︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/11/1
        ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠳᠡᠢ         ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 31 ᠤ ᠡᠳᠦᠷ ᠤᠨ ᠮᠡᠳᠡᠭᠡ 9 ᠰᠠᠷ᠎ᠠ ᠶᠢᠨ 1 ᠤ ᠡᠳᠦᠷ ᠬᠡᠪᠯᠡᠭᠳᠡᠭᠰᠡᠨ 17 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠶ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃         ᠵᠣᠬᠢᠶᠠᠯ ᠳᠤ᠂ ᠶᠠᠮᠠᠷ ᠬᠥᠮᠦᠨ ᠢ ᠬᠥᠮᠦᠵᠢᠭᠦᠯᠬᠦ ᠪᠣᠯ ᠰᠤᠷᠭᠠᠨ ᠬᠥᠮᠦᠵᠢᠯ ᠤᠨ ᠲᠡᠷᠢᠭᠦᠨ ᠴᠢᠬᠤᠯᠠ ᠠᠰᠠᠭᠤᠳᠠᠯ ᠪᠣᠯᠤᠨ᠎ᠠ᠃ ᠮᠠᠨ ᠤ ᠤᠯᠤᠰ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ᠂ ᠡᠨᠡ ᠨᠢ ᠮᠠᠨ ᠤ ᠰᠤᠷᠭᠠᠨ ᠬᠥᠮᠦᠵᠢᠯ ᠡᠷᠬᠡᠪᠰᠢ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠥᠯᠥᠭᠡ ᠨᠠᠰᠤᠨ ᠲᠤᠷᠰᠢᠳᠠ ᠲᠡᠮᠡᠴᠡᠬᠦ ᠪᠠᠷ ᠵᠣᠷᠢᠭ ᠰᠢᠭᠤᠳᠤᠭᠰᠠᠨ ᠦᠶ᠎ᠡ ᠦᠶ᠎ᠡ ᠶᠢᠨ ᠬᠡᠷᠡᠭᠴᠡᠭᠡ ᠲᠠᠢ ᠴᠢᠳᠠᠪᠤᠷᠢᠲᠠᠨ ᠢ ᠬᠥᠮᠦᠵᠢᠭᠦᠯᠬᠦ ᠬᠡᠷᠡᠭᠲᠡᠢ ᠭᠡᠳᠡᠭ ᠢ ᠲᠣᠭᠲᠠᠭᠠᠵᠠᠢ᠃ ᠪᠦᠬᠦᠳᠡᠭᠡᠷ ᠬᠥᠮᠦᠨ ᠢ ᠬᠥᠮᠦᠵᠢᠭᠦᠯᠬᠦ᠂ ᠪᠦᠬᠦ ᠶᠠᠪᠤᠴᠠ ᠪᠠᠷ ᠬᠥᠮᠦᠨ ᠢ ᠬᠥᠮᠦᠵᠢᠭᠦᠯᠬᠦ᠂ ᠪᠦᠬᠦ ᠲᠠᠯ᠎ᠠ ᠪᠠᠷ ᠬᠥᠮᠦᠨ ᠢ ᠬᠥᠮᠦᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠲᠠᠰᠤᠷᠠᠯᠲᠠ ᠦᠭᠡᠢ ᠬᠥᠮᠦᠵᠢᠭᠦᠯᠬᠦ ᠬᠡᠷᠡᠭᠲᠡᠢ᠃ ᠡᠨᠡ ᠪᠣᠯ ᠰᠤᠷᠭᠠᠨ ᠬᠥᠮᠦᠵᠢᠯ ᠤᠨ ᠠᠵᠢᠯ ᠤᠨ ᠦᠨᠳᠦᠰᠦᠨ ᠡᠭᠦᠷᠭᠡ ᠮᠥᠨ᠂ ᠪᠠᠰᠠ ᠴᠤ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠴᠢᠭᠯᠡᠯ ᠬᠠᠷᠠᠯᠲᠠ ᠮᠥᠨ ᠭᠡᠵᠦ ᠴᠢᠬᠤᠯᠠᠴᠢᠯᠠᠪᠠ᠃         ᠵᠣᠬᠢᠶᠠᠯ ᠳᠤ᠂ ᠪᠢᠳᠡᠨ ᠤ ᠬᠥᠮᠦᠵᠢᠭᠦᠯᠬᠦ ᠭᠡᠵᠦ ᠪᠠᠶᠢᠭ᠎ᠠ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠠᠮᠠᠷᠰᠢᠤ ᠦᠨᠳᠦᠰᠦᠨ ᠬᠡᠪ ᠪᠣᠯᠪᠠᠰᠤᠷᠠᠯ ᠪᠣᠯᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠷᠢᠯᠳᠦᠭᠦᠯᠪᠡᠯ ᠵᠣᠬᠢᠬᠤ ᠪᠤᠢ᠂ ᠬᠡᠷᠬᠢᠨ ᠬᠥᠮᠦᠵᠢᠭᠦᠯᠬᠦ ᠪᠤᠢ ᠬᠡᠪᠡᠯ ᠵᠠᠩᠭᠢᠯᠠᠭ᠎ᠠ ᠨᠢ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠳᠤ ᠪᠠᠶᠢᠨ᠎ᠠ᠃ ᠨᠢᠭᠡ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠮᠠᠨ ᠤ ᠬᠥᠮᠦᠵᠢᠭᠦᠯᠵᠦ ᠪᠠᠶᠢᠭ᠎ᠠ ᠬᠥᠮᠦᠨ ᠡᠷᠬᠡᠪᠰᠢ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠪᠤᠢ ᠪᠣᠯᠭᠠᠬᠤ ᠬᠡᠷᠡᠭᠲᠡᠢ᠃ ᠰᠤᠷᠤᠭᠴᠢᠳ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠴᠢᠩᠭᠠᠳᠬᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠬᠦ ᠪᠠᠷ ᠵᠣᠷᠢᠭ ᠰᠢᠭᠤᠳᠬᠤ ᠬᠡᠷᠡᠭᠲᠡᠢ᠃ ᠬᠤᠶᠠᠷ ᠲᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠤᠯᠤᠰ ᠢᠶᠠᠨ ᠬᠠᠶᠢᠷᠠᠯᠠᠬᠤ ᠦᠵᠡᠯ ᠪᠣᠯ ᠳᠤᠮᠳᠠᠳᠤ ᠶᠢᠨ ᠦᠨᠳᠦᠰᠦᠲᠡᠨ ᠤ ᠦᠨᠳᠦᠰᠦᠲᠡᠨ ᠤ ᠰᠡᠳᠬᠢᠯ᠂ ᠦᠨᠳᠦᠰᠦᠲᠡᠨ ᠤ ᠰᠦᠭ ᠰᠦᠨᠡᠰᠦ ᠮᠥᠨ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠡᠩ ᠲᠡᠷᠢᠭᠦᠨ ᠳᠤ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠬᠦ ᠬᠡᠷᠡᠭᠲᠡᠢ᠃ ᠰᠤᠷᠤᠭᠴᠢᠳ ᠤᠨ ᠳᠤᠮᠳᠠᠳᠤ ᠤᠯᠤᠰ ᠤᠨ ᠡᠪ ᠬᠠᠮᠲᠤ ᠨᠠᠮ ᠢ ᠬᠠᠶᠢᠷᠠᠯᠠᠨ ᠬᠦᠷᠢᠶᠡᠯᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠬᠰᠢᠯᠠᠬᠤ ᠪᠠᠷ ᠵᠣᠷᠢᠭ ᠰᠢᠭᠤᠳᠴᠤ᠂ ᠠᠷᠠᠳ ᠲᠦᠮᠡᠨ ᠤ ᠳᠤᠮᠳᠠ ᠦᠨᠳᠦᠰᠦᠯᠡᠬᠦ᠂ ᠤᠯᠤᠰ ᠣᠷᠣᠨ ᠳᠠᠭᠠᠨ ᠬᠤᠪᠢ ᠨᠡᠮᠡᠷᠢ ᠦᠵᠡᠭᠦᠯᠬᠦ ᠪᠠᠷ ᠵᠣᠷᠢᠭ ᠰᠢᠭᠤᠳᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠭᠤᠷᠪᠠ ᠳᠤ᠂ ᠵᠠᠩ ᠮᠣᠷᠠᠯ ᠤᠨ ᠪᠣᠯᠪᠠᠰᠤᠷᠠᠯ ᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠶᠣᠰᠣ ᠰᠤᠷᠲᠠᠬᠤᠨ ᠢ ᠲᠡᠷᠢᠭᠦᠨ ᠳᠤ ᠲᠠᠯᠪᠢᠵᠤ᠂ ᠪᠡᠶ᠎ᠡ ᠪᠠᠨ ᠵᠠᠰᠠᠬᠤ ᠪᠠᠷ ᠦᠨᠳᠦᠰᠦ ᠪᠣᠯᠭᠠᠬᠤ ᠪᠣᠯ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠦᠨᠳᠦᠰᠦᠨ ᠯᠣᠭᠢᠭ ᠮᠥᠨ᠃ ᠰᠤᠷᠤᠭᠴᠢᠳ ᠢ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠶ᠋ᠯᠡᠳᠦᠯᠭᠡᠵᠢᠭᠦᠯᠵᠦ᠂ ᠶᠣᠰᠣ ᠰᠤᠷᠲᠠᠬᠤᠨ ᠢᠶᠠᠷ ᠪᠡᠶ᠎ᠡ ᠪᠠᠨ ᠴᠢᠮᠡᠬᠦ᠂ ᠨᠡᠶᠢᠲᠡ ᠶᠢᠨ ᠶᠣᠰᠣ ᠰᠤᠷᠲᠠᠬᠤᠨ ᠴᠠᠶᠢᠯᠭᠠᠨ ᠰᠡᠳᠬᠢᠯ ᠲᠠᠢ ᠪᠠᠶᠢᠬᠤ᠂ ᠶᠡᠭᠡ ᠶᠣᠰᠣ ᠰᠤᠷᠲᠠᠬᠤᠨ ᠢᠶᠠᠷ ᠰᠦᠭ ᠰᠦᠨᠡᠰᠦ ᠶᠢ ᠴᠣᠭᠴᠠᠯᠠᠬᠤ ᠶᠢ ᠪᠡᠶᠡᠯᠡᠭᠦᠯᠵᠦ᠂ ᠯᠠᠪᠳᠠᠭᠤᠨ ᠪᠠᠲᠤᠲᠠᠶ ᠪᠠᠷ ᠶᠣᠰᠣ ᠰᠤᠷᠲᠠᠬᠤᠨ ᠢᠶᠠᠨ ᠱᠤᠭᠤᠵᠤ᠂ ᠶᠡᠭᠡ ᠬᠠᠶᠢᠷ᠎ᠠ ᠶᠡᠭᠡ ᠶᠣᠰᠣ ᠰᠤᠷᠲᠠᠬᠤᠨ ᠶᠡᠭᠡ ᠬᠠᠶᠢᠷ᠎ᠠ ᠰᠡᠳᠬᠢᠯᠭᠡ ᠲᠠᠢ ᠬᠥᠮᠦᠨ ᠪᠣᠯᠬᠤ ᠬᠡᠷᠡᠭᠲᠡᠶ᠃ ᠳᠥᠷᠪᠡ ᠳᠤ ᠮᠡᠳᠡᠯᠭᠡ ᠮᠡᠳᠡᠴᠡ ᠪᠠᠨ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠮᠡᠳᠡᠯᠭᠡ ᠰᠤᠷᠤᠯᠴᠠᠬᠤ ᠪᠣᠯ ᠰᠤᠷᠤᠭᠴᠢ ᠶᠢᠨ ᠲᠤᠬᠠᠶᠢᠯᠠᠭᠰᠠᠨ ᠠᠵᠢᠯ ᠪᠤᠯᠤᠨ᠎ᠠ᠃ ᠰᠤᠷᠤᠭᠴᠢᠳ ᠢ ᠰᠤᠷᠤᠯᠴᠠᠬᠤ ᠴᠠᠭ ᠮᠥᠴᠡ ᠪᠠᠨ ᠨᠠᠨᠳᠢᠩᠨᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠡᠷᠳᠡᠮ ᠮᠡᠳᠡᠯᠭᠡ ᠰᠤᠷᠴᠤ᠂ ᠰᠤᠷᠤᠯᠴᠠᠬᠤ ᠳᠤᠮᠳᠠ ᠮᠡᠳᠡᠯᠭᠡ ᠪᠠᠨ ᠨᠡᠮᠡᠭᠳᠡᠭᠦᠯᠵᠦ᠂ ᠮᠡᠳᠡᠯᠭᠡ ᠮᠡᠳᠡᠴᠡ ᠪᠠᠨ ᠪᠠᠶᠠᠯᠢᠭᠵᠢᠭᠤᠯᠵᠤ᠂ ᠦᠨᠡᠨ ᠶᠣᠰᠣ ᠶᠢ ᠡᠷᠢᠯᠬᠢᠯᠡᠬᠦ᠂ ᠶᠣᠰᠣ ᠤᠴᠢᠷ ᠢ ᠤᠬᠠᠬᠤ᠂ ᠶᠣᠰᠣ ᠤᠴᠢᠷ ᠢ ᠣᠶᠢᠯᠠᠭᠠᠬᠤ ᠴᠢᠭᠯᠡᠯ ᠢᠶᠠᠷ ᠤᠷᠤᠭᠰᠢᠯᠠᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠲᠠᠪᠤ ᠳᠤ ᠲᠡᠮᠡᠴᠡᠯ ᠤᠨ ᠵᠣᠷᠢᠭ ᠰᠠᠨᠠᠭ᠎ᠠ ᠶᠢ ᠬᠥᠮᠦᠵᠢᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠤᠷᠤᠭᠴᠢᠳ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠠᠯᠤᠰ ᠬᠡᠲᠦ ᠶᠢᠨ ᠬᠦᠰᠡᠯ ᠵᠣᠷᠢᠯᠲᠠ ᠲᠠᠢ ᠪᠣᠯᠭᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠴᠥᠬᠦᠷᠡᠰᠢ ᠥᠬᠡᠶ ᠲᠡᠮᠡᠴᠡᠬᠦ ᠵᠣᠷᠢᠭ ᠰᠠᠨᠠᠭ᠎ᠠ ᠶᠢ ᠳᠠᠪᠲᠠᠨ ᠪᠣᠯᠪᠠᠰᠤᠷᠠᠭᠤᠯᠵᠤ᠂ ᠵᠣᠷᠢᠭᠲᠠᠶ ᠪᠠᠷ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ᠂ ᠪᠠᠶᠠᠰᠤᠩᠭᠤᠶ ᠥᠭᠡᠳᠡᠷᠬᠡᠭ ᠠᠮᠢᠳᠤᠷᠠᠬᠤᠶ ᠶᠢᠨ ᠣᠪᠣᠷ ᠲᠠᠢ ᠪᠣᠯᠭᠠᠵᠤ᠂ ᠮᠡᠳᠡᠬᠦ ᠬᠢᠬᠦ ᠶᠢ ᠨᠢᠭᠡᠳᠬᠡᠬᠦ ᠶᠢ ᠦᠨᠡᠨ ᠬᠦ ᠪᠡᠶᠡᠯᠡᠭᠦᠯᠵᠦ᠂ ᠲᠤᠷᠪᠢᠯᠢᠭ ᠠᠵᠢᠯᠯᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠬᠡᠷᠡᠭᠲᠡᠶ᠃ ᠵᠢᠷᠭᠤᠭ᠎ᠠ ᠳᠤ ᠶᠡᠷᠦᠩᠬᠡᠶᠢᠯᠡᠭᠰᠡᠨ ᠬᠡᠪ ᠴᠢᠨᠠᠷ ᠢ ᠴᠢᠩᠭᠠᠳᠬᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠡᠷᠬᠡᠪᠰᠢ ᠪᠦᠬᠦ ᠲᠠᠯ᠎ᠠ ᠪᠠᠷ ᠬᠥᠭᠵᠢᠬᠦ ᠬᠡᠷᠡᠭᠲᠡᠢ᠃ ᠰᠤᠷᠤᠭᠴᠢᠳ ᠤᠨ ᠶᠡᠷᠦᠩᠬᠡᠶᠢᠯᠡᠭᠰᠡᠨ ᠴᠢᠳᠠᠪᠤᠷᠢ ᠶᠢ ᠬᠥᠮᠦᠵᠢᠭᠦᠯᠵᠦ ᠬᠥᠲᠥᠯᠥᠨ ᠵᠢᠯᠣᠭᠤᠳᠴᠤ᠂ ᠰᠢᠨ᠎ᠡ ᠶᠢ ᠡᠭᠦᠳᠬᠦ ᠰᠡᠳᠬᠢᠬᠦᠶ ᠶᠢ ᠨᠢ ᠬᠥᠮᠦᠵᠢᠭᠦᠯᠬᠦ ᠬᠡᠷᠡᠭᠲᠡᠶ᠃ ᠡᠷᠡᠭᠦᠯ ᠴᠢᠭᠢᠷᠠᠭ ᠢ ᠲᠡᠷᠢᠭᠦᠨ ᠳᠤ ᠲᠠᠯᠪᠢᠬᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠣᠶ ᠪᠣᠯᠭᠠᠵᠤ᠂ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠬᠦᠢᠴᠡᠳ ᠨᠡᠭᠡᠭᠡᠬᠦ ᠭᠡᠷᠡᠭᠳᠡᠢ᠃ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠰᠤᠷᠤᠭᠴᠢᠳ ᠤᠨ ᠭᠤᠸ᠎ᠠ ᠰᠠᠶᠢᠬᠠᠨ ᠤ ᠲᠠᠭᠠᠰᠢᠶᠠᠯ ᠪᠠ ᠬᠥᠮᠦᠨ ᠨᠡᠶᠢᠭᠡᠮ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠭᠡᠷᠡᠭᠳᠡᠢ᠃ ᠰᠤᠷᠤᠭᠴᠢᠳ ᠤᠨ ᠳᠤᠮᠳᠠ ᠬᠥᠳᠡᠯᠮᠦᠷᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠤᠷᠤᠭᠴᠢᠳ ᠢ ᠬᠥᠳᠡᠯᠮᠦᠷᠢ ᠶᠢ ᠡᠷᠬᠢᠮᠯᠡᠬᠦ᠂ ᠬᠥᠳᠡᠯᠮᠦᠷᠢ ᠶᠢ ᠬᠦᠨᠳᠦᠳᠬᠡᠬᠦ ᠶᠢ ᠰᠤᠷᠭᠠᠨ ᠬᠥᠮᠦᠵᠢᠭᠦᠯᠵᠦ ᠬᠥᠲᠥᠯᠥᠨ ᠵᠢᠯᠤᠭᠤᠳᠬᠤ ᠭᠡᠷᠡᠭᠳᠡᠢ ᠭᠡᠵᠦ ᠵᠢᠭᠠᠵᠤ ᠭᠠᠷᠭᠠᠪᠠ᠃         ᠵᠣᠬᠢᠶᠠᠯ ᠳᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠮᠦᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠨᠡᠩ ᠥᠨᠳᠥᠷ ᠲᠦᠪᠰᠢᠨ ᠪᠦᠬᠦᠢ ᠴᠢᠳᠠᠪᠤᠷᠢᠲᠠᠨ ᠬᠥᠮᠦᠵᠢᠭᠦᠯᠬᠦ ᠰᠢᠰᠲ᠋ᠧᠮ ᠢ ᠪᠦᠷᠢᠯᠳᠦᠭᠦᠯᠬᠦ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ᠂ ᠰᠣᠶᠣᠯ ᠮᠡᠳᠡᠯᠭᠡ ᠶᠢᠨ ᠬᠥᠮᠦᠵᠢᠯ᠂ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠤᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠡᠯ᠎ᠡ ᠬᠦᠷᠢᠶᠡᠨ ᠳᠤ ᠲᠤᠤᠱᠯᠠᠭᠤᠯᠵᠤ᠂ ᠰᠢᠨᠵᠢᠯᠡᠭᠡᠨ ᠤ ᠰᠢᠰᠲ᠋ᠧᠮ᠂ ᠵᠢᠭᠠᠨ ᠰᠤᠷᠭᠠᠯᠲᠠ ᠶᠢᠨ ᠰᠢᠰᠲ᠋ᠧᠮ᠂ ᠵᠢᠭᠠᠬᠤ ᠮᠠᠲ᠋ᠧᠷᠢᠶᠠᠯ ᠤᠨ ᠰᠢᠰᠲ᠋ᠧᠮ᠂ ᠬᠠᠮᠢᠶᠠᠷᠤᠯᠲᠠ ᠶᠢᠨ ᠰᠢᠰᠲ᠋ᠧᠮ ᠢ ᠡᠨᠡ ᠬᠦ ᠬᠠᠷᠠᠯᠲᠠ ᠶᠢᠨ ᠲᠣᠭᠤᠷᠢᠨ ᠳᠤ ᠵᠢᠷᠤᠵᠤ ᠲᠥᠯᠥᠪᠯᠡᠵᠦ᠂ ᠪᠠᠭᠰᠢ ᠨᠠᠷ ᠡᠨᠡ ᠬᠦ ᠬᠠᠷᠠᠯᠲᠠ ᠶᠢᠨ ᠲᠣᠭᠤᠷᠢᠨ ᠳᠤ ᠵᠢᠭᠠᠨ ᠰᠤᠷᠭᠠᠬᠤ ᠬᠡᠷᠡᠭᠲᠡᠢ᠂ ᠰᠤᠷᠤᠭᠴᠢᠳ ᠡᠨᠡ ᠬᠦ ᠬᠠᠷᠠᠯᠲᠠ ᠶᠢᠨ ᠲᠣᠭᠤᠷᠢᠨ ᠳᠤ ᠰᠤᠷᠤᠯᠴᠠᠬᠤ ᠬᠡᠷᠡᠭᠲᠡᠢ᠃ ᠡᠨᠡ ᠬᠦ ᠬᠠᠷᠠᠯᠲᠠ ᠶᠢ ᠪᠡᠶᠡᠯᠡᠭᠦᠯᠬᠦ ᠳᠤ ᠠᠰᠢᠭ ᠦᠭᠡᠢ ᠠᠷᠭ᠎ᠠ ᠬᠢᠳᠡᠯ ᠪᠦᠬᠦᠨ ᠢ ᠡᠷᠡᠰ ᠵᠠᠯᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠵᠣᠬᠢᠶᠠᠯ ᠳᠤ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠬᠡᠷᠡᠭᠲᠡᠢ᠃ ᠵᠢᠭᠠᠬᠤ ᠮᠠᠲ᠋ᠧᠷᠢᠶᠠᠯ ᠪᠣᠯ ᠮᠡᠳᠡᠯᠭᠡ ᠶᠢ ᠤᠯᠠᠮᠵᠢᠯᠠᠬᠤ ᠭᠤᠣᠯ ᠠᠴᠢᠶᠠᠯᠠᠪᠤᠷᠢ ᠮᠥᠨ᠂ ᠲᠡᠷᠡ ᠨᠢ ᠨᠢᠭᠡ ᠤᠯᠤᠰ᠂ ᠨᠢᠭᠡ ᠦᠨᠳᠦᠰᠦᠲᠡᠨ ᠤ ᠦᠷᠳᠡᠭ ᠤᠨ ᠦᠵᠡᠯᠲᠡ ᠶᠢᠨ ᠰᠢᠰᠲ᠋ᠧᠮ ᠢ ᠢᠯᠡᠷᠡᠭᠦᠯᠵᠦ᠂ ᠪᠠᠭᠰᠢ ᠶᠢᠨ ᠵᠢᠭᠠᠨ ᠰᠤᠷᠭᠠᠯᠲᠠ᠂ ᠰᠤᠷᠤᠭᠴᠢᠳ ᠤᠨ ᠰᠤᠷᠤᠯᠴᠠᠯᠭ᠎ᠠ ᠶᠢᠨ ᠴᠢᠬᠤᠯᠠ ᠪᠠᠭᠠᠵᠢ ᠪᠤᠯᠵᠤ ᠪᠠᠶᠢᠳᠠᠭ᠃ ᠵᠢᠭᠠᠬᠤ ᠮᠠᠲ᠋ᠧᠷᠢᠶᠠᠯ ᠳᠤ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠱᠠᠭᠠᠷᠳᠠᠯᠭ᠎ᠠ ᠶᠢ ᠢᠯᠡᠷᠡᠭᠦᠯᠵᠦ᠂ ᠳᠤᠮᠳᠠᠳᠤ ᠤᠯᠤᠰ ᠪᠠ ᠳᠤᠮᠳᠠᠳᠤ ᠶᠢᠨ ᠦᠨᠳᠦᠰᠦᠲᠡᠨ ᠤ ᠬᠡᠪ ᠨᠠᠮᠪᠠ ᠶᠢ ᠢᠯᠡᠷᠡᠭᠦᠯᠵᠦ᠂ ᠨᠠᠮ ᠪᠠ ᠤᠯᠤᠰ ᠤᠨ ᠰᠤᠷᠭᠠᠨ ᠬᠥᠮᠦᠵᠢᠯ ᠳᠠᠬᠢ ᠦᠨᠳᠦᠰᠦᠨ ᠱᠠᠭᠠᠷᠳᠠᠯᠭ᠎ᠠ ᠶᠢ ᠢᠯᠡᠷᠡᠭᠦᠯᠵᠦ᠂ ᠤᠯᠤᠰ ᠪᠠ ᠦᠨᠳᠦᠰᠦᠲᠡᠨ ᠤ ᠦᠨᠳᠦᠰᠦᠨ ᠥᠷᠲᠡᠭ ᠤᠨ ᠦᠵᠡᠯᠲᠡ ᠶᠢ ᠢᠯᠡᠷᠡᠭᠦᠯᠵᠦ᠂ ᠬᠥᠮᠦᠨ ᠲᠥᠷᠥᠯᠬᠢᠲᠡᠨ ᠤ ᠰᠣᠶᠣᠯ ᠤᠨ ᠮᠡᠳᠡᠯᠭᠡ ᠶᠢᠨ ᠬᠤᠷᠠᠮᠳᠤᠭᠤᠯᠤᠯ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ