ ᠢᠶᠠᠨ ᠴᠢᠷᠮᠠᠶᠢᠵᠤ᠂ ᠤᠷᠤᠯᠳᠤᠭᠠᠨ ᠤ ᠲᠠᠯᠠᠪᠤᠷ ᠠᠴᠠ ᠠᠭᠤᠵᠢᠭᠤ ᠲᠠᠯᠪᠢᠭᠤ᠂ ᠪᠠᠶᠠᠰᠤᠩᠭᠤᠢ ᠢᠲᠡᠭᠡᠯ ᠲᠠᠢ ᠪᠠᠷ ᠪᠠᠭᠤᠵᠤ᠂ ᠳᠡᠯᠡᠬᠡᠢ ᠳ᠋ᠠᠬᠢᠨ ᠳᠤ ᠡᠷᠬᠡ ᠲᠡᠭᠰᠢ ᠪᠠᠷ ᠦᠷᠢᠰᠦᠯᠳᠦᠬᠦ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠵᠣᠷᠢᠭᠵᠢᠭᠤᠯᠬᠤ ᠬᠡᠪ ᠨᠠᠮᠪᠠ ᠶᠢ ᠢᠯᠡᠷᠡᠭᠦᠯᠵᠦ᠂ ᠪᠡᠶ᠎ᠡ ᠪᠠᠨ ᠢᠳᠡᠭᠡᠵᠦ ᠦᠪᠡᠰᠦᠪᠡᠨ ᠬᠦᠴᠦᠷᠬᠡᠭᠵᠢᠬᠦ᠂ ᠬᠠᠯᠠᠭᠤᠮᠰᠤᠭ ᠢᠶᠠᠷ ᠴᠢᠯᠦᠭᠡᠳᠡᠢ ᠶᠠᠪᠤᠯᠴᠠᠬᠤ᠂ ᠢᠳᠡᠪᠬᠢᠲᠡᠢ ᠪᠠᠷ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠢᠲᠡᠭᠡᠮᠵᠢᠲᠡᠢ᠂ ᠬᠠᠶᠢᠷᠠᠯᠠᠯᠲᠠᠢ᠂ ᠬᠦᠨᠳᠦᠳᠬᠡᠭᠦᠰᠢᠲᠡᠢ ᠲᠦᠷᠢ ᠲᠥᠷᠬᠦ ᠶᠢ ᠢᠯᠡᠷᠡᠭᠦᠯᠪᠡ᠃         ᠪᠡᠶ᠎ᠡ ᠶᠢᠨ ᠲᠠᠮᠢᠷ ᠢᠶᠠᠷ ᠡᠩᠬᠡ ᠲᠠᠶᠢᠪᠤᠩ ᠢ ᠠᠬᠢᠭᠤᠯᠵᠤ᠂ ᠪᠡᠶ᠎ᠡ ᠶᠢᠨ ᠲᠠᠮᠢᠷ ᠢᠶᠠᠷ ᠪᠦᠯᠬᠦᠮᠳᠡᠯ ᠢ ᠠᠬᠢᠭᠤᠯᠵᠤ᠂ ᠪᠡᠶ᠎ᠡ ᠶᠢᠨ ᠲᠠᠮᠢᠷ ᠢᠶᠠᠷ ᠪᠠᠭᠲᠠᠭᠠᠮᠵᠢᠲᠠᠢ ᠪᠠᠶᠢᠬᠤ ᠶᠢ ᠠᠬᠢᠭᠤᠯᠵᠤ᠂ ᠮᠠᠨ ᠤ ᠤᠯᠤᠰ ᠤᠨ ᠲᠠᠮᠢᠷᠴᠢᠳ ᠳᠡᠯᠡᠬᠡᠢ ᠶᠢᠨ ᠡᠯ᠎ᠡ ᠤᠯᠤᠰ ᠡᠯ᠎ᠡ ᠭᠠᠵᠠᠷ ᠣᠷᠣᠨ ᠤ ᠲᠠᠮᠢᠷᠴᠢᠳ ᠲᠠᠢ ᠲᠠᠪᠤᠨ ᠴᠠᠭᠠᠷᠢᠭᠲᠤ ᠲᠤᠭ ᠤᠨ ᠳᠣᠣᠷ᠎ᠠ ᠴᠤᠭᠯᠠᠷᠠᠵᠤ᠂ ᠬᠠᠮᠲᠤ ᠪᠠᠷ ᠦᠷᠢᠰᠦᠯᠳᠦᠵᠦ᠂ ᠬᠠᠷᠢᠯᠴᠠᠨ ᠵᠥᠪᠳᠡᠯᠴᠡᠵᠦ᠂ ᠰᠣᠯᠢᠯᠴᠠᠭ᠎ᠠ ᠶᠢ ᠠᠬᠢᠭᠤᠯᠵᠤ᠂ ᠨᠥᠬᠦᠷᠯᠡᠯ ᠢᠶᠠᠨ ᠵᠤᠵᠠᠭᠠᠳᠬᠠᠵᠤ᠂ ︽ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ — ᠨᠡᠩ ᠪᠦᠯᠬᠦᠮᠳᠡᠯ ᠲᠠᠢ︾ ᠭᠡᠬᠦ ᠣᠯᠢᠮᠫᠢᠺ ᠤᠨ ᠡᠨᠡ ᠬᠦ ᠰᠡᠴᠡᠨ ᠦᠭᠡ ᠶᠢᠨ ᠭᠦᠨᠵᠡᠭᠡᠢ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠵᠠᠢ᠃ ᠪᠡᠶ᠎ᠡ ᠶᠢᠨ ᠲᠠᠮᠢᠷ ᠬᠦᠴᠦᠷᠬᠡᠭ ᠪᠣᠯ ᠤᠯᠤᠰ ᠬᠦᠴᠦᠷᠬᠡᠭᠵᠢᠵᠦ᠂ ᠤᠯᠤᠰ ᠬᠦᠴᠦᠷᠬᠡᠭᠵᠢᠪᠡᠯ ᠪᠡᠶ᠎ᠡ ᠶᠢᠨ ᠲᠠᠮᠢᠷ ᠬᠦᠴᠦᠷᠬᠡᠭᠵᠢᠨ᠎ᠡ᠃ ᠶᠡᠷᠦᠩᠬᠡᠢ ᠱᠦᠵᠢ ᠰᠢ ᠶᠢᠨ ᠫᠢᠩ᠄ ︽ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢᠨ ᠬᠠᠮᠤᠭ ᠤᠨ ᠦᠨᠳᠦᠰᠦᠨ ᠵᠦᠢᠯ ᠪᠣᠯ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ᠂ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠠᠪᠤᠳᠠᠯ ᠪᠣᠯᠤᠨ᠎ᠠ᠃ ᠡᠨᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠨᠢᠭᠡᠨ ᠴᠢᠬᠤᠯᠠ ᠲᠠᠯ᠎ᠠ ᠮᠥᠨ︾ ᠭᠡᠵᠦ ᠵᠢᠭᠠᠵᠤ ᠭᠠᠷᠭᠠᠪᠠ᠃ ᠮᠠᠨ ᠤ ᠤᠯᠤᠰ ᠤᠨ ᠲᠠᠮᠢᠷᠴᠢᠳ ᠤᠨ ᠰᠢᠯᠢᠳᠡᠭ ᠢᠯᠡᠷᠡᠯ ᠨᠢ ᠲᠦᠭ ᠲᠦᠮᠡᠨ ᠠᠷᠠᠳ ᠲᠦᠮᠡᠨ ᠤ ᠪᠡᠶ᠎ᠡ ᠶᠢᠨ ᠲᠠᠮᠢᠷ ᠤᠨ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠠᠢ᠃ ᠢᠷᠡᠭᠡᠳᠦᠢ ᠳᠤ ᠬᠠᠨᠳᠤᠵᠤ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ᠂ ᠪᠦᠬᠦ ᠦᠨᠳᠦᠰᠦᠲᠡᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨᠴᠢ ᠪᠡᠶ᠎ᠡ ᠶᠢᠨ ᠲᠠᠮᠢᠷ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠳᠡᠯᠡᠬᠡᠢ ᠳᠡᠭᠡᠷᠡᠬᠢ ᠦᠷᠢᠰᠦᠯᠳᠦᠬᠦ ᠬᠦᠴᠦᠨ ᠢ ᠴᠢᠩᠭᠠᠳᠬᠠᠬᠤ ᠬᠡᠷᠡᠭᠲᠡᠢ︔ ᠠᠷᠠᠳ ᠲᠦᠮᠡᠨ ᠤ ᠪᠡᠶ᠎ᠡ ᠪᠤᠯᠪᠠᠰᠤᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠬᠥᠮᠦᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠪᠡᠶ᠎ᠡ ᠶᠢᠨ ᠲᠠᠮᠢᠷ ᠤᠨ ᠠᠵᠢᠯ ᠤᠨ ᠡᠭᠦᠰᠦᠯᠳᠡ ᠪᠠ ᠲᠤᠰᠤᠯᠳᠠ ᠪᠣᠯᠭᠠᠵᠤ᠂ ᠪᠡᠶ᠎ᠡ ᠶᠢᠨ ᠲᠠᠮᠢᠷ ᠪᠡᠶ᠎ᠡ ᠪᠤᠯᠪᠠᠰᠤᠷᠠᠭᠤᠯᠬᠤ ᠶᠢ ᠠᠷᠠᠳ ᠲᠦᠮᠡᠨ ᠤ ᠡᠷᠡᠭᠦᠯ ᠴᠢᠭᠢᠷᠠᠭ ᠯᠤᠭ᠎ᠠ ᠤᠶᠠᠯᠳᠤᠭᠤᠯᠤᠨ᠂ ᠪᠥᠬᠦ ᠠᠷᠠᠳ ᠤᠨ ᠪᠡᠶ᠎ᠡ ᠪᠤᠯᠪᠠᠰᠤᠷᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠭᠡᠷᠡᠭᠳᠡᠢ︔ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠪᠦᠬᠦ ᠠᠷᠠᠳ ᠤᠨ ᠪᠡᠶ᠎ᠡ ᠪᠤᠯᠪᠠᠰᠤᠷᠠᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠤ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃         ᠪᠡᠶ᠎ᠡ ᠶᠢᠨ ᠲᠠᠮᠢᠷ ᠪᠣᠯ ᠨᠡᠶᠢᠭᠡᠮ ᠤᠨ ᠬᠥᠭᠵᠢᠯᠲᠡ ᠪᠠ ᠬᠥᠮᠦᠨ ᠲᠥᠷᠥᠯᠬᠢᠲᠡᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ ᠮᠥᠨ᠂ ᠤᠯᠤᠰ ᠤᠨ ᠶᠡᠷᠦᠩᠬᠡᠢ ᠬᠦᠴᠦᠨ ᠪᠠ ᠤᠯᠤᠰ ᠤᠨ ᠵᠥᠭᠡᠯᠡᠨ ᠪᠣᠳᠠᠲᠤ ᠬᠦᠴᠦᠨ ᠤ ᠴᠢᠬᠤᠯᠠ ᠢᠯᠡᠷᠡᠯ ᠮᠥᠨ᠃ ᠪᠢᠳᠡ ᠤᠷᠤᠯᠳᠤᠭᠠᠨ ᠤ ᠪᠡᠶ᠎ᠡ ᠶᠢᠨ ᠲᠠᠮᠢᠷ ᠢᠶᠠᠷ ᠤᠯᠠᠨ ᠲᠦᠮᠡᠨ ᠤ ᠪᠡᠶ᠎ᠡ ᠶᠢᠨ ᠲᠠᠮᠢᠷ ᠪᠠ ᠪᠦᠬᠦ ᠠᠷᠠᠳ ᠤᠨ ᠪᠡᠶ᠎ᠡ ᠪᠤᠯᠪᠠᠰᠤᠷᠠᠭᠤᠯᠬᠤ ᠶᠢ ᠳᠠᠶᠢᠴᠢᠯᠠᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠠᠶᠢᠭᠤᠯᠬᠤ ᠠᠯᠬᠤᠴᠠ ᠪᠠᠨ ᠲᠦᠷᠭᠡᠳᠬᠡᠬᠦ ᠬᠡᠷᠡᠭᠲᠡᠢ᠃ ᠰᠢᠨ᠎ᠡ ᠠᠶᠠᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠡᠬᠡ ᠤᠯᠤᠰ ᠲᠠᠭᠠᠨ ᠢᠷᠠᠭᠤ ᠠᠯᠳᠠᠷ ᠠᠪᠴᠢᠷᠠᠪᠠᠯ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠭᠡᠭᠵᠢᠬᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠨᠡᠩ ᠶᠡᠭᠡ ᠢᠷᠠᠭᠤ ᠠᠯᠳᠠᠷ ᠢ ᠪᠢᠴᠢᠭᠯᠡᠵᠦ ᠴᠢᠳᠠᠨ᠎ᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ