— ᠶᠡᠷᠦᠩᠬᠡᠶ ᠱᠦᠵᠢ ᠰᠢ ᠶᠢᠨ ᠫᠢᠩ ᠤᠨ ᠬᠤᠪᠧᠶ ᠶᠢᠨ ᠱᠢ ᠶᠠᠨ ᠤ ᠳ᠋ᠠᠨ ᠵᠢᠶᠠᠩ ᠺᠸᠦ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠶᠢᠨ ᠳᠤᠷᠠᠴᠤᠳ ᠲᠤ ᠢᠯᠡᠭᠡᠭᠰᠡᠨ ᠬᠠᠷᠢᠭᠤ ᠵᠠᠬᠢᠳᠠᠯ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠪᠠ | ᠪᠦᠬᠦ ᠤᠯᠤᠰ ᠤᠨ ᠬᠤᠶᠠᠳᠤᠭᠠᠷ ᠠᠮᠢ ᠠᠬᠤᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠬᠤᠪᠸᠢ ᠶᠢᠨ ᠱᠢ | ᠶᠠᠨ ᠤ ᠳ᠋ᠠᠨ ᠵᠢᠶᠠᠩ ᠺᠸᠤ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠲᠤᠷᠠᠴᠤᠳ ᠲᠤ ᠬᠠᠷᠢᠭᠤ ᠵᠠᠬᠢᠳᠠᠯ ᠢᠯᠡᠭᠡᠵᠦ᠂ | ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩᠭ᠎ᠠ ᠲᠤᠰᠬᠠᠯ ᠭᠠᠷᠪᠠ᠃ ᠤᠯᠠᠨ ᠢᠶᠠᠷ ᠢᠶᠠᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯ | ᠤᠯᠤᠰ ᠲᠦᠮᠡᠨ ᠳᠤ ᠠᠰᠢᠭᠲᠠᠢ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠪᠠᠰᠠ ᠴᠤ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠰᠢ ᠶᠢᠨ | ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠦᠯ | ᠥᠬᠡᠶ ᠪᠠᠷ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠶᠡᠭᠡ ᠪᠠᠷ ᠪᠠᠳᠠᠷᠠᠭᠤᠯᠵᠤ᠂ ᠨᠠᠩ ᠣᠯᠠᠨ ᠬᠥᠮᠦᠨ ᠢ ᠳᠠᠶᠢᠴᠢᠯᠠᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠦᠢᠯᠡᠰ ᠲᠤ ᠣᠷᠣᠯᠴᠠᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ | ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ᠃ | 8 ᠰᠠᠷ᠎ᠠ ᠶᠢᠨ ᠳ᠋ᠠᠨ ᠵᠢᠶᠠᠩ ᠺᠧᠦ ᠴᠥᠭᠦᠷᠥᠮ ᠳᠤ ᠲᠤᠮᠤ ᠬᠠᠰᠢᠯᠭ᠎ᠠ ᠰᠦᠨᠳᠡᠷᠯᠡᠵᠦ᠂ ᠨᠠᠭᠤᠷ ᠤᠨ ᠤᠰᠤ ᠴᠡᠭᠡᠨ ᠲᠤᠩᠭᠠᠯᠠᠭ ᠪᠠᠶᠢᠯ᠎ᠠ᠃ ᠡᠮᠦᠨᠡᠲᠦ ᠶᠢᠨ | ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠤᠰᠤ ᠨᠡᠪᠲᠡᠷᠡᠭᠰᠡᠨ 10 ᠵᠢᠯ ᠤᠨ ᠲᠤᠷᠰᠢ᠂ ᠰᠠᠶᠢᠨ ᠳᠤᠷᠠᠴᠤᠳ ᠢ ᠪᠠᠭᠲᠠᠭᠠᠭᠰᠠᠨ | ᠥᠷᠭᠡᠨ ᠣᠯᠠᠨ ᠺᠠᠳ᠋ᠷ ᠣᠯᠠᠨ ᠲᠦᠮᠡᠨ ᠤᠰᠤ ᠵᠠᠰᠠᠵᠤ ᠤᠰᠤ ᠬᠠᠮᠠᠭᠠᠯᠠᠬᠤ ᠠᠵᠢᠯ ᠳᠤ ᠢᠳᠡᠪᠬᠢᠲᠡᠶ ᠣᠷᠣᠯᠴᠠᠵᠤ᠂ ᠳᠤᠮᠳᠠ ᠱᠤᠭᠤᠮ ᠤᠨ ᠪᠠᠷᠢᠯᠭ᠎ᠠ ᠶᠢᠨ ᠴᠢᠬᠤᠯᠠ | ᠤᠰᠤᠨ ᠰᠤᠷᠪᠤᠯᠵᠢ ᠶᠢᠨ ᠭᠠᠵᠠᠷ ᠪᠤᠯᠬᠤ ᠳ᠋ᠠᠨ ᠵᠢᠶᠠᠩ ᠺᠧᠦ ᠤᠰᠤᠨ ᠴᠥᠭᠦᠷᠥᠮ ᠤᠨ ᠤᠰᠤᠨ ᠤ ᠴᠢᠨᠠᠷ ᠢ Ⅱ ᠲᠥᠷᠥᠯ ᠵᠢᠴᠢ ᠲᠡᠭᠦᠨ ᠠᠴᠠ ᠳᠡᠭᠡᠭᠰᠢᠬᠢ | ᠪᠠᠷᠢᠮᠵᠢᠶ᠎ᠠ ᠳᠤ ᠲᠣᠭᠲᠠᠪᠤᠷᠢᠵᠢᠭᠤᠯᠪᠠ᠃ | 54 ᠨᠠᠰᠤᠲᠠᠢ ᠦ᠋ ᠶᠤᠸᠠᠨ ᡁᠢ ᠪᠣᠯ ᠬᠤᠪᠸᠢ ᠶᠢᠨ ᠳ᠋ᠠᠨ ᠵᠢᠶᠠᠩ ᠺᠸᠤ ᠬᠤᠳᠠ ᠶᠢᠨ ᠯᠠᠩ ᠾᠧ ᠪᠠᠯᠭᠠᠰᠤᠨ ᠤ ᠯᠠᠩ ᠾᠧ ᠺᠸᠤ ᠲᠣᠰᠬᠤᠨ ᠤ ᠠᠷᠠᠳ | ᠪᠣᠯᠤᠨ᠎ᠠ᠂ ᠡᠩ ᠤᠨ ᠦᠶ᠎ᠡ ᠳᠤ ᠣᠩᠭᠤᠴᠠ ᠰᠡᠯᠢᠵᠦ᠂ ᠤᠰᠤᠨ ᠳᠡᠭᠡᠷᠡᠬᠢ ᠮᠣᠳᠣᠨ ᠨᠠᠪᠴᠢ ᠵᠡᠷᠭᠡ ᠡᠯᠳᠡᠪ ᠪᠣᠳᠠᠰ ᠢ ᠱᠦᠭᠦᠵᠦ ᠭᠠᠷᠭᠠᠳᠠᠭ᠃ ᠲᠡᠷᠡ ᠡᠶᠢᠮᠦ | ᠰᠠᠶᠢᠨ ᠳᠤᠷ᠎ᠠ ᠶᠢᠨ ᠠᠵᠢᠯᠯᠠᠭ᠎ᠠ ᠬᠢᠭᠡᠳ ᠨᠢᠭᠡᠨᠲᠡ ᠣᠯᠠᠨ ᠵᠢᠯ ᠪᠣᠯᠪᠠ᠃ | ︽ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠲᠤᠷᠠᠴᠤᠳ ᠬᠠᠮᠲᠤ ᠪᠠᠷ ᠶᠡᠷᠦᠩᠬᠡᠶ ᠱᠦᠵᠢ ᠳᠤ ᠵᠠᠬᠢᠳᠠᠯ ᠪᠢᠴᠢᠵᠦ᠂ | ᠤᠰᠤ ᠰᠠᠬᠢᠵᠤ ᠤᠰᠤ ᠬᠠᠮᠠᠭᠠᠯᠠᠬᠤ ᠰᠠᠶᠢᠨ ᠳᠤᠷ᠎ᠠ ᠶᠢᠨ ᠦᠢᠯᠡᠴᠢᠯᠡᠭᠡ ᠬᠢᠵᠦ ᠪᠠᠶᠢᠭ᠎ᠠ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠪᠡ᠃ ᠶᠡᠷᠦᠩᠬᠡᠢ ᠱᠦᠵᠢ ᠶᠢᠨ | ᠬᠠᠷᠢᠭᠤ ᠵᠠᠬᠢᠳᠠᠯ ᠢ ᠤᠯᠤᠭᠠᠳ ᠤᠯᠠᠨ ᠢᠶᠠᠷ ᠢᠶᠠᠨ ᠮᠠᠰᠢ ᠤᠷᠮᠠᠰᠢᠨ ᠵᠣᠷᠢᠭᠵᠢᠪᠠ︾ ᠭᠡᠵᠦ ᠡᠦ ᠶᠤᠸᠠᠨ ᡁᠢ ᠬᠡᠯᠡᠭᠰᠡᠨ ᠢᠶᠠᠨ ᠵᠠᠯᠭᠠᠭᠠᠳ᠄ ︽ᠦᠨᠳᠦᠰᠦᠨ | ᠱᠠᠲᠤᠨ ᠤ ᠰᠠᠶᠢᠨ ᠲᠤᠷ᠎ᠠ ᠶᠢᠨ ᠠᠵᠢᠯᠯᠠᠬᠴᠢ ᠪᠣᠯᠤᠭᠰᠠᠨ ᠤ ᠬᠤᠪᠢ ᠳᠤ ᠪᠢ ᠮᠠᠰᠢ ᠣᠮᠣᠭᠰᠢᠵᠤ ᠪᠠᠶᠢᠨ᠎ᠠ᠃ ᠡᠳᠡᠭᠡᠷ ᠵᠢᠯ ᠤᠳ ᠲᠤ᠂ ᠨᠡᠩ ᠤᠯᠠᠨ ᠬᠥᠮᠦᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠲᠤ ᠣᠷᠣᠯᠴᠠᠵᠤ᠂ ᠰᠠᠶᠢᠨ ᠳᠤᠷ᠎ᠠ ᠶᠢᠨ ᠡᠩᠨᠡᠭᠡ ᠲᠠᠰᠤᠷᠠᠯᠳᠠ ᠦᠭᠡᠢ ᠪᠤᠵᠠᠭᠠᠶᠢᠷᠠᠵᠠᠢ︾ ᠭᠡᠪᠡ᠃ | ᠰᠠᠶᠢᠨ ᠳᠤᠷ᠎ᠠ ᠶᠢᠨ ᠦᠢᠯᠡᠴᠢᠯᠡᠭᠡ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠳᠤᠲᠠᠭᠳᠠᠵᠤ ᠪᠣᠯᠤᠰᠢ ᠦᠭᠡᠢ ᠴᠢᠬᠤᠯᠠ | ᠬᠦᠴᠦᠨ ᠮᠥᠨ᠃ | ᠳ᠋ᠠᠨ ᠵᠢᠶᠠᠩ ᠺᠸᠤ ᠬᠤᠳᠠ ᠶᠢᠨ ᠰᠢᠨ ᠭᠠᠩ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠠᠮᠢᠶᠠᠷᠤᠯᠲᠠ ᠶᠢᠨ ᠭᠠᠵᠠᠷ ᠤᠨ ᠰᠢᠨ ᠭᠠᠩ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠵᠢᠶᠠᠩ ᠳ᠋ᠧ ᠰᠢᠨ ᠥᠩᠭᠡᠷᠡᠭᠰᠡᠨ ᠳᠤ ᠨᠢᠭᠡᠨ ᠵᠢᠭᠠᠰᠤᠴᠢᠨ ᠪᠠᠶᠢᠵᠠᠢ᠂ ᠲᠤᠬᠠᠢ ᠶᠢᠨ ᠭᠠᠵᠠᠷ ᠲᠤ ᠵᠢᠭᠠᠰᠤ ᠠᠩᠨᠠᠬᠤ ᠪᠠᠨ | ᠪᠤᠯᠢᠬᠰᠠᠨ ᠤ ᠳᠠᠷᠠᠭ᠎ᠠ᠂ ᠬᠦᠪᠦᠮᠡᠯ ᠪᠤᠳᠠᠰ ᠢ ᠴᠡᠪᠡᠷᠯᠡᠭᠦ ᠰᠠᠶᠢᠨ ᠲᠤᠷ᠎ᠠ ᠶᠢᠨ ᠠᠵᠢᠯᠯᠠᠬᠴᠢ ᠪᠣᠯᠵᠠᠢ᠃ ᠵᠢᠶᠠᠩ ᠳ᠋ᠧ ᠰᠢᠨ ᠬᠡᠯᠡᠭᠦ ᠳᠡᠭᠡᠨ᠂ ᠶᠡᠷᠦᠩᠬᠡᠢ ᠱᠦᠵᠢ | ᠬᠠᠷᠢᠭᠤ ᠵᠠᠬᠢᠳᠠᠯ ᠳᠠᠭᠠᠨ ︽ᠴᠥᠭᠦᠷᠥᠮ ᠤᠨ ᠣᠷᠣᠨ ᠤ ᠤᠰᠤ ᠨᠡᠩ ᠲᠤᠩᠭᠠᠯᠠᠭ᠂ ᠠᠭᠤᠯᠠ ᠨᠡᠩ ᠨᠣᠭᠤᠭᠠᠨ᠂ ᠣᠷᠴᠢᠨ ᠲᠣᠭᠤᠷᠢᠨ ᠨᠡᠩ ᠭᠤᠶᠤ ᠰᠠᠶᠢᠬᠠᠨ | ᠪᠣᠯᠵᠠᠢ︾ ᠭᠡᠵᠦ ᠮᠠᠭᠲᠠᠭᠰᠠᠨ ᠨᠢ ᠰᠠᠶᠢᠨ ᠲᠤᠷᠠᠴᠤᠳ ᠤᠨ ᠠᠵᠢᠯ ᠢ ᠬᠠᠮᠤᠭ ᠤᠨ ᠶᠡᠭᠡ ᠪᠠᠷ ᠨᠤᠲᠠᠯᠠᠭᠰᠠᠨ ᠶᠠᠪᠤᠳᠠᠯ ᠪᠣᠯᠤᠨ᠎ᠠ᠃ ︽ᠪᠢ ᠡᠨᠡ ᠵᠢᠯ 63 ᠨᠠᠰᠤᠲᠠᠢ᠂ | ᠪᠡᠶ᠎ᠡ ᠮᠠᠰᠢ ᠰᠠᠶᠢᠨ᠂ ᠪᠠᠰᠠ ᠦᠷᠭᠦᠯᠵᠢᠯᠡᠨ ᠬᠢᠬᠦ ᠰᠠᠨᠠᠭ᠎ᠠ ᠲᠠᠢ︾ ᠭᠡᠪᠡ᠃ ᠲᠡᠷᠡ᠂ ᠤᠯᠠᠨ ᠢᠶᠠᠷ ᠢᠶᠠᠨ ᠢᠲᠡᠭᠡᠯ ᠵᠣᠷᠢᠭ ᠢᠶᠠᠨ ᠨᠡᠩ ᠪᠠᠲᠤᠳᠬᠠᠵᠤ᠂ ᠰᠡᠳᠬᠢᠯ | ᠲᠠᠯᠪᠢᠨ ᠬᠥᠬᠡᠮᠳᠦᠭ ᠤᠰᠤ ᠪᠠᠨ ᠰᠠᠬᠢᠨ ᠬᠠᠮᠠᠭᠠᠯᠠᠨ᠎ᠠ ᠭᠡᠪᠡ᠃ | ᠥᠪᠥᠷ ᠮᠣᠩᠭᠤᠯ ᠤᠨ ᠤᠯᠠᠭᠠᠨᠬᠠᠳᠠ ᠬᠤᠳᠠ ᠶᠢᠨ ᠠᠤᠬᠠᠨ ᠬᠤᠰᠢᠭᠤᠨ ᠤ ᠳ᠋ᠠ ᠾᠧᠢ ᠱᠠᠨ ᠤᠢ ᠰᠢᠭᠤᠢ ᠶᠢᠨ ᠲᠠᠯᠠᠪᠠᠢ ᠶᠢᠨ ᠠᠮᠢ ᠠᠬᠤᠢ ᠶᠢᠨ ᠤᠢ | ᠬᠠᠮᠠᠭᠠᠯᠠᠭᠴᠢ ᠯᠢᠨ ᠱᠤ᠋ ᠴᠦᠨ ᠳᠤ ᠠᠪᠴᠤ ᠬᠡᠯᠡᠪᠡᠯ᠂ ᠤᠢᠢᠷ᠎ᠠ ᠶᠢᠨ 30 ᠵᠢᠯ ᠳᠤ ᠥᠨᠳᠥᠷ ᠠᠭᠤᠯᠠᠨ ᠳᠤ ᠪᠠᠶᠢᠩᠭᠤ ᠰᠠᠭᠤᠵᠤ ᠤᠢ ᠰᠢᠭᠤᠢ ᠶᠢ ᠰᠠᠬᠢᠵᠤ ᠬᠦᠴᠦ | ᠬᠥᠯᠥᠰᠥ ᠪᠠᠨ ᠤᠷᠤᠰᠬᠠᠵᠤ᠂ ᠡᠨᠡᠬᠦ ᠠᠮᠢ ᠠᠬᠤᠢ ᠶᠢᠨ ᠬᠠᠯᠬᠠᠪᠴᠢ ᠶᠢᠨ ᠨᠣᠭᠤᠭᠠᠨ ᠦᠩᠬᠡ ᠶᠢ ᠰᠣᠯᠢᠵᠤ ᠠᠪᠴᠢᠷᠠᠭᠰᠠᠨ ᠨᠢ ᠲᠡᠭᠦᠨ ᠳᠤ ᠮᠠᠰᠢ ᠢᠷᠠᠭᠤ | ᠠᠯᠳᠠᠷ ᠲᠠᠢ ᠰᠠᠨᠠᠭᠳᠠᠵᠤ ᠪᠠᠶᠢᠪᠠ᠃ | ︽ᠣᠳᠣᠬᠠᠨ ᠳᠤ᠂ ᠤᠯᠠᠮ ᠠᠴᠠ ᠤᠯᠠᠨ ᠲᠣᠰᠬᠤᠨ ᠤ ᠠᠷᠠᠳ ᠪᠦᠷ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠦᠷᠭᠦᠯᠵᠢ | ᠠᠯᠪᠠᠨ ᠵᠢᠷᠤᠮ ᠢᠶᠠᠷ ᠠᠭᠤᠯᠠ ᠴᠠᠭᠳᠠᠵᠤ᠂ ᠰᠢᠷᠬᠠᠲᠤᠭᠰᠠᠨ ᠵᠡᠷᠯᠢᠭ ᠠᠮᠢᠳᠠᠨ ᠢ ᠣᠯᠵᠤ ᠮᠡᠳᠡᠪᠡᠯ ᠰᠠᠨᠠᠭᠠᠴᠢᠯᠠᠭ᠎ᠠ ᠠᠴᠠ ᠪᠠᠨ ᠤᠲᠠᠰᠤ ᠪᠠᠷ ᠬᠠᠷᠢᠯᠴᠠᠵᠤ ᠠᠪᠤᠷᠠᠨ | ᠲᠤᠰᠠᠯᠠᠵᠤ ᠪᠠᠶᠢᠨ᠎ᠠ︾ ᠭᠡᠵᠦ ᠯᠢᠨ ᠱᠤ᠋ ᠴᠦᠨ ᠬᠡᠯᠡᠭᠰᠡᠨ ᠢᠶᠠᠨ ᠵᠠᠯᠭᠠᠭᠠᠳ᠂ ᠪᠢᠳᠡ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ | ᠪᠠᠳᠠᠷᠠᠭᠤᠯᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠨᠡᠩ ᠤᠯᠠᠨ ᠬᠥᠮᠦᠨ ᠢ ᠳᠠᠶᠢᠴᠢᠯᠠᠨ ᠬᠠᠮᠲᠤ ᠪᠠᠷ ᠳ᠋ᠠ ᠾᠧᠢ ᠱᠠᠨ ᠠᠭᠤᠯᠠ ᠶᠢ ᠰᠠᠬᠢᠨ ᠬᠠᠮᠠᠭᠠᠯᠠᠨ᠎ᠠ | ᠭᠡᠪᠡ᠃ | ᠣᠳᠣᠬᠠᠨ ᠳᠤ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠨᠢᠭᠡᠨᠲᠡ ᠤᠮᠠᠷᠠᠲᠤ ᠣᠷᠣᠨ ᠳᠤ 740 ᠭᠠᠷᠤᠢ ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠤᠰᠤ ᠲᠠᠲᠠᠵᠤ᠂ 1.76 ᠳ᠋ᠦᠩᠰᠢᠭᠤᠷ ᠬᠥᠮᠦᠨ ᠰᠢᠭᠤᠳ ᠠᠰᠢᠭ ᠬᠦᠷᠳᠡᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ | ᠢᠨᠵᠧᠨᠧᠷᠢᠩ ᠤᠨ ᠨᠡᠩ ᠤᠯᠠᠨ ᠵᠠᠯᠭᠠᠮᠵᠢ ᠢᠨᠵᠧᠨᠧᠷᠢᠩ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠶᠠᠭ ᠲᠦᠷᠭᠡᠳᠬᠡᠨ ᠠᠬᠢᠭᠤᠯᠵᠤ ᠪᠠᠶᠢᠨ᠎ᠠ᠃ | ︽ᠶᠡᠷᠦᠩᠬᠡᠢ ᠱᠦᠵᠢ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠨᠢ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ᠂ ᠠᠯᠤᠰ ᠬᠡᠳᠦ ᠶᠢᠨ | ᠬᠥᠭᠵᠢᠯᠲᠡ ᠪᠣᠯᠤᠨ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠨ᠎ᠠ᠃ ᠪᠢᠳᠡ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠭᠡ ᠭᠡᠷᠡᠯᠲᠡᠢ ᠭᠡᠳᠡᠭ ᠢ | ᠭᠦᠨᠵᠡᠭᠡᠢ ᠮᠡᠳᠡᠷᠡᠵᠦ ᠪᠠᠶᠢᠨ᠎ᠠ ᠭᠡᠵᠦ ᠴᠢᠬᠤᠯᠠᠴᠢᠯᠠᠪᠠ︾᠃ ᠳᠤᠮᠳᠠᠳᠤ ᠤᠯᠤᠰ ᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠦᠯᠦᠭᠯᠡᠯ ᠤᠨ ᠳᠤᠮᠳᠠ | ᠱᠤᠭᠤᠮ ᠤᠨ ᠬᠢᠵᠠᠭᠠᠷᠲᠤ ᠺᠣᠮᠫᠠᠨᠢ ᠶᠢᠨ ᠪᠡᠭᠡᠵᠢᠩ ᠤᠨ ᠬᠤᠪᠢᠶᠠᠷᠢ ᠺᠣᠮᠫᠠᠨᠢ ᠶᠢᠨ ᠾᠦᠢ ᠨᠠᠨ ᠵᠤᠸᠠᠩ ᠤᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠯᠢᠶᠠᠩ ᠸᠠᠨ | ᠫᠢᠩ᠄ ︽ᠪᠢᠳᠡ ᠶᠡᠷᠦᠩᠬᠡᠶ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠰᠤᠨ ᠤ ᠴᠢᠨᠠᠷ ᠢ ᠬᠢᠨᠠᠨ ᠬᠡᠮᠵᠢᠬᠦ ᠪᠠ ᠤᠰᠤᠨ ᠤ | ᠴᠢᠨᠠᠷ ᠢ ᠬᠠᠮᠠᠭᠠᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠳᠠᠭᠠᠨ ᠳᠠᠭᠠᠭᠠᠮᠠᠭᠠᠶ ᠵᠢᠳᠬᠦᠨ ᠴᠢᠷᠮᠠᠶᠢᠵᠤ᠂ ᠴᠢᠳᠠᠮᠠᠭᠠᠶ ᠠᠵᠢᠯᠯᠠᠨ ᠴᠢᠳᠠᠮᠠᠭᠠᠶ | ᠪᠦᠲᠦᠭᠡᠵᠦ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ᠂ ᠤᠰᠤᠨ ᠤ ᠴᠢᠨᠠᠷ ᠤᠨ | ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ︾ ᠭᠡᠵᠦ ᠬᠦᠨ ᠲᠦᠷᠦᠭᠲᠡᠯ ᠲᠠᠢ ᠬᠡᠯᠡᠪᠡ᠃ | ᠪᠦᠷᠢᠳᠬᠡᠯ ᠢ ᠦᠨᠳᠦᠰᠦᠯᠡᠪᠡᠯ᠂ ︽ᠡᠮᠦᠨᠡᠲᠦ ᠶᠢᠨ ᠤᠰᠤ︾ ᠨᠢ ᠨᠢᠭᠡᠨᠲᠡ ᠪᠡᠭᠡᠵᠢᠩ ᠤᠨ ᠭᠤᠣᠯ ᠪᠤᠯᠬᠤ ᠤᠰᠤ ᠬᠠᠩᠭᠠᠬᠤ ᠤᠰᠤᠨ ᠰᠤᠷᠪᠤᠯᠵᠢ | ᠪᠣᠯᠤᠭᠰᠠᠨ ᠪᠠᠶᠢᠨ᠎ᠠ᠃ ︽ᠡᠮᠦᠨᠡᠲᠦ ᠶᠢᠨ ᠤᠰᠤ︾ ᠪᠡᠭᠡᠵᠢᠩ ᠳᠤ ᠤᠷᠤᠭᠰᠠᠨ ᠠᠴᠠ ᠨᠠᠭᠠᠰᠢ᠂ ᠪᠡᠭᠡᠵᠢᠩ ᠬᠤᠲᠠ ᠶᠢᠨ ᠵᠢᠯ ᠤᠨ ᠬᠥᠮᠦᠨ ᠳᠤᠮᠳᠠᠴᠢ ᠶᠢᠨ | ᠤᠰᠤᠨ ᠤ ᠡᠬᠢ ᠪᠠᠶᠠᠯᠢᠭ ᠤᠨ ᠬᠡᠮᠵᠢᠶ᠎ᠡ ᠶᠡᠭᠡ ᠪᠠᠷ ᠳᠡᠭᠡᠭᠰᠢᠯᠡᠪᠡ᠃ | ᠪᠡᠭᠡᠵᠢᠩ ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠤᠰᠤ ᠬᠠᠩᠭᠠᠬᠤ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠵᠧᠤ ᠵᠧᠩ | ᠬᠡᠯᠡᠭᠦ ᠳᠡᠭᠡᠨ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠠᠰᠢᠭ ᠬᠦᠷᠲᠡᠭᠴᠢ ᠪᠣᠯᠤᠭᠰᠠᠨ ᠤ ᠬᠤᠪᠢ ᠳᠤ᠂ ᠶᠡᠷᠦᠩᠬᠡᠶ ᠱᠦᠵᠢ ᠶᠢᠨ | ᠳᠤᠷᠠᠳᠤᠭᠰᠠᠨ ︽ᠨᠠᠩ ᠣᠯᠠᠨ ᠬᠥᠮᠦᠨ ᠢ ᠳᠠᠶᠢᠴᠢᠯᠠᠨ ᠤᠬᠠᠮᠰᠠᠷ ᠠᠴᠠ ᠪᠠᠨ ᠤᠰᠤ ᠰᠠᠬᠢᠵᠤ ᠤᠰᠤ ᠬᠠᠮᠠᠭᠠᠯᠠᠵᠤ ᠤᠰᠤ ᠠᠷᠪᠢᠯᠠᠬᠤ ᠬᠡᠷᠡᠭᠲᠡᠢ︾ ᠭᠡᠰᠡᠨ ᠢ ᠴᠠᠭ | ᠢᠮᠠᠭᠲᠠ ᠰᠡᠳᠬᠢᠯ ᠳᠡᠭᠡᠨ ᠪᠤᠳᠤᠵᠤ᠂ ᠳᠤᠰᠤᠯ ᠤᠰᠤ ᠢ ᠬᠢᠯᠪᠠᠷ ᠪᠤᠰᠤ ᠪᠠᠷ ᠣᠯᠤᠭᠰᠠᠨ ︽ᠡᠮᠦᠨᠡᠲᠦ ᠶᠢᠨ ᠤᠰᠤ︾ ᠶᠢ ᠰᠠᠶᠢᠲᠤᠷ ᠬᠡᠷᠡᠭᠯᠡᠬᠦ ᠬᠡᠷᠡᠭᠲᠡᠶ᠃ ᠤᠰᠤ | ᠦᠢᠯᠡᠳᠬᠦ ᠪᠠ ᠤᠰᠤ ᠲᠤᠬᠢᠷᠠᠭᠤᠯᠬᠤ ᠲᠠᠯ᠎ᠠ ᠲᠤ ᠦᠷᠭᠦᠯᠵᠢᠯᠡᠨ ᠬᠦᠴᠦ ᠣᠷᠣᠭᠤᠯᠵᠤ᠂ ᠤᠰᠤᠨ ᠤ ᠦᠢᠯᠡᠳᠪᠦᠷᠢ ᠶᠢᠨ ᠰᠢᠢᠳᠪᠦᠷᠢᠯᠡᠬᠦ ᠤᠷ᠎ᠠ ᠮᠡᠷᠭᠡᠰᠢᠯ ᠢ | ᠰᠠᠶᠢᠵᠢᠷᠠᠭᠤᠯᠬᠤ᠂ ᠬᠠᠭᠤᠴᠢᠨ ᠬᠤᠭᠤᠯᠠᠢ ᠶᠢᠨ ᠲᠣᠣᠷ ᠢ ᠥᠭᠡᠷᠡᠴᠢᠯᠡᠬᠦ᠂ ᠤᠰᠤ ᠬᠠᠩᠭᠠᠬᠤ ᠪᠠᠭ᠎ᠠ ᠲᠣᠭᠤᠷᠢᠭ ᠢ ᠥᠪᠡᠷ ᠲᠡᠭᠡᠨ ᠪᠥᠳᠥᠭᠡᠨ ᠪᠠᠶᠢᠭᠤᠯᠬᠤ ᠪᠠ | ᠨᠢᠭᠡᠴᠡ ᠶᠢᠨ ᠤᠰᠤᠨ ᠰᠤᠷᠪᠤᠯᠵᠢ ᠶᠢ ᠰᠣᠯᠢᠬᠤ ᠵᠡᠷᠭᠡ ᠠᠷᠭ᠎ᠠ ᠬᠡᠮᠵᠢᠶ᠎ᠡ ᠶᠢ ᠪᠡᠶᠡᠯᠡᠭᠦᠯᠬᠦ ᠪᠠᠷ ᠳᠠᠮᠵᠢᠭᠤᠯᠤᠨ᠂ ︽ᠡᠮᠦᠨᠡᠲᠦ ᠶᠢᠨ ᠤᠰᠤ︾ ᠶᠢᠨ ᠬᠠᠩᠭᠠᠬᠤ ᠤᠰᠤᠨ | ᠤ ᠴᠢᠨᠠᠷ ᠢ ᠦᠨᠡᠨᠬᠦ ᠪᠠᠲᠤᠯᠠᠵᠤ᠂ ︽ᠡᠮᠦᠨᠡᠲᠦ ᠶᠢᠨ ᠤᠰᠤ︾ ᠶᠢ ᠠᠰᠢᠭᠯᠠᠬᠤ ᠦᠷ᠎ᠡ ᠪᠦᠲᠦᠮᠵᠢ ᠶᠢ ᠲᠡᠭᠡᠭᠰᠢᠯᠡᠭᠦᠯᠭᠦ ᠬᠡᠷᠡᠭᠲᠡᠢ ᠬᠡᠪᠡ᠃ | ᠱᠠᠨᠰᠢ ᠶᠢᠨ ᠹᠦ᠋ ᠫᠢᠩ ᠰᠢᠶᠠᠨ ᠤ ᠴᠢ ᠼᠦᠨ ᠪᠠᠯᠭᠠᠰᠤ ᠶᠢᠨ ᠵᠢᠶᠧ ᠽᠢ ᠲᠣᠰᠬᠤᠨ ᠳᠤ ᠬᠦᠷᠬᠦ ᠳᠤ᠂ ᠮᠢᠩᠭ᠎ᠠ ᠰᠢᠬᠠᠮ ᠮᠦ ᠯᠢᠩᠬᠸ᠎ᠠ ᠴᠡᠴᠡᠭ ᠭᠤᠣᠯ ᠤᠨ | ᠤᠷᠤᠰᠬᠠᠯ ᠳᠤᠮᠳᠠ ᠲᠡᠯᠭᠡᠷᠡᠭᠰᠡᠨ ᠪᠠᠶᠢᠪᠠ᠃ | ︽ᠠᠳᠡ ᠥᠩᠭᠡᠷᠡᠭᠰᠡᠨ ᠳᠤ ᠨᠢᠭᠡᠨ ᠬᠠᠳᠠᠵᠤ ᠰᠢᠷᠭᠢᠭᠡᠳ ᠤᠨ ᠤᠳᠠᠬᠰᠠᠨ ᠬᠠᠭᠤᠴᠢᠨ ᠭᠤᠣᠯ ᠤᠨ ᠵᠠᠮ ᠪᠠᠶᠢᠵᠠᠢ᠃ ᠤᠢᠢᠷ᠎ᠠ ᠶᠢᠨ ᠵᠢᠯ ᠠᠴᠠ ᠨᠠᠭᠠᠰᠢ᠂ | ᠰᠢᠶᠠᠨ ᠠᠴᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠤᠰᠤ | ᠨᠥᠬᠦᠪᠥᠷᠢᠯᠡᠬᠦ ᠪᠠ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠵᠢᠯ ᠰᠢᠷᠭᠢᠭᠰᠡᠨ ᠪᠤᠯᠠᠭ ᠢ ᠲᠠᠬᠢᠨ | ᠣᠷᠭᠢᠯᠤᠭᠤᠯᠵᠤ᠂ ᠹᠦ᠋ ᠫᠢᠩ ᠤᠨ ᠯᠢᠩᠬᠸ᠎ᠠ ᠶᠢᠨ ᠦᠨᠳᠦᠰᠦ ᠵᠡᠷᠭᠡ ᠠᠵᠤ ᠦᠢᠯᠡᠰ ᠴᠦ ᠬᠦᠭᠵᠢᠭᠰᠡᠨ ᠶᠤᠮ︾ ᠭᠡᠵᠦ ᠵᠢᠶᠧ ᠽᠢ ᠲᠣᠰᠬᠤᠨ ᠤ ᠨᠠᠮ ᠤᠨ ᠡᠭᠦᠷ ᠤᠨ | ᠱᠦᠵᠢ ᠬᠤ᠋ ᠭᠦᠸᠧ ᠱᠧᠩ ᠬᠡᠯᠡᠭᠰᠡᠨ ᠢᠶᠠᠨ ᠵᠠᠯᠭᠠᠭᠠᠳ᠂ ᠶᠡᠷᠦᠩᠬᠡᠢ ᠱᠦᠵᠢ ᠰᠢ ᠶᠢᠨ ᠫᠢᠩ ᠤᠯᠠᠨ ᠢ ︽ᠬᠥᠬᠡᠮᠳᠦᠭ ᠨᠣᠭᠤᠭᠠᠨ ᠠᠭᠤᠯᠠ ᠤᠰᠤ ᠲᠠᠢ᠂ ᠠᠭᠠᠷ | ᠡᠭᠦᠷᠢᠲᠡ ᠴᠡᠯᠮᠡᠭ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠭᠠᠷ ᠬᠤᠯᠪᠣᠨ ᠪᠦᠲᠦᠭᠡᠨ ᠪᠠᠶᠢᠭᠤᠯᠤᠶ᠎ᠠ︾ ᠭᠡᠵᠦ ᠤᠷᠢᠶᠠᠯᠠᠪᠠ᠂ ᠪᠢᠳᠡ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠵᠠᠮᠨᠠᠵᠤ᠂ ᠠᠮᠢ ᠠᠬᠤᠢ ᠶᠢᠨ ᠳᠠᠪᠠᠭᠤᠯᠢᠭ ᠢ ᠲᠠᠰᠤᠷᠠᠯᠲᠠ ᠦᠭᠡᠢ ᠬᠥᠭᠵᠢᠯᠲᠡ ᠶᠢᠨ | ᠳᠠᠪᠠᠭᠤᠯᠢᠭ ᠪᠣᠯᠭᠠᠨ ᠬᠤᠪᠢᠷᠠᠭᠤᠯᠤᠨ᠎ᠠ ᠭᠡᠪᠡ᠃ | 2024 ᠣᠨ ᠤ ᠪᠥᠬᠦ ᠤᠯᠤᠰ ᠤᠨ ᠠᠮᠢ ᠠᠬᠤᠶ ᠶᠢᠨ ᠡᠳᠦᠷ ᠤᠨ ᠭᠤᠤᠯ ᠲᠠᠯᠠᠪᠤᠷ ᠤᠨ ᠠᠵᠢᠯᠯᠠᠭ᠎ᠠ 8 ᠰᠠᠷ᠎ᠠ ᠶᠢᠨ 15 ᠤ ᠡᠳᠦᠷ ᠹᠦᠵᠢᠶᠠᠨ ᠤ | ᠰᠠᠨᠮᠢᠩ ᠬᠤᠲᠠ ᠳᠤ ᠶᠠᠪᠤᠭᠳᠠᠬᠤ ᠪᠣᠯᠤᠨ᠎ᠠ᠃ ᠤᠢᠢᠷ᠎ᠠ ᠶᠢᠨ ᠵᠢᠯ ᠠᠴᠠ ᠨᠠᠭᠠᠰᠢ᠂ ᠰᠠᠨᠮᠢᠩ ᠬᠤᠳᠠ ︽ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠨᠡᠩ ᠰᠠᠶᠢᠵᠢᠷᠠᠭᠤᠯᠬᠤ ᠠᠴᠠ ᠪᠢᠰᠢ ᠮᠠᠭᠤᠳᠠᠭᠤᠯᠵᠤ ᠪᠤᠯᠬᠤ ᠦᠭᠡᠢ︾ ᠭᠡᠬᠦ ᠬᠤᠷᠢᠭ᠎ᠠ ᠱᠤᠭᠤᠮ ᠢ ᠴᠢᠩᠭ᠎ᠠ ᠰᠠᠬᠢᠵᠤ᠂ 2023 ᠣᠨ ᠳᠤ ᠪᠦᠬᠦ ᠬᠤᠳᠠ ᠶᠢᠨ | ᠠᠭᠠᠷ ᠤᠨ ᠴᠢᠨᠰᠠᠭ᠎ᠠ ᠶᠢᠨ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ ᠶᠢᠨ ᠬᠠᠷᠢᠴᠠᠯ 100% ᠳᠤ ᠬᠦᠷᠴᠦ᠂ ᠭᠤᠣᠯ ᠰᠠᠪᠠ ᠭᠠᠵᠠᠷ ᠤᠨ | ᠣᠭᠲᠣᠯᠤᠭᠠᠰᠤ ᠶᠢᠨ ᠤᠰᠤᠨ ᠤ ᠴᠢᠨᠠᠷ 100% ᠳᠤ ᠬᠦᠷᠦᠭᠰᠡᠨ ᠪᠠᠶᠢᠨ᠎ᠠ᠃ | ᠰᠠᠨᠮᠢᠩ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠶᠡᠷᠦᠩᠬᠡᠢ | ᠢᠨᠵᠧᠨᠧᠷ ᠳ᠋ᠧᠩ ᠴᠤᠤ ᠰᠢᠶᠠᠩ ᠬᠡᠯᠡᠭᠦ ᠳᠡᠭᠡᠨ᠂ ᠶᠡᠷᠦᠩᠬᠡᠢ ᠱᠦᠵᠢ ᠬᠠᠷᠢᠭᠤ ᠵᠠᠬᠢᠳᠠᠯ ᠳᠠᠭᠠᠨ ︽ᠬᠥᠮᠦᠨ ᠬᠢᠭᠡᠳ ᠡᠭᠡ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ︾ ᠭᠡᠵᠦ ᠱᠠᠭᠠᠷᠳᠠᠪᠠ᠂ ᠪᠢᠳᠡ ᠬᠦᠬᠡ ᠣᠭᠲᠠᠷᠭᠤᠢ᠂ ᠬᠥᠬᠡᠮᠳᠦᠭ | ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠠᠷᠠᠳ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠤᠯᠠᠮ ᠴᠢᠨᠠᠭᠰᠢᠳᠠ ᠬᠥᠭᠵᠢᠭᠡᠵᠦ᠂ ᠨᠡᠩ ᠤᠯᠠᠨ ᠠᠷᠠᠳ ᠲᠦᠮᠡᠨ ᠢ ︽ᠠᠮᠢ ᠠᠬᠤᠢ | ᠦᠵᠡᠰᠬᠦᠯᠡᠩᠲᠦ ᠰᠠᠶᠢᠬᠠᠨ᠂ ᠠᠷᠠᠳ ᠢᠷᠭᠡᠳ ᠪᠠᠶᠠᠨ ᠴᠢᠨᠡᠭᠡᠯᠢᠭ︾ ᠪᠠᠶᠢᠬᠤ ᠰᠠᠷᠠᠭᠤᠯ ᠳᠠᠷᠳᠠᠩ ᠵᠠᠮ ᠢᠶᠠᠷ ᠵᠠᠮᠨᠠᠭᠤᠯᠤᠨ᠎ᠠ ᠭᠡᠪᠡ᠃ | ︵ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 14 ᠤ ᠡᠳᠦᠷ ᠤᠨ ᠮᠡᠳᠡᠭᠡ︶ | |