ᠸᠠᠩ ᠯᠢ ᠰᠢᠶᠠ ᠲᠦᠩᠯᠢᠶᠣᠣ ᠬᠤᠳᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠳᠤᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠳᠦᠮᠵᠢᠳᠡᠢ ᠵᠣᠯᠭᠠᠭᠤᠯᠬᠤ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/1
        9 ᠰᠠᠷ᠎ᠠ ᠶᠢᠨ 24 ᠠᠴᠠ 25 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠦᠩᠯᠢᠶᠣᠣ ᠬᠤᠳᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃
110105.1.jpg       
        ᠨᠢᠰᠬᠡᠯ ᠠᠴᠠ ᠪᠠᠭᠤᠮᠠᠭᠴᠠ᠂ ᠸᠠᠩ ᠯᠢ ᠰᠢᠶᠠ ᠶᠠᠳᠠᠭᠤ ᠠᠴᠠ ᠠᠩᠭᠢᠵᠢᠷᠠᠭᠰᠠᠨ ᠡᠷᠦᠭᠡ ᠷᠦᠩ ᠮᠣᠣ ᠭᠧ ᠶᠢᠨ ᠭᠡᠷ ᠲᠤ ᠬᠦᠷᠴᠦ᠂ ᠡᠪᠡᠳᠴᠢᠨ ᠦᠵᠡᠭᠦᠯᠭᠦ ᠳᠤ ᠳᠥᠭᠦᠮ ᠪᠠᠶᠢᠬᠤ ᠡᠰᠡᠬᠦ᠂ ᠬᠥᠭᠰᠢᠨ ᠤ ᠬᠢᠨᠢ ᠪᠡᠶ᠎ᠡ ᠮᠠᠬᠠᠪᠤᠳ ᠨᠢ ᠶᠠᠮᠠᠷ ᠵᠡᠷᠭᠡ ᠪᠠᠶᠢᠬᠤ᠂ ᠬᠡᠦᠬᠡᠳ ᠨᠢ ᠬᠠᠮᠢᠭ᠎ᠠ ᠠᠵᠢᠯ ᠣᠯᠣᠭᠰᠠᠨ ᠢ ᠬᠠᠯᠠᠮᠵᠢᠯᠠᠨ ᠠᠰᠠᠭᠤᠵᠤ᠂ ᠳᠡᠳᠡᠨ ᠤ ᠣᠷᠣᠯᠭ᠎ᠠ ᠶᠢ ᠠᠰᠠᠭᠤᠵᠤ᠂ ᠬᠤᠷᠢᠶᠠᠯᠲᠠ ᠶᠢ ᠶᠠᠷᠢᠵᠤ᠂ ᠭᠡᠷ ᠵᠠᠭᠤᠷ᠎ᠠ ᠶᠢᠨ ᠵᠣᠭᠤᠭ ᠳᠡᠯᠭᠡᠪᠡ᠃ ᠳᠠᠷᠠᠭ᠎ᠠ ᠨᠢ᠂ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠰᠢᠭᠤᠳ ᠶᠠᠳᠠᠭᠤ ᠠᠴᠠ ᠠᠩᠭᠢᠵᠢᠷᠠᠭᠰᠠᠨ ᠡᠷᠦᠭᠡ ᠴᠧᠨ ᠢᠦᠢ ᠵᠢᠶᠦ᠋ᠨ ᠤ ᠭᠡᠷ ᠲᠤ ᠬᠦᠷᠴᠦ᠂ ᠬᠦᠷᠢᠶᠡᠨ ᠳᠣᠲᠣᠷᠠᠬᠢ ᠠᠷᠪᠠᠨ ᠬᠡᠳᠦᠨ ᠦᠬᠡᠷ ᠢ ᠦᠵᠡᠭᠡᠳ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠣᠷᠣᠯᠭ᠎ᠠ ᠳᠤ ᠦᠵᠡᠭᠦᠯᠭᠦ ᠨᠥᠯᠥᠭᠡ ᠶᠡᠭᠡ ᠡᠰᠡᠬᠦ᠂ ᠠᠮᠢᠳᠤᠷᠠᠯ ᠤᠨ ᠲᠠᠯ᠎ᠠ ᠪᠠᠷ ᠪᠠᠰᠠ ᠶᠠᠮᠠᠷ ᠬᠦᠴᠢᠷᠳᠡᠯ ᠪᠠᠶᠢᠬᠤ ᠡᠰᠡᠬᠦ ᠶᠢ ᠨᠢ ᠠᠰᠠᠭᠤᠪᠠ᠃ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠲᠡᠷᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠪᠣᠳᠠᠲᠠᠢ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠡᠷᠦᠭᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠡᠷᠦᠭᠡ ᠶᠢᠨ ᠣᠷᠣᠯᠭ᠎ᠠ ᠶᠢᠨ ᠲᠦᠪᠰᠢᠨ ᠢ ᠪᠠᠭᠤᠷᠠᠭᠤᠯᠬᠤ ᠦᠭᠡᠢ᠂ ᠠᠮᠢᠳᠤᠷᠠᠯ ᠤᠨ ᠶᠠᠰᠤ ᠴᠢᠨᠠᠷ ᠢ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃
110105.2.jpg
110105.3.jpg
               ᠲᠦᠩᠯᠢᠶᠣᠣ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ ᠪᠣᠯᠣᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠨᠣᠮ ᠤᠩᠰᠢᠬᠤ ᠳᠠᠭᠤᠨ ᠬᠠᠩᠭᠢᠨᠠᠨ᠎ᠠ᠃ ᠸᠠᠩ ᠯᠢ ᠰᠢᠶᠠ ᠬᠢᠴᠢᠶᠡᠯ ᠤᠨ ᠭᠡᠷ ᠲᠤ ᠣᠷᠣᠵᠤ᠂ ᠲᠤᠬᠠᠢ ᠶᠢᠨ ᠲᠠᠯᠠᠪᠠᠢ ᠳᠤ ᠵᠢᠭᠠᠨ ᠰᠤᠷᠭᠠᠯᠲᠠ ᠶᠢᠨ ᠪᠠᠶᠢᠳᠠᠯ ᠢ ᠲᠣᠭᠤᠷᠢᠨ ᠦᠵᠡᠵᠦ᠂ ᠰᠤᠷᠭᠠᠭᠤᠯᠢ ᠶᠢᠨ ᠵᠠᠬᠢᠷᠤᠯ᠂ ᠪᠠᠭᠰᠢ ᠪᠣᠯᠣᠨ ᠠᠳᠠᠯᠢ ᠪᠤᠰᠤ ᠣᠨ ᠤ ᠰᠤᠷᠤᠬᠴᠢᠳ ᠲᠠᠢ ᠶᠠᠷᠢᠯᠴᠠᠨ ᠰᠣᠯᠢᠯᠴᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃
110105.4.jpg 
110105.5.jpg
              25 ᠤ ᠦᠳᠡ ᠶᠢᠨ ᠬᠤᠶᠢᠨ᠎ᠠ᠂ ᠸᠠᠩ ᠯᠢ ᠰᠢᠶᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠵᠡᠭᠦᠨ ᠬᠡᠰᠡᠭ ᠤᠨ ᠣᠷᠣᠨ ᠤ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠤᠬᠠᠮᠰᠠᠷ ᠠᠴᠠ ᠪᠠᠨ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ᠂ ᠦᠨᠳᠦᠰᠦ ᠶᠢ ᠪᠠᠬᠢᠵᠢᠭᠦᠯᠬᠦ ᠤᠯᠤᠰ ᠲᠦᠷᠦ ᠶᠢᠨ ᠥᠨᠳᠥᠷᠴᠡ ᠳᠤ ᠵᠣᠭᠰᠣᠨ ᠡᠯ᠎ᠡ ᠵᠦᠢᠯ ᠤᠨ ᠠᠵᠢᠯ ᠢᠶᠠᠨ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ᠂ ︽ᠠᠯᠢᠪᠠ ᠪᠦᠭᠦᠨ ᠬᠡᠦᠬᠡᠳ ᠤᠨ ᠲᠥᠯᠥᠭᠡ︾ ᠪᠠᠶᠢᠬᠤ ᠪᠣᠯ ᠰᠤᠷᠭᠠᠨ ᠬᠥᠮᠦᠵᠢᠯ ᠤᠨ ᠦᠨᠳᠦᠰᠦᠨ ᠣᠶᠢᠯᠠᠭᠠᠭᠳᠠᠬᠤᠨ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠬᠡᠳᠦᠢ ᠡᠷᠲᠡ ᠭᠦᠷᠳᠡᠪᠡᠯ ᠬᠡᠦᠬᠡᠳ ᠤᠨ ᠦᠰᠦᠨ ᠪᠤᠶᠢᠵᠢᠵᠤ ᠴᠢᠳᠠᠪᠤᠷᠢᠲᠠᠨ ᠪᠤᠯᠬᠤ ᠳᠤ ᠲᠡᠳᠦᠢ ᠠᠰᠢᠭᠲᠠᠢ ᠶᠤᠮ᠃ ᠪᠠᠭᠰᠢ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠬᠡᠦᠬᠡᠳ ᠲᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠭᠦᠯᠵᠦ᠂ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠨᠡᠩ ᠰᠠᠶᠢᠲᠤᠷ ᠡᠵᠡᠮᠰᠢᠭᠦᠯᠵᠦ᠂ ᠣᠳᠣᠬᠢᠴᠢᠯᠠᠭᠰᠠᠨ ᠮᠡᠷᠭᠡᠵᠢᠯ ᠤᠷ᠎ᠠ ᠴᠢᠳᠠᠪᠤᠷᠢ ᠶᠢ ᠡᠵᠡᠮᠰᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠭᠤᠣᠯ ᠰᠢᠵᠢᠮ ᠢ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂ ᠰᠢᠨᠵᠢᠯᠡᠭᠡᠨ ᠤ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠰᠤᠷᠤᠬᠴᠢᠳ ᠲᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ ᠶᠢ ᠰᠤᠷᠭᠠᠨ ᠬᠥᠮᠥᠵᠢᠭᠦᠯᠵᠦ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ ᠭᠡᠪᠡ᠃         ᠶᠠᠩ ᠵᠢᠶᠧ ᠬᠡᠰᠡᠭ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ