ᠵᠢᠷᠭᠠᠬᠤ ᠨᠠᠷᠠᠨ ᠤ ᠬᠡᠷᠡᠯ ᠬᠡᠬᠡ᠂ ᠵᠢᠷᠭᠠᠬᠤ ᠨᠠᠰᠤᠨ ᠤ ᠦᠡᠭᠭᠡ ᠬᠢᠯᠪᠠᠭ᠎ᠠ ᠢᠵᠢᠯᠬᠡᠨ ᠶᠤᠮ᠃ ᠰᠢᠨ᠎ᠡ ᠪᠠᠷᠭᠤ ᠪᠠᠷᠠᠭᠤᠨ ᠬᠤᠰᠢᠭᠤᠨ ᠤ | ᠨᠠᠰᠤᠲᠠᠶᠢᠴᠤᠳ ᠤᠨ ᠰᠤᠪᠢᠯᠠᠯᠲᠠ ᠶᠢᠨ ᠬᠦᠷᠢᠶᠡᠯᠡᠩ ᠳᠤ ᠰᠠᠭᠤᠵᠤ ᠪᠠᠶᠢᠭ᠎ᠠ ᠴᠢ ᠭᠦᠸᠧ ᠬᠤᠸᠠ ᠨᠠᠰᠤᠳᠠᠨ ᠡᠮᠴᠢ ᠨᠠᠷ ᠢᠶᠠᠷ ᠪᠡᠶ᠎ᠡ ᠪᠠᠨ ᠪᠠᠶᠢᠴᠠᠭᠠᠯᠭᠠᠭᠠᠳ | ᠨᠠᠰᠤᠲᠠᠶᠢᠴᠤᠳ ᠲᠠᠢ ᠰᠢᠳᠠᠷᠠᠳᠠᠬᠤ ᠪᠠᠷ ᠪᠠᠶᠢᠪᠠ᠂ ᠦᠳᠡ ᠶᠢᠨ ᠬᠤᠶᠢᠨ᠎ᠠ ᠪᠠᠰᠠ ᠰᠤᠪᠢᠯᠠᠯᠲᠠ ᠶᠢᠨ ᠬᠦᠷᠢᠶᠡᠯᠡᠩ ᠤᠨ ᠵᠣᠬᠢᠶᠠᠨ ᠪᠠᠶᠢᠭᠤᠯᠤᠭᠰᠠᠨ ᠶᠢᠰᠦᠨ | ᠰᠠᠷ᠎ᠠ ᠶᠢᠨ ᠶᠢᠰᠦᠨ ᠤ ᠪᠠᠶᠠᠷ ᠤᠨ ᠠᠵᠢᠯᠯᠠᠭ᠎ᠠ ᠶᠢ ᠬᠠᠮᠲᠤ ᠪᠠᠷ ᠤᠷᠤᠯᠴᠠᠬᠤ ᠶᠤᠮ ᠪᠠᠶᠢᠨ᠎ᠠ᠃ ︽ᠦᠳᠡᠯᠬᠡ ᠨᠠᠰᠤᠨ ᠳᠤ ᠪᠠᠨ ᠵᠢᠷᠭᠠᠨ᠎ᠠ ᠭᠡᠵᠤ ᠠᠷᠪᠠᠨ | ᠵᠡᠬᠦᠳᠤᠨ ᠳᠤ ᠪᠠᠶᠢᠬᠰᠠᠨ ᠦᠬᠡᠢ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠨᠢ ᠡᠬᠡᠯᠢᠳᠠᠢ᠂ ᠵᠤᠭ᠎ᠠ ᠴᠡᠩᠭᠡᠬᠦᠨ ᠤ ᠠᠵᠢᠯᠯᠠᠭ᠎ᠠ ᠨᠢ ᠰᠡᠳᠬᠢᠯ ᠳᠤ ᠲᠠᠭᠠᠳᠠᠢ | ᠪᠦᠬᠡᠳ ᠪᠠᠰᠠ ᠬᠠᠭᠤᠴᠢᠨ ᠨᠠᠶᠢᠵᠠ ᠨᠠᠷ ᠰᠡᠳᠬᠢᠯ ᠤᠨ ᠵᠤᠭᠤᠭ ᠢᠶᠠᠨ ᠲᠡᠯᠬᠡᠴᠢᠬᠡᠨᠡ᠃ ᠰᠤᠪᠢᠯᠠᠯᠲᠠ ᠶᠢᠨ ᠬᠦᠷᠢᠶᠡᠯᠡᠩ ᠤᠨ ᠣᠷᠴᠢᠨ ᠲᠣᠭᠤᠷᠢᠨ ᠤᠯᠠᠮ | ᠰᠠᠶᠢᠵᠢᠷᠠᠵᠤ᠂ ᠠᠳᠡᠬᠢ ᠶᠢᠨ ᠠᠮᠢᠳᠤᠷᠠᠯ ᠰᠠᠶᠢᠬᠠᠨ ᠪᠠᠶᠢᠨ᠎ᠠ︾ ᠭᠡᠵᠦ ᠴᠢ ᠬᠦᠸᠧ ᠬᠤᠸ᠋ᠨ ᠪᠠᠶᠠᠷ ᠲᠠᠢ ᠶᠠᠷᠢᠵᠤ ᠪᠠᠶᠢᠯ᠎ᠠ᠃ ᠨᠠᠰᠤᠲᠠᠶᠢᠴᠤᠳ ᠤᠨ ᠰᠤᠪᠢᠯᠠᠯᠲᠠ ᠶᠢᠨ | ᠬᠦᠷᠢᠶᠡᠯᠡᠩ ᠢ ᠡᠵᠡᠩᠨᠡᠭᠰᠡᠨ ᠠᠴᠠ ᠨᠠᠭᠠᠰᠢ ᠲᠤᠬᠠᠢ ᠶᠢᠨ ᠭᠠᠵᠠᠷ ᠤᠨ ᠨᠠᠰᠤᠲᠠᠶᠢᠴᠤᠳ ᠪᠠ ᠣᠨᠴᠠ ᠬᠦᠴᠢᠷᠳᠡᠯᠲᠡᠢ ᠠᠰᠠᠷᠠᠭᠤᠯᠤᠬᠰᠠᠳ ᠲᠤ ᠲᠠᠭᠠᠯᠠᠮᠵᠢᠲᠠᠢ ᠭᠡᠷ | ᠣᠷᠣᠨ ᠢ ᠴᠤᠬᠴᠠᠯᠠᠭᠠᠳ ᠥᠲᠡᠯᠪᠡᠯ ᠠᠰᠠᠷᠠᠮᠵᠢ ᠲᠠᠢ᠂ ᠢᠳᠡᠯᠪᠡᠯ ᠵᠢᠷᠭᠠᠯᠳᠠᠢ ᠪᠠᠶᠢᠬᠤ ᠶᠢ ᠦᠨᠡᠨ ᠬᠦ ᠪᠡᠶᠡᠯᠡᠬᠦᠯᠦᠭᠰᠡᠨ ᠪᠠᠶᠢᠨ᠎ᠠ᠃ | ᠬᠥᠯᠥᠨ ᠪᠤᠶᠢᠷ ᠬᠤᠲᠠ ᠶᠢᠨ ᠬᠢᠨ ᠤᠷᠴᠢᠮ ᠤᠨ ᠵᠢᠯ ᠬᠥᠮᠥᠨ ᠠᠮᠠ ᠶᠢᠨ ᠨᠠᠰᠤᠵᠢᠯᠲᠠ ᠶᠢᠨ ᠠᠰᠠᠭᠤᠳᠠᠯ ᠢ ᠢᠳᠡᠪᠬᠢᠲᠡᠢ ᠪᠠᠷ ᠠᠷᠭᠠᠴᠠᠵᠤ᠂ | ᠦᠢᠯᠡᠴᠢᠯᠡᠭᠡᠨ ᠤ ᠬᠡᠯᠪᠡᠷᠢ ᠪᠠᠨ ᠲᠠᠰᠤᠷᠠᠯᠲᠠ ᠦᠭᠡᠢ ᠰᠢᠨᠡᠳᠬᠡᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ | ︽ᠭᠡᠷ ᠢᠶᠠᠷ ᠰᠠᠭᠤᠷᠢ ᠪᠣᠯᠭᠠᠵᠤ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠵᠤ᠂ ᠪᠠᠶᠢᠭᠤᠯᠤᠮᠵᠢ ᠪᠠᠷ ᠲᠤᠯᠭᠠᠭᠤᠷᠢᠯᠠᠯ ᠪᠣᠯᠭᠠᠵᠤ᠂ ᠡᠮᠴᠢᠯᠡᠭᠡ ᠰᠤᠪᠢᠯᠠᠯᠲᠠ ᠪᠠᠷ | ᠨᠥᠬᠦᠪᠦᠷᠢ ᠪᠣᠯᠭᠠᠵᠤ ᠣᠶᠤᠨᠴᠢ ᠪᠠᠷ ᠠᠬᠢᠭᠤᠯᠬᠤ︾ ᠣᠯᠠᠨ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠤᠭᠠᠳ ᠨᠠᠰᠤᠲᠠᠶᠢᠴᠤᠳ ᠤᠨ ︽ᠵᠣᠯ ᠵᠢᠷᠭᠠᠯᠲᠤ ᠠᠮᠢᠳᠤᠷᠠᠯ︾ ᠢ ᠦᠨᠡᠨ ᠰᠡᠳᠬᠢᠯ ᠠᠴᠠ ᠪᠠᠨ ᠬᠦᠴᠦᠯᠡᠨ ᠳᠡᠮᠵᠢᠵᠦ ᠪᠠᠶᠢᠨ᠎ᠠ᠃ ︽ | ᠨᠠᠰᠤᠵᠢᠯ ᠤᠨ ᠠᠰᠠᠷᠠᠮᠵᠢ ᠶᠢᠨ ᠥᠷᠯᠥᠭᠡ ᠶᠢᠨ ᠵᠠᠬ᠎ᠠ︾ ᠠᠴᠠ ᠰᠢᠯᠢᠳᠡᠭ ᠦᠢᠯᠡᠴᠢᠯᠡᠭᠡ ᠶᠢ ᠭᠥᠷᠳᠡᠵᠦ ᠪᠠᠶᠢᠨ᠎ᠠ ᠨᠠᠮᠤᠷ ᠤᠨ ᠰᠡᠭᠦᠯᠴᠢ ᠪᠣᠯᠬᠤ ᠳᠤ ᠬᠠᠶᠢᠯᠠᠷ | ᠥᠷᠯᠥᠭᠡ ᠶᠢᠨ ᠰᠡᠷᠢᠭᠦᠬᠡᠨ ᠪᠣᠯᠤᠭᠰᠠᠨ ᠪᠣᠯᠪᠠᠴᠤ ᠬᠠᠶᠢᠯᠠᠷ ᠲᠣᠭᠤᠷᠢᠭ ᠤᠨ ᠵᠧᠩ ᠶᠠᠩ ᠵᠡᠭᠡᠯᠢ ᠭᠤᠳᠤᠮᠵᠢ ᠶᠢᠨ ᠤᠯᠠᠨ ᠤᠯᠤᠰ ᠤᠨ ᠠᠷᠠᠯᠵᠢᠶᠠᠨ ᠤ ᠴᠡᠴᠡᠷᠯᠢᠭ ᠲᠤ | ᠬᠦᠮᠤᠨ ᠬᠠᠷ᠎ᠠ ᠠᠪᠠᠭᠠᠷᠠᠯᠳᠤᠵᠤ ᠡᠬᠢᠯᠡᠵᠡᠢ᠃ ︽ᠤᠯᠠᠭᠠᠨ ᠤᠭᠤᠵᠢ ᠲᠠᠢ ᠬᠥᠮᠥᠰ ᠤᠨ ᠳᠤᠮᠳᠠ ᠰᠦᠯᠵᠢᠯᠳᠤᠬᠦ ᠨᠢ ᠪᠠᠳᠠᠷᠠᠨ ᠳᠡᠯᠭᠡᠷᠡᠭᠰᠡᠨ ᠠᠨᠠᠷ ᠤᠨ ᠴᠡᠴᠡᠭ | ᠰᠢᠭ ᠢᠶᠠᠷ ᠥᠷᠯᠥᠭᠡ ᠶᠢᠨ ᠠᠭᠤᠷ ᠠᠮᠢᠰᠬᠤᠯ ᠢ ᠳᠤᠯᠠᠭᠠᠴᠠᠭᠤᠯᠤᠨ᠎ᠠ᠃ | ︽ᠡᠪᠦᠭᠡ ᠠ᠋᠂ ᠲᠠᠨ ᠤ ᠦᠳᠡᠬᠦᠰ ᠤᠨ ᠨᠥᠬᠦᠪᠦᠷᠢ ᠶᠢᠨ ᠭᠡᠷᠡᠴᠢᠯᠡᠯᠲᠡ ᠶᠢ ᠬᠢᠴᠢᠭᠡᠭᠰᠨᠨ ᠰᠢᠤ᠂ ᠬᠤᠶᠢᠰᠢᠳᠠ ᠵᠢᠯ ᠪᠦᠷᠢ ᠢᠩᠭᠢᠵᠦ ᠬᠢᠵᠦ ᠪᠣᠯᠣᠨ᠎ᠠ︾ | ︽ᠠᠨᠢᠶ᠎ᠠ ᠡ᠂ ᠡᠨᠡ ᠪᠣᠯ ᠮᠠᠨ ᠤ ᠪᠡᠶ᠎ᠡ ᠰᠤᠪᠢᠯᠠᠯᠲᠠ ᠶᠢᠨ ᠭᠠᠷ ᠳᠡᠪᠲᠡᠷ᠂ ᠲᠠ ᠡᠩ ᠤᠨ ᠦᠶ᠎ᠡ ᠳᠤ ᠳᠡᠭᠡᠷᠡᠬᠢ ᠰᠠᠨᠠᠭᠤᠯᠭ᠎ᠠ ᠪᠠᠷ ᠨᠢ ᠳᠥᠭᠦᠮᠬᠡᠨ ᠪᠣᠯᠪᠠᠰᠤᠷᠠᠯ | ᠬᠢᠵᠦ ᠪᠣᠯᠣᠨ᠎ᠠ︾ ︽ᠵᠠ᠂ ᠪᠢᠳᠡᠨ ᠤ ᠲᠤᠰᠬᠠᠶᠢᠯᠠᠨ ᠪᠡᠯᠡᠳᠦᠭᠰᠡᠨ ᠰᠦ ᠲᠠᠢ ᠴᠠᠢ ᠪᠠᠨ ᠠᠮᠲᠠᠯᠠᠵᠤ ᠦᠵᠡ︾ ᠭᠡᠵᠤ ᠵᠧᠩ ᠶᠠᠩ ᠵᠡᠭᠡᠯᠢ ᠭᠤᠳᠤᠮᠵᠢ ᠶᠢᠨ ᠨᠡᠭᠡᠭᠡᠨ | ᠬᠥᠭᠵᠢᠭᠦᠯᠦᠯᠲᠡ ᠶᠢᠨ ᠲᠣᠭᠤᠷᠢᠭ ᠤᠨ ᠨᠡᠶᠢᠭᠡᠮ ᠲᠣᠭᠤᠷᠢᠭ ᠤᠨ ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ | ᠨᠠᠰᠤᠲᠠᠶᠢᠴᠤᠳ ᠢ ᠬᠠᠯᠠᠭᠤᠮᠰᠤᠭ ᠢᠶᠠᠷ ᠤᠷᠢᠨ᠎ᠠ᠃ ᠬᠡᠳᠤᠢ ᠪᠠᠷ ︽ᠥᠷᠯᠥᠭᠡ ᠶᠢᠨ ᠵᠠᠬ᠎ᠠ︾ ᠭᠡᠰᠡᠨ ᠨᠡᠷ᠎ᠡ ᠲᠠᠢ ᠪᠣᠯᠪᠠᠴᠤ ᠠᠳᠡ ᠭᠠᠷᠭᠠᠵᠤ ᠪᠠᠶᠢᠭ᠎ᠠ ︽ᠲᠠᠸᠠᠷ︾ | ᠪᠣᠯ ᠦᠢᠯᠡᠴᠢᠯᠡᠭᠡ ᠪᠠ ᠬᠠᠯᠠᠮᠵᠢ ᠶᠤᠮ᠃ ︽ᠨᠠᠰᠤᠵᠢᠯ ᠤᠨ ᠠᠰᠠᠷᠠᠮᠵᠢ ᠶᠢᠨ ᠥᠷᠯᠥᠭᠡ ᠶᠢᠨ ᠵᠠᠬ᠎ᠠ︾ ᠪᠠ ︽ᠠᠶᠠᠭ᠎ᠠ ᠰᠦ ᠲᠠᠢ ᠴᠠᠢ ᠪᠠᠷ ᠰᠡᠳᠬᠢᠯ ᠢ ᠨᠢ | ᠳᠤᠯᠠᠭᠠᠴᠠᠭᠤᠯᠬᠤ︾ ᠠᠵᠢᠯᠯᠠᠭ᠎ᠠ ᠪᠣᠯ ᠬᠠᠶᠢᠯᠠᠷ ᠲᠣᠭᠤᠷᠢᠭ ᠤᠨ ᠵᠧᠩ ᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠠᠩᠭᠠᠯᠭ᠎ᠠ ᠶᠢ ᠰᠢᠯᠢᠳᠡᠭᠵᠢᠭᠦᠯᠬᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠢᠳᠡᠪᠬᠢᠲᠡᠢ ᠪᠤᠶᠢᠵᠢᠭᠤᠯᠬᠤ | ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠤᠷᠤᠯᠴᠠᠨ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠪᠣᠯᠣᠨ᠎ᠠ᠃ ᠵᠧᠩ | ᠶᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠨᠢ ᠲᠣᠮᠢᠯᠠᠭᠰᠠᠨ ᠰᠠᠯᠪᠤᠷᠢ᠂ ᠠᠵᠤ ᠠᠬᠤᠶᠢᠯᠠᠯ᠂ ᠡᠮᠴᠢᠯᠡᠭᠡᠨ ᠤ ᠪᠠᠶᠢᠭᠤᠯᠤᠮᠵᠢ ᠲᠠᠢ ᠭᠠᠷ | ᠬᠤᠯᠪᠣᠯᠴᠠᠨ ᠨᠠᠰᠤᠵᠢᠯ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ᠂ ᠬᠡᠵᠢᠬᠡ ᠦᠰᠤ ᠶᠢ ᠵᠠᠰᠠᠬᠤ | ᠠᠯᠪᠠᠨ ᠵᠢᠷᠤᠮ ᠤᠨ ᠠᠵᠢᠯᠯᠠᠭ᠎ᠠ᠂ ᠵᠢᠷᠤᠮ ᠤᠨ ᠡᠮᠴᠢᠯᠡᠭᠡ᠂ ᠰᠢᠮ᠎ᠡ ᠲᠡᠵᠢᠭᠡᠯ ᠲᠠᠢ ᠢᠳᠡᠭᠡᠨ ᠤᠮᠳᠠᠭᠠᠨ ᠤ ᠵᠢᠯᠣᠭᠤᠳᠤᠯᠭ᠎ᠠ ᠵᠡᠷᠭᠡ ︽ᠲᠠᠸᠠᠷ︾ ᠢᠶᠠᠷ | ᠨᠠᠰᠤᠲᠠᠶᠢᠴᠤᠳ ᠤᠨ ᠬᠡᠷᠡᠭᠴᠡᠭᠡ ᠶᠢ ᠬᠠᠩᠭᠠᠵᠤ ᠪᠠᠶᠢᠨ᠎ᠠ᠃ ︽ᠲᠠᠸᠠᠷ︾ ᠪᠤᠯᠭᠠᠨ ᠨᠢ ᠴᠥᠮ ᠨᠠᠰᠤᠲᠠᠶᠢᠴᠤᠳ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ | ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠲᠡᠳᠡᠨ ᠳᠤ ︽ᠵᠠᠢ ᠵᠠᠪᠰᠠᠷ ᠦᠭᠡᠢ︾ ᠦᠢᠯᠡᠴᠢᠯᠡᠭᠡ ᠬᠦᠷᠲᠡᠭᠡᠵᠦ ᠵᠣᠯ ᠵᠢᠷᠭᠠᠯ ᠢ ᠡᠳ᠋ᠯᠡᠬᠦᠯᠵᠤ ᠪᠠᠶᠢᠨ᠎ᠠ᠃ ᠵᠧᠩ ᠶᠠᠩ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠭᠡᠭᠡᠯᠲᠡ ᠶᠢᠨ ᠲᠣᠭᠤᠷᠢᠭ ᠤᠨ ᠨᠡᠶᠢᠭᠡᠮ ᠲᠣᠭᠤᠷᠢᠭ ᠪᠣᠯ ᠬᠥᠯᠥᠨ ᠪᠤᠶᠢᠷ ᠬᠤᠲᠠ ᠶᠢᠨ ᠠᠩᠬᠠᠳᠠᠭᠴᠢ ︽ | ᠴᠤᠯᠤ ᠣᠷᠣᠰᠢᠨ ᠰᠠᠭᠤᠬᠤ ᠨᠡᠶᠢᠭᠡᠮ ᠲᠣᠭᠤᠷᠢᠭ︾ ᠪᠣᠯᠣᠨ᠎ᠠ᠂ ᠬᠠᠷᠢᠶ᠎ᠠ ᠲᠣᠭᠤᠷᠢᠭ ᠲᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠢᠮ᠎ᠡ | ᠲᠡᠵᠢᠭᠡᠯ ᠲᠠᠢ ᠢᠳᠡᠭᠡᠨ ᠤᠮᠳᠠᠭᠠᠨ ᠬᠠᠩᠭᠠᠬᠤ ᠨᠠᠰᠤᠲᠠᠶᠢᠴᠤᠳ ᠲᠤ ᠦᠢᠯᠡᠴᠢᠯᠡᠬᠦ ᠲᠥᠪ ᠲᠣᠬᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ 2 ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠣᠬᠢᠷᠠᠭᠤᠯᠵᠤ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠶᠢᠨ ᠪᠡᠶ᠎ᠡ ᠶᠢᠨ | ᠪᠠᠶᠢᠴᠠᠭᠠᠯᠲᠠ᠂ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠬᠤ ᠪᠠ ᠪᠤᠰᠤᠳ ᠰᠦᠢᠳᠬᠡᠯ ᠬᠤᠷᠢᠶᠠᠬᠤ ᠦᠭᠡᠢ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠭᠰᠠᠨ | ᠪᠦᠬᠡᠳ ᠵᠡᠭᠡᠯᠢ ᠭᠤᠳᠤᠮᠵᠢ ᠶᠢᠨ ᠬᠢᠨ ᠲᠣᠮᠣ ᠳ᠋ᠠᠶᠢᠲ᠋ᠠ᠂ ᠢᠨᠲ᠋ᠧᠷ ᠰᠦᠯᠵᠢᠶ᠎ᠡ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠣᠲᠣ ᠦᠶ᠎ᠡ ᠶᠢᠨ | ᠮᠡᠳᠡᠭᠡ ᠬᠤᠯᠪᠣᠭᠠᠨ ᠤ ᠮᠡᠷᠭᠡᠵᠢᠯ ᠢ ᠠᠰᠢᠭᠯᠠᠨ ᠢᠨᠲ᠋ᠧᠷ ᠰᠦᠯᠵᠢᠶ᠎ᠡ + ᠬᠤᠯᠪᠣᠯᠳᠤᠭᠰᠠᠨ ᠰᠢᠭᠢᠳᠬᠡᠯ ᠮᠠᠶ᠋ᠢᠭ ᠤᠨ ᠣᠶᠤᠨᠲᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠠᠪᠴᠠᠩ ᠢ ᠬᠥᠭᠵᠢᠭᠦᠯᠵᠦ ᠵᠠᠰᠠᠭ ᠤᠨ ᠣᠷᠳᠣᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ︽ | ᠭᠤᠷᠪᠠ ᠶᠢ ᠨᠢᠭᠡ ᠴᠣᠭᠴᠠᠵᠢᠭᠤᠯᠤᠭᠰᠠᠨ︾ ᠪᠥᠬᠦ ᠲᠠᠯ᠎ᠠ ᠶᠢᠨ ᠣᠶᠤᠨᠴᠢ ᠠᠵᠢᠯ ᠤᠨ ᠰᠢᠰᠲ᠋ᠧᠮ ᠢ ᠪᠠᠶᠢᠭᠤᠯᠤᠭᠠᠳ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠨᠠᠷᠢᠯᠢᠭ ᠣᠨᠣᠴᠠᠲᠠᠢ ᠪᠣᠯᠭᠠᠬᠤ᠂ ᠳᠥᠭᠦᠮ ᠳᠥᠲᠡ ᠪᠣᠯᠭᠠᠬᠤ ᠪᠠ ᠥᠪᠡᠷᠮᠢᠴᠡᠵᠢᠭᠦᠯᠬᠦ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠠᠯ᠎ᠠ ᠪᠠᠷ ᠨᠠᠷᠢᠨ ᠨᠢᠮᠪᠠᠢ ᠠᠷᠠᠴᠢᠯᠠᠵᠤ᠂ ᠨᠡᠶᠢᠭᠡᠮ ᠤᠨ ᠬᠦᠴᠦᠨ ᠤ ᠢᠳᠡᠪᠬᠢᠲᠡᠢ | ᠣᠷᠣᠯᠴᠠᠬᠤ ᠶᠢ ᠵᠣᠷᠢᠭᠵᠢᠭᠤᠯᠤᠨ ᠵᠢᠯᠤᠭᠤᠳᠴᠤ᠂ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠠᠬᠢᠭᠤᠯᠵᠤ᠂ | ᠡᠮᠴᠢᠯᠡᠭᠡ ᠪᠠ ᠰᠤᠪᠢᠯᠠᠯᠳᠠ ᠶᠢ ᠤᠶᠠᠯᠳᠤᠭᠤᠯᠬᠤ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠬᠠᠷᠢᠯᠴᠠᠨ ᠰᠢᠭᠢᠳᠬᠡᠬᠦ ᠬᠡᠯᠪᠡᠷᠢ ᠪᠠᠷ ᠨᠠᠰᠤᠲᠠᠶᠢᠴᠤᠳ ᠲᠤ | ᠦᠢᠯᠡᠴᠢᠯᠡᠬᠦ ︽ᠡᠴᠦᠰ ᠤᠨ ᠨᠢᠭᠡ ᠮᠧᠳ᠋ᠷ︾ ᠢ ᠨᠠᠪᠲᠠᠷᠡᠭᠦᠯᠵᠦ ᠥᠲᠡᠯᠪᠡᠯ ᠠᠰᠠᠷᠠᠮᠵᠢ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ ᠪᠣᠯᠭᠠᠬᠤ ᠶᠢ | ᠦᠨᠳᠦᠰᠦᠨ ᠳᠤ ᠪᠠᠨ ᠪᠡᠶᠡᠯᠡᠬᠦᠯᠤᠯᠡ᠃ ᠵᠧᠩ ᠶᠠᠩ ᠵᠡᠭᠡᠯᠢ ᠭᠤᠳᠤᠮᠵᠢ ᠶᠢᠨ ︽ᠨᠠᠰᠤᠵᠢᠯ ᠤᠨ ᠠᠰᠠᠷᠠᠮᠵᠢ ᠶᠢᠨ ᠥᠷᠯᠥᠭᠡ ᠶᠢᠨ ᠵᠠᠬ᠎ᠠ︾ ᠪᠣᠯ ᠬᠠᠶᠢᠯᠠᠷ | ᠲᠣᠭᠤᠷᠢᠭ ᠤᠨ ᠰᠢᠨ᠎ᠡ ᠴᠠᠭ ᠦᠶ᠎ᠡ ᠶᠢᠨ ᠨᠡᠶᠢᠭᠡᠮ ᠲᠣᠭᠤᠷᠢᠭ ᠤᠨ ᠵᠠᠰᠠᠯᠲᠠ ᠪᠣᠯᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠬᠤᠷᠢᠶᠠᠩᠭᠤᠢ | ᠳᠦᠷᠰᠦ ᠪᠣᠯᠣᠨ᠎ᠠ᠃ ᠣᠳᠣᠬᠠᠨ ᠳᠤ ᠬᠠᠶᠢᠯᠠᠷ ᠲᠣᠭᠤᠷᠢᠭ ᠤᠨ ᠬᠢᠨ ᠤᠯᠠᠨ ᠡᠰᠢᠴᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠤᠯᠠᠨ | ᠠᠷᠭ᠎ᠠ ᠪᠠᠷ ᠢᠳᠡᠪᠬᠢᠲᠡᠢ ᠪᠠᠶᠢᠭᠤᠯᠤᠭᠠᠳ ᠨᠠᠰᠤᠲᠠᠶᠢᠴᠤᠳ ᠲᠤ ᠡᠯᠪᠡᠭ ᠪᠠᠶᠠᠯᠢᠭ᠂ ᠳᠥᠭᠦᠮ ᠳᠥᠲᠡ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ︽ᠨᠠᠰᠤᠲᠠᠨ ᠢ | ᠠᠰᠠᠷᠠᠬᠤ︾ ᠶᠢ ︽ᠨᠠᠰᠤᠲᠠᠨ ᠢ ᠵᠢᠷᠭᠠᠭᠠᠬᠤ︾ ᠪᠣᠯᠭᠠᠨ ᠬᠤᠪᠢᠷᠠᠭᠤᠯᠵᠤ ᠪᠠᠶᠢᠨ᠎ᠠ᠃ ᠲᠥᠬᠦᠭᠡᠷᠦᠮᠵᠢ ᠪᠠᠨ ᠲᠡᠭᠦᠯᠳᠡᠷᠵᠢᠭᠦᠯᠵᠦ ᠨᠠᠰᠤᠳᠠᠶᠢᠴᠤᠳ ᠤᠨ ᠥᠲᠡᠯᠦᠭᠡ | ᠨᠠᠰᠤᠨ ᠤ ᠠᠮᠢᠳᠤᠷᠠᠯ ᠢ ᠨᠢ ᠪᠠᠶᠠᠯᠢᠬᠵᠢᠭᠤᠯᠪᠠ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠤᠯᠤᠨ ᠰᠤᠮᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠲᠤ ᠣᠷᠣᠬᠤ ᠳᠤ ᠠᠭᠤᠵᠢᠮ ᠰᠠᠷᠠᠭᠤᠯ ᠭᠡᠷ ᠪᠠᠶᠢᠰᠢᠩ᠂ ᠴᠢᠳᠠᠮᠵᠢ ᠪᠦᠷᠢᠨ ᠬᠥᠳᠡᠯᠭᠡᠭᠡᠨ ᠤ ᠦᠷᠦᠭᠡ ᠬᠠᠷᠠᠭᠠᠨ᠎ᠠ ᠲᠤᠳᠤᠷᠠᠨ᠎ᠠ᠃ | ᠨᠠᠰᠤᠲᠠᠶᠢᠴᠤᠳ ᠤᠨ ᠵᠠᠷᠢᠮ ᠨᠢ ᠮᠦᠬᠡᠷᠡᠰᠤᠨ ᠪᠥᠮᠪᠦᠭᠡ ᠨᠠᠭᠠᠳᠴᠤ᠂ ᠵᠠᠷᠢᠮ ᠨᠢ ᠨᠣᠮ ᠪᠢᠴᠢᠭ ᠤᠡᠭᠰᠢᠨ ᠰᠠᠭᠤᠭᠠᠳ ᠡᠶ᠎ᠡ ᠵᠣᠬᠢᠴᠠᠩᠭᠤᠢ ᠬᠠᠯᠠᠭᠤᠨ ᠳᠤᠯᠠᠭᠠᠨ | ᠪᠠᠶᠢᠳᠠᠯ ᠢᠶᠠᠷ ᠪᠢᠯᠬᠠᠨ᠎ᠠ᠃ ︽ᠡᠳᠦᠷ ᠪᠦᠷᠢ ᠲᠤᠰᠬᠠᠢ ᠠᠵᠢᠯᠳᠠᠨ ᠮᠠᠨ ᠳᠤ ᠦᠢᠯᠡᠴᠢᠯᠡᠨ᠎ᠡ᠂ ᠬᠠᠯᠠᠭᠤᠨ ᠳᠤᠯᠠᠭᠠᠨ ᠪᠥᠭᠡᠳ ᠳᠥᠭᠦᠮ ᠡ︾ ᠭᠡᠵᠦ ᠱᠤᠸᠠᠩ ᠶᠢᠩ | ᠨᠠᠰᠤᠲᠠᠨ ᠪᠠᠶᠠᠷ ᠲᠠᠢ ᠶᠠᠷᠢᠨ᠎ᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠨ ᠤᠷᠴᠢᠮ ᠤᠨ ᠬᠤᠶᠠᠷ ᠵᠢᠯ ᠳᠡᠭᠡᠳᠦ ᠱᠠᠲᠤᠨ ᠤ ᠪᠡᠯᠡ ᠮᠥᠩᠭᠦ ᠶᠢ ᠣᠯᠬᠤ ᠪᠠᠷ | ᠳᠡᠮᠵᠢᠨ ᠬᠡᠷᠤᠯᠤᠨ ᠰᠤᠮᠤ ᠵᠡᠷᠭᠡ 4 ᠰᠢᠶᠠᠩ ᠪᠠᠯᠭᠠᠰᠤᠨ ᠤ ᠲᠠᠰ ᠤᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠ ᠪᠠᠶᠠᠨ | ᠭᠠᠴᠠᠭ᠎ᠠ ᠵᠡᠷᠭᠡ 10 ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠠᠯᠳᠠᠨ ᠡᠮᠡᠭᠡᠯ ᠪᠠᠯᠭᠠᠰᠤ᠂ ᠬᠡᠷᠦᠯᠦᠨ | ᠰᠤᠮᠤ᠂ ᠪᠣᠭᠳᠠ ᠠᠭᠤᠯᠠ ᠰᠤᠮᠤ᠂ ᠬᠥᠯᠥᠨ ᠪᠠᠯᠭᠠᠰᠤ ᠵᠡᠷᠭᠡ ᠰᠤᠮᠤ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ | ᠪᠦᠬᠦᠨ ᠢ ᠬᠠᠮᠤᠷᠬᠤ ᠶᠢ ᠦᠨᠳᠦᠰᠦᠨ ᠳᠤ ᠪᠠᠨ ᠪᠡᠶᠡᠯᠡᠭᠦᠯᠪᠡ᠃ ᠣᠳᠣᠬᠠᠨ ᠳᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠪ ᠤᠨ ᠪᠦᠷᠬᠦᠴᠡ ᠶᠢᠨ ᠨᠣᠷᠮ᠎ᠠ 71.43% ᠬᠦᠷᠴᠦ᠂ ᠡᠳᠤᠷ ᠢᠶᠠᠷ ᠬᠠᠷᠠᠭᠠᠯᠵᠠᠬᠤ 24 ᠣᠷᠣ ᠲᠠᠢ ᠪᠦᠬᠡᠳ ᠮᠠᠯᠵᠢᠬᠤ ᠣᠷᠣᠨ ᠤ ᠨᠠᠰᠤᠲᠠᠶᠢᠴᠤᠳ ᠤᠨ | ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ | ᠪᠠᠲᠤᠯᠠᠭᠰᠠᠨ ᠪᠠᠶᠢᠨ᠎ᠠ᠃ ᠠᠷᠠᠳ ᠲᠦᠮᠡᠨ ᠳᠤ ᠬᠡᠷᠡᠭᠴᠡᠭᠡ ᠲᠠᠢ ᠪᠤᠯᠭᠠᠨ ᠳᠤ ᠪᠢᠳᠡ ᠬᠠᠷᠢᠭᠤ ᠥᠭᠲᠡᠭ᠃ | ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠨ ︽ᠨᠢᠭᠡ ᠮᠥᠴᠡ︾ ᠶᠢᠨ ᠲᠤᠳᠤᠷᠠᠬᠢ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ ᠨᠠᠷᠢᠯᠢᠭ ᠣᠨᠣᠴᠠᠲᠠᠢ᠂ ᠳᠣᠲᠣᠨᠣ᠂ ᠠᠰᠢᠭ ᠲᠤᠰᠠ ᠲᠠᠢ ᠪᠠᠷ | ᠨᠠᠰᠤᠲᠠᠶᠢᠴᠤᠳ ᠲᠤ ᠦᠢᠯᠡᠴᠢᠯᠡᠬᠦ ᠶᠢ ᠴᠢᠷᠮᠠᠶᠢᠨ ᠪᠡᠶᠡᠯᠡᠭᠦᠯᠵᠦ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠠᠮᠤᠭᠤᠯᠠᠩ ᠲᠥᠷᠥᠭᠳᠡᠯ ᠢ ᠪᠥᠬᠦ ᠲᠠᠯ᠎ᠠ ᠪᠠᠷ ᠲᠡᠭᠡᠭᠰᠢᠯᠡᠬᠦᠯᠪᠡ᠃ ᠪᠠᠯᠭᠠᠰᠤᠨ ᠤ ᠲᠣᠭᠤᠷᠢᠭ ᠲᠤ ᠬᠤᠭᠤᠯᠠ ᠤᠮᠳᠠ ᠳᠤ ᠲᠤᠰᠠᠯᠠᠬᠤ᠂ ᠠᠶᠠᠯᠠᠯ ᠳᠤ ᠲᠤᠰᠠᠯᠠᠬᠤ᠂ | ᠡᠮᠨᠡᠯᠭᠡ ᠳᠤ ᠲᠤᠰᠠᠯᠠᠬᠤ᠂ ᠪᠠᠴᠢᠮ ᠪᠠᠶᠢᠳᠠᠯ ᠳᠤ ᠲᠤᠰᠠᠯᠠᠬᠤ᠂ ᠠᠷᠢᠭᠤᠨ ᠴᠡᠪᠡᠷ ᠲᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ ᠵᠡᠷᠭᠡ ︽ᠵᠢᠷᠭᠤᠭ᠎ᠠ ᠶᠢ | ᠲᠤᠰᠠᠯᠠᠬᠤ︾ ᠦᠢᠯᠡᠴᠢᠯᠡᠭᠡ ᠶᠢ ᠲᠠᠰᠤᠷᠠᠯᠲᠠ ᠦᠭᠡᠢ ᠴᠢᠩᠭᠠᠷᠠᠭᠤᠯᠵᠤ ᠬᠠᠷᠠᠭᠠᠯᠵᠠᠨ ᠠᠰᠠᠷᠠᠬᠤ ᠴᠢᠳᠠᠪᠤᠷᠢ ᠪᠠᠨ ᠲᠡᠭᠡᠭᠰᠢᠯᠡᠬᠦᠯᠵᠡᠢ᠃ ᠮᠠᠯᠵᠢᠬᠤ ᠣᠷᠣᠨ ᠳᠤ | ᠭᠠᠭᠴᠠᠭᠠᠷ ᠰᠠᠭᠤᠭ᠎ᠠ᠂ ᠭᠤᠤᠨᠢ᠂ ᠭᠡᠷ ᠲᠤ ᠪᠠᠨ ᠬᠤᠴᠣᠷᠤᠭᠰᠠᠨ᠂ ᠲᠥᠯᠥᠪᠯᠡᠭᠡᠲᠦ ᠦᠷᠡᠵᠢᠯ ᠤᠨ ᠤᠨᠴᠠᠭᠠᠢ ᠭᠡᠷ ᠪᠦᠯᠢ ᠶᠢᠨ ᠬᠢᠨ ᠵᠡᠷᠭᠡ ᠭᠡᠷ ᠲᠤ ᠪᠠᠨ ᠰᠠᠭᠤᠵᠤ | ᠪᠠᠶᠢᠭ᠎ᠠ ᠣᠨᠴᠠ ᠬᠦᠴᠢᠷᠳᠡᠯᠲᠡᠢ ᠨᠠᠰᠤᠲᠠᠶᠢᠴᠤᠳ ᠢ ᠰᠤᠷᠪᠤᠯᠵᠢᠯᠠᠬᠤ ᠠᠵᠢᠯ ᠢ ᠭᠤᠣᠯᠳᠠᠯᠭ᠎ᠠ ᠲᠠᠢ ᠴᠢᠩᠭᠠᠳᠬᠠᠵᠤ ᠠᠮᠢᠳᠤᠷᠠᠯ ᠢ ᠨᠢ ᠬᠠᠷᠠᠭᠠᠯᠵᠠᠬᠤ᠂ ᠬᠤᠭᠤᠯᠠ | ᠤᠮᠳᠠ ᠳᠤ ᠨᠢ ᠲᠤᠰᠠᠯᠠᠬᠤ᠂ ᠪᠠᠴᠢᠮ ᠪᠠᠶᠢᠳᠠᠯ ᠳᠤ ᠠᠪᠤᠷᠠᠨ ᠲᠤᠰᠠᠯᠠᠬᠤ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠲᠠᠯ᠎ᠠ ᠪᠠᠷ ᠭᠡᠷ ᠲᠤ ᠨᠢ ᠬᠦᠷᠴᠦ | ᠦᠢᠯᠡᠴᠢᠯᠡᠭᠡ ᠬᠠᠨᠭ᠍ᠭᠠᠭᠠᠳ ᠠᠮᠢᠳᠤᠷᠠᠯ ᠤᠨ ᠬᠦᠴᠢᠷ ᠠᠰᠠᠭᠤᠳᠠᠯ ᠢ ᠴᠠᠭ ᠲᠤᠬᠠᠢ ᠳᠤ ᠨᠢ ᠰᠢᠢᠳᠪᠤᠷᠢᠯᠡᠯᠡ᠃ ︽ᠬᠦᠴᠦ ᠪᠠᠨ ᠬᠠᠮᠲᠤᠳᠬᠠᠨ ᠠᠷᠠᠳ ᠲᠤ ᠠᠰᠢᠭ | ᠬᠦᠷᠲᠡᠭᠡᠵᠦ︾ ᠢᠳᠡᠬᠡᠨ ᠢᠶᠠᠷ ᠵᠢᠷᠭᠠᠯ ᠨᠡᠮᠡᠷᠢᠯᠡᠪᠡ ︽ᠡᠨᠡ ᠬᠦ ᠥᠷᠯᠥᠭᠡ ᠶᠢᠨ ᠬᠤᠭᠤᠯᠠᠨ ᠤ ᠭᠡᠷ ᠮᠠᠨ ᠤ ᠭᠡᠷ ᠠᠴᠠ ᠮᠠᠰᠢ ᠣᠶᠢᠷ᠎ᠠ᠂ ᠥᠷᠯᠥᠭᠡ ᠪᠡᠶ᠎ᠡ ᠪᠠᠨ | ᠪᠣᠯᠪᠠᠰᠤᠷᠠᠭᠰᠠᠨ ᠤ ᠳᠠᠷᠠᠭ᠎ᠠ ᠰᠢᠭᠤᠳ ᠠᠳᠡ ᠢᠷᠡᠵᠦ ᠪᠤᠤᠵᠠ ᠢᠳᠡᠵᠦ᠂ ᠰᠢᠩᠭᠡᠨ ᠪᠤᠳᠠᠭ᠎ᠠ ᠤᠭᠤᠴᠢᠳᠠᠭ᠂ ᠣᠷᠴᠢᠨ ᠲᠣᠭᠤᠷᠢᠨ ᠨᠢ ᠴᠡᠪᠡᠷ ᠲᠤᠬᠢᠯᠢᠭ᠂ | ᠬᠤᠭᠤᠯᠨ ᠤᠮᠳᠠ ᠨᠢ ᠴᠦ ᠠᠮᠳᠠᠳᠠᠢ᠂ ᠣᠳᠣ ᠤᠯᠤᠰ ᠤᠨ ᠲᠥᠷᠥ ᠶᠢᠨ ᠪᠣᠳᠣᠯᠭ᠎ᠠ ᠶᠢ ᠳᠠᠭᠠᠵᠤ᠂ ︿ᠠᠬᠠᠮᠠᠳ ᠬᠥᠮᠥᠰ ᠤᠨ ᠬᠤᠭᠤᠯᠠᠨ ᠰᠢᠷᠡᠭᠡ﹀ ᠭᠠᠷᠭᠠᠭᠰᠠᠨ | ᠪᠣᠯᠬᠤᠷ ᠮᠠᠨ ᠤ ᠨᠠᠰᠤᠲᠠᠶᠢᠴᠤᠳ ᠲᠤ ᠪᠠᠰᠠ ᠬᠠᠷᠠᠭᠠᠯᠵᠠᠯ ᠦᠵᠡᠭᠦᠯᠵᠦ ᠪᠠᠶᠢᠨ᠎ᠠ︾ ᠭᠡᠵᠤ ᠵᠠᠯᠠᠨ ᠠᠶᠢᠯ ᠬᠤᠲᠠ ᠶᠢᠨ ᠵᠧᠩ ᠶᠠᠩ ᠵᠡᠭᠡᠯᠢ ᠳᠤ ᠰᠠᠭᠤᠵᠤ ᠪᠠᠶᠢᠭ᠎ᠠ | ᠨᠠᠰᠤᠲᠠᠳ ᠭᠡᠷ ᠤᠨ ᠢᠶᠠᠨ ᠡᠭᠦᠳᠡᠨ ᠳᠤ ᠪᠠᠨ ᠨᠠᠰᠤᠲᠠᠨ ᠢ ᠲᠤᠰᠠᠯᠠᠬᠤ ᠬᠤᠭᠤᠯᠠ ᠢᠳᠡᠭᠡᠳ ᠠᠮᠠ ᠬᠠᠮᠬᠢᠯ ᠦᠭᠡᠢ ᠮᠠᠭᠲᠠᠵᠤ ᠪᠠᠶᠢᠭ᠎ᠠ ᠨᠢ ᠡᠨᠡ᠃ ᠨᠠᠰᠤᠳᠠᠨ ᠠᠯᠢ | ᠬᠡᠳᠦ᠋ᠢᠨ ᠤ ᠠᠳᠡᠬᠢ ᠶᠢᠨ ᠪᠠᠶᠢᠩᠭᠤ ᠶᠢᠨ ᠵᠣᠴᠢᠨ ᠪᠤᠯᠤᠬᠰᠠᠨ ᠪᠠᠶᠢᠯ᠎ᠠ᠃ | ᠭᠡᠷ ᠤᠨ ᠡᠭᠦᠳᠡᠨ ᠳᠤ ᠪᠠᠨ ᠬᠠᠯᠠᠭᠤᠨ ᠬᠤᠭᠤᠯᠠ ᠢᠳᠡᠬᠦ ᠨᠢ ᠨᠠᠰᠤᠲᠠᠶᠢᠴᠤᠳ ᠤᠨ ᠠᠮᠢᠳᠤᠷᠠᠯ ᠳᠤ ᠬᠡᠷᠡᠭᠴᠡᠭᠡ ᠲᠠᠢ ᠪᠠᠷ ᠪᠠᠷᠠᠬᠤ ᠦᠭᠡᠢ ᠪᠠᠰᠠ ᠦᠷ᠎ᠡ | ᠬᠡᠦᠬᠡᠳ ᠲᠠᠢ ᠨᠢ ᠬᠤᠯᠪᠣᠭᠳᠠᠨ᠎ᠠ᠃ ᠬᠥᠮᠥᠨ ᠠᠮᠠ ᠶᠢᠨ ᠨᠠᠰᠤᠵᠢᠯᠲᠠ ᠭᠦᠨᠵᠡᠭᠡᠶᠢᠷᠡᠬᠦ ᠪᠠ ᠭᠡᠷ ᠪᠦᠯᠢ ᠶᠢᠨ ᠪᠦᠲᠦᠴᠡ ᠶᠢᠨ ᠬᠤᠪᠢᠷᠠᠬᠤ ᠶᠢ ᠳᠠᠭᠠᠯᠳᠤᠨ ᠦᠳᠡᠬᠦᠰ᠂ | ᠪᠡᠶ᠎ᠡ ᠳᠤ ᠪᠠᠨ ᠵᠦᠪ ᠦᠬᠡᠢ᠂ ᠭᠠᠭᠴᠠᠭᠠᠷ ᠰᠠᠭᠤᠭ᠎ᠠ᠂ ᠭᠡᠷ ᠲᠤ ᠪᠠᠨ ᠬᠤᠴᠣᠷᠤᠭᠰᠠᠨ ᠨᠠᠰᠤᠲᠠᠶᠢᠴᠤᠳ ᠤᠨ ᠲᠤᠭ᠎ᠠ ᠦᠷᠭᠦᠯᠵᠢᠯᠡᠨ ᠨᠡᠮᠡᠭᠳᠡᠵᠦ ᠬᠤᠭᠤᠯᠠ | ᠤᠮᠳᠠ ᠳᠤ ᠲᠤᠰᠠᠯᠠᠬᠤ ᠦᠢᠯᠡᠴᠢᠯᠡᠭᠡ ᠨᠢ ᠨᠢᠭᠡᠨᠲᠡ ᠨᠠᠰᠤᠲᠠᠶᠢᠴᠤᠳ ᠤᠨ ᠨᠡᠶᠢᠳᠡᠮ ᠤᠨ ᠬᠡᠷᠡᠭᠴᠡᠭᠡ ᠪᠠ ᠬᠠᠯᠠᠭᠤᠨ ᠬᠦᠰᠡᠯ ᠪᠣᠯᠵᠤ ᠪᠠᠶᠢᠨ᠎ᠠ᠃ ᠵᠠᠯᠠᠨ ᠠᠶᠢᠯ | ᠬᠤᠲᠠ ᠶᠢᠨ ᠬᠢᠨ ᠠᠷᠠᠳ ᠲᠦᠮᠡᠨ ᠤ ᠲᠥᠯᠥᠭᠡ ᠪᠣᠳᠣᠯᠬᠢᠯᠠᠬᠤ ᠰᠡᠳᠬᠢᠯᠭᠡ ᠪᠠᠨ ᠢᠮᠠᠭᠲᠠ ᠪᠠᠷᠢᠮᠲᠠᠯᠠᠵᠤ ᠬᠥᠮᠥᠨ ᠠᠮᠠ ᠶᠢᠨ ᠨᠠᠰᠤᠵᠢᠯᠳᠠ ᠶᠢ ᠢᠳᠡᠪᠬᠢᠲᠡᠢ ᠪᠠᠷ | ᠠᠷᠭᠠᠴᠠᠭᠠᠵᠤ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠦᠨ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠲᠠᠰᠤᠷᠠᠯᠳᠡ ᠦᠭᠡᠢ ᠰᠢᠨᠡᠳᠬᠡᠨ ︽ᠢᠳᠡᠭᠡᠨ | ᠤᠮᠳᠠᠭᠠᠨ ᠤ ᠠᠵᠤ ᠠᠬᠤᠶᠢᠯᠠᠯ + ᠨᠠᠰᠤᠲᠠᠶᠢᠴᠤᠳ ᠤᠨ ᠬᠤᠭᠤᠯᠠᠨ ᠰᠢᠷᠡᠭᠡ + ᠲᠤᠰᠠᠯᠠᠬᠤ ᠬᠤᠭᠤᠯᠠᠨ ᠤ ᠭᠠᠵᠠᠷ︾ ᠬᠡᠬᠦ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠢ ᠬᠠᠮᠳᠤᠷᠠᠨ ᠪᠠᠶᠢᠭᠤᠯᠤᠭᠠᠳ ︽ᠠᠷᠠᠳ ᠲᠤ ᠠᠰᠢᠭ ᠬᠦᠷᠲᠡᠭᠡᠬᠦ ᠬᠤᠭᠤᠯᠠᠨ ᠭᠡᠷ︾ ᠢᠶᠠᠷ ᠠᠶᠢᠯ ᠡᠷᠦᠬᠡ ᠳᠤ ᠠᠮᠳᠠᠳᠤ ᠢᠳᠡᠭᠡᠨ | ᠬᠠᠩᠭᠠᠵᠤ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠨᠡᠩ ᠵᠤᠵᠠᠭᠠᠳᠬᠠᠬᠤ ᠪᠠᠷ ᠴᠢᠷᠮᠠᠶᠢᠵᠤ ᠪᠠᠶᠢᠨ᠎ᠠ᠃ ᠬᠥᠯᠥᠨ ᠪᠤᠶᠢᠷ ᠤᠨ ᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 2024 ᠣᠨ ᠳᠤ ᠨᠠᠰᠤᠲᠠᠶᠢᠴᠤᠳ ᠲᠤ ᠲᠤᠰᠠᠯᠠᠬᠤ ᠠᠵᠢᠯᠯᠠᠭ᠎ᠠ ᠶᠢ ᠶᠡᠭᠡ ᠪᠠᠷ ᠬᠥᠭᠵᠢᠭᠦᠯᠵᠦ ︽ᠢᠳᠡᠭᠡᠨ | ᠤᠮᠳᠠᠭᠠᠨ ᠤ ᠠᠵᠤ ᠠᠬᠤᠶᠢᠯᠠᠯ + ᠬᠤᠭᠤᠯᠠ ᠤᠮᠳᠠᠭᠠᠨ ᠤ ᠦᠢᠯᠡᠴᠢᠯᠡᠭᠡ︾ ᠶᠢᠨ ᠵᠠᠭᠪᠤᠷ ᠢ ᠵᠣᠷᠢᠭᠵᠢᠭᠤᠯᠤᠨ ᠨᠥᠬᠦᠴᠡᠯ ᠳᠤ ᠨᠡᠶᠢᠴᠡᠬᠦ ᠢᠳᠡᠭᠡᠨ ᠤᠮᠳᠠᠭᠠᠨ ᠤ | ᠠᠵᠤ ᠠᠬᠤᠶᠢᠯᠠᠯ ᠪᠠ ᠨᠡᠶᠢᠭᠡᠮ ᠲᠣᠭᠤᠷᠢᠭ ᠤᠨ ᠬᠤᠭᠤᠯᠠᠨ ᠭᠡᠷ ᠤᠨ ᠨᠠᠰᠤᠲᠠᠶᠢᠴᠤᠳ ᠲᠤ ᠲᠤᠰᠠᠯᠠᠬᠤ ᠬᠤᠭᠤᠯᠠ ᠬᠠᠩᠭᠠᠬᠤ ᠶᠢ ᠳᠡᠮᠵᠢᠵᠦ ᠲᠤᠰᠬᠠᠢ ᠮᠡᠷᠭᠡᠵᠢᠯ ᠤᠨ | ᠬᠤᠭᠤᠯᠠ ᠲᠣᠬᠢᠷᠠᠭᠤᠯᠬᠤ ᠠᠵᠢᠯᠯᠠᠭ᠎ᠠ ᠶᠢ ᠥᠷᠨᠢᠭᠦᠯᠦᠨ ᠨᠠᠰᠤᠲᠠᠶᠢᠴᠤᠳ ᠲᠤ ᠲᠤᠰᠠᠯᠠᠬᠤ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ | ᠨᠠᠰᠤᠲᠠᠶᠢᠴᠤᠳ ᠤᠨ ᠣᠶᠢᠷ᠎ᠠ ᠬᠠᠪᠢ ᠳᠤ ᠪᠠᠨ᠂ ᠳᠥᠭᠦᠮ ᠳᠥᠲᠡ᠂ ᠰᠠᠶᠢᠨ ᠬᠤᠭᠤᠯᠠ ᠢᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ | ᠣᠳᠣᠬᠠᠨ ᠳᠤ ᠪᠥᠬᠦ ᠬᠤᠲᠠ ᠶᠢᠨ ᠨᠡᠶᠢᠲᠡ 20 ᠢᠳᠡᠭᠡᠨ ᠤᠮᠳᠠᠭᠠᠨ ᠤ ᠠᠵᠤ ᠠᠬᠤᠶᠢᠯᠠᠯ ᠨᠠᠰᠤᠲᠠᠶᠢᠴᠤᠳ ᠲᠤ ᠲᠤᠰᠠᠯᠠᠬᠤ ᠠᠵᠢᠯᠯᠠᠭ᠎ᠠ ᠳᠤ | ᠣᠷᠣᠯᠴᠠᠵᠤ ᠡᠵᠡᠩᠨᠡᠯᠲᠡ ᠶᠢᠨ ᠵᠠᠭᠪᠤᠷ ᠪᠠ ᠢᠳᠡᠰᠢᠨ ᠨᠣᠭᠤᠭ᠎ᠠ ᠳᠤ ᠲᠦᠰᠢᠭᠯᠡᠨ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠢᠳᠡᠰᠢᠨ ᠨᠣᠭᠤᠭ᠎ᠠ ᠶᠢᠨ ᠵᠣᠷ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠷᠡᠭᠦᠯ ᠮᠡᠨᠳᠦ ᠶᠢᠨ ᠢᠳᠡᠭᠡᠨ ᠤᠮᠳᠠᠭᠠᠨ ᠤ ᠮᠡᠳᠡᠯᠭᠡ ᠵᠡᠷᠭᠡ ᠵᠦᠢᠯᠡᠰ ᠢ ᠭᠠᠷᠭᠠᠵᠤ ᠬᠠᠷᠢᠶᠠᠲᠤ ᠣᠷᠣᠨ ᠤ | ᠨᠠᠰᠤᠲᠠᠶᠢᠴᠤᠳ ᠲᠤ ᠳᠥᠭᠦᠮ ᠳᠥᠲᠡ᠂ ᠰᠢᠮ᠎ᠡ ᠲᠡᠵᠢᠭᠡᠯ ᠲᠠᠢ᠂ ᠠᠰᠢᠭ ᠲᠤᠰᠠ ᠲᠠᠢ᠂ ᠰᠢᠨᠵᠢᠯᠡᠬᠦ ᠤᠬᠠᠭᠠᠨᠴᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠵᠤ | ᠪᠠᠶᠢᠨ᠎ᠠ᠃ ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠵᠠᠰᠠᠭ ᠤᠨ ᠶᠠᠪᠤᠳᠠᠯ ᠤᠨ ᠴᠢᠭᠯᠡᠯ ᠶᠤᠮ᠃ ᠨᠠᠰᠤᠵᠢᠯ ᠤᠨ ᠠᠰᠠᠷᠠᠮᠵᠢ ᠶᠢᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ ᠥᠲᠡᠯᠪᠡᠯ ᠠᠰᠠᠷᠠᠮᠵᠢ ᠲᠠᠢ᠂ ᠦᠳᠡᠯᠪᠡᠯ ᠪᠠᠲᠤᠯᠠᠭ᠎ᠠ ᠲᠠᠢ ᠪᠤᠯᠭᠠᠵᠤ ᠤᠯᠠᠨ ᠲᠦᠮᠡᠨ ᠤ ᠵᠢᠷᠭᠠᠯᠳᠤ | ᠠᠮᠢᠳᠤᠷᠠᠯ ᠶᠢ ᠦᠡᠭᠭᠡ ᠨᠡᠮᠡᠷᠢᠯᠡᠭᠰᠡᠬᠡᠷ᠃ | |