ᠣᠷᠳᠣᠨ ᠮᠦᠽᠧᠢ ᠨᠢ ᠲᠤᠬᠠᠢ ᠶᠢᠨ ᠭᠠᠵᠠᠷ ᠣᠷᠣᠨ ᠤ ᠰᠣᠶᠣᠯ ᠲᠡᠦᠬᠡ᠂ ᠨᠡᠶᠢᠭᠡᠮ ᠠᠵᠤ ᠠᠬᠤᠢ᠂ ᠵᠠᠩ ᠦᠢᠯᠡ᠂ ᠤᠳᠬ᠎ᠠ ᠤᠷᠠᠯᠢᠭ ᠵᠡᠷᠭᠡ ᠤᠯᠠᠨ | ᠲᠠᠯ᠎ᠠ ᠶᠢᠨ ᠠᠮᠵᠢᠯᠲᠠ ᠳᠠᠪᠰᠢᠯᠳᠠ᠂ ᠣᠨᠴᠠᠯᠢᠭ ᠰᠢᠨᠵᠢ ᠶᠢ ᠬᠠᠷᠠᠭᠤᠯᠵᠤ ᠪᠠᠶᠢᠳᠠᠭ ᠢᠶᠠᠷ ᠢᠶᠠᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ | ᠣᠷᠣᠯᠠᠭᠤᠯᠵᠤ ᠪᠣᠯᠣᠰᠢ ᠦᠭᠡᠢ ᠦᠢᠯᠡᠳᠦᠯ ᠴᠢᠳᠠᠪᠬᠢ ᠪᠠ ᠪᠠᠶᠢᠷᠢ ᠰᠠᠭᠤᠷᠢ ᠲᠠᠢ ᠶᠤᠮ᠃ ᠮᠠᠨ ᠤ ᠣᠷᠣᠨ ᠤ ᠡᠯ᠎ᠡ ᠭᠠᠵᠠᠷ ᠤᠨ ᠣᠷᠳᠣᠨ ᠮᠦᠽᠧᠢ ᠡᠯᠪᠡᠭ | ᠪᠠᠶᠠᠯᠢᠭ ᠠᠭᠤᠯᠭ᠎ᠠ ᠪᠦᠬᠦᠢ ᠰᠢᠷᠢᠰ ᠠᠵᠢᠯᠯᠠᠭ᠎ᠠ ᠶᠢ ᠪᠠᠶᠢᠩᠭᠤ ᠡᠷᠭᠢᠯᠡᠨ ᠶᠠᠪᠤᠭᠤᠯᠵᠤ᠂ ᠰᠣᠶᠣᠯ ᠵᠢᠭᠤᠯᠴᠢᠯᠠᠯ ᠤᠨ ᠰᠢᠨ᠎ᠡ ᠬᠠᠯᠠᠮᠰᠢᠯ ᠴᠡᠭ ᠢ ᠪᠤᠢ ᠪᠤᠯᠭᠠᠵᠤ | ᠪᠠᠶᠢᠨ᠎ᠠ᠃ | ᠥᠪᠥᠷ ᠮᠣᠩᠭᠤᠯ ᠤᠨ ᠮᠦᠽᠧᠢ ᠡᠨᠡ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠳᠤ ︽ᠦᠶ᠎ᠡ ᠤᠯᠠᠮᠵᠢᠯᠠᠯ ᠤᠨ ᠡᠭᠦᠷᠢᠳᠡ ᠶᠢᠨ | ᠪᠣᠯᠵᠤᠭ᠎ᠠ︾ ᠪᠠᠷ ᠭᠤᠣᠯ ᠰᠡᠳᠦᠪ ᠪᠤᠯᠭᠠᠬᠰᠠᠨ ᠰᠢᠷᠢᠰ ᠰᠣᠨᠢᠷᠬᠠᠯᠲᠠᠢ ᠠᠵᠢᠯᠯᠠᠭ᠎ᠠ ᠶᠠᠪᠤᠭᠤᠯᠵᠤ᠂ 4.2 ᠲᠦᠮᠡᠨ ᠬᠥᠮᠥᠨ ᠤᠳᠠᠭ᠎ᠠ ᠶᠢᠨ ᠦᠵᠡᠭᠴᠢ ᠶᠢ ᠭᠥᠯᠢᠶᠡᠨ | ᠠᠪᠴᠤ᠂ 15 ᠳᠠᠯᠠᠪᠠᠢ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠳᠤᠨᠢ 3400 ᠭᠠᠷᠤᠢ ᠬᠥᠮᠥᠨ ᠣᠷᠣᠯᠴᠠᠵᠤ᠂ ᠤᠯᠠᠮᠵᠢᠯᠠᠯᠲᠤ ᠬᠥᠭᠵᠢᠮᠳᠡᠭᠦᠷ ᠤᠨ | ᠲᠤᠬᠯᠠᠯᠳᠠ ᠳᠤᠨᠢ 500 ᠭᠠᠷᠤᠢ ᠦᠵᠡᠭᠴᠢ ᠪᠠᠶᠠᠳᠠᠨ ᠤᠷᠤᠯᠴᠠᠵᠦ ᠳᠤᠮᠳᠠᠳᠤ ᠶᠢᠨ ᠤᠯᠠᠮᠵᠢᠯᠠᠯᠲᠤ ᠬᠥᠭᠵᠢᠮ ᠤᠷᠠᠯᠢᠭ ᠬᠢᠭᠡᠳ ᠲᠡᠦᠬᠡ ᠰᠣᠶᠣᠯ ᠤᠨ ᠰᠠᠶᠢᠬᠠᠨ ᠢ | ᠮᠡᠳᠡᠷᠡᠭᠰᠡᠨ ᠪᠠᠶᠢᠨ᠎ᠠ᠃ ᠡᠨᠡ ᠬᠦ ᠬᠤᠭᠤᠴᠠᠭᠠᠨ ᠳᠤ ᠥᠪᠥᠷ ᠮᠣᠩᠭᠤᠯ ᠤᠨ ᠮᠦᠽᠧᠢ ᠪᠠᠰᠠ ᠥᠪᠥᠷ ᠮᠣᠩᠭᠤᠯ ᠤᠨ ᠡᠷᠲᠡᠨ ᠤ ᠬᠠᠨᠠᠨ ᠵᠢᠷᠤᠭ ᠤᠨ ᠰᠣᠳᠣᠨ | ᠪᠦᠲᠦᠭᠡᠯ ᠤᠨ ᠦᠵᠡᠰᠭᠦᠯᠡᠩ ᠵᠢᠴᠢ ᠬᠠᠨᠠᠨ ᠵᠢᠷᠤᠭ ᠦᠢᠯᠡᠳᠬᠦ ᠤᠷ᠎ᠠ ᠮᠡᠷᠭᠡᠵᠢᠯ ᠢ ᠪᠡᠶᠡᠴᠢᠯᠡᠨ ᠣᠶᠢᠯᠠᠭᠠᠬᠤ 2 ᠲᠠᠯᠠᠪᠠᠢ ᠠᠵᠢᠯᠯᠠᠭ᠎ᠠ ᠪᠠᠷ ᠳᠠᠮᠵᠢᠨ ᠬᠠᠨᠠᠨ ᠵᠢᠷᠤᠭ | ᠤᠨ ᠥᠪᠡᠷᠮᠢᠴᠡ ᠰᠠᠶᠢᠬᠠᠨ ᠢ ᠢᠯᠡᠷᠡᠭᠦᠯᠦᠨ᠂ ᠬᠠᠨᠠᠨ ᠵᠢᠷᠤᠭ ᠵᠢᠷᠤᠬᠤ ᠤᠷ᠎ᠠ ᠮᠡᠷᠭᠡᠵᠢᠯ ᠤᠨ ᠭᠠᠶᠢᠬᠠᠮᠰᠢᠭ ᠢ ᠤᠯᠠᠮᠵᠢᠯᠠᠵᠤ᠂ ᠵᠠᠯᠠᠭᠤᠴᠤᠳ ᠪᠠᠭᠠᠴᠤᠳ ᠲᠤ | ᠵᠣᠷᠢᠭᠤᠯᠤᠭᠰᠠᠨ ᠭᠤᠯᠢᠷ ᠪᠠᠷᠢᠮᠠᠯ ᠢᠶᠠᠷ ᠥᠩᠭᠡᠲᠦ ᠬᠤᠨᠳᠠᠭ᠎ᠠ ᠬᠢᠬᠦ᠂ ᠲᠠᠪᠤᠨ ᠥᠩᠭᠡ ᠶᠢᠨ ᠵᠡᠭᠦᠯᠲᠡ ᠬᠢᠬᠦ᠂ ᠢᠳᠡᠷᠴᠦᠳ ᠲᠤ ᠵᠣᠷᠢᠭᠤᠯᠤᠭᠰᠠᠨ ᠰᠤᠶᠢᠬ᠎ᠠ ᠡᠪᠡᠰᠦ | ᠪᠠᠷ ᠡᠷᠡᠭᠦᠯᠵᠢᠯ ᠤᠨ ᠡᠳ᠋ ᠬᠢᠬᠦ ᠶᠢ ᠵᠢᠭᠠᠵᠤ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ ᠤᠯᠠᠮᠵᠢᠯᠠᠯᠲᠤ ᠵᠠᠩ ᠦᠢᠯᠡ ᠵᠢᠴᠢ ᠲᠡᠭᠦᠨ ᠳᠤ | ᠠᠭᠤᠯᠤᠭᠳᠠᠵᠤ ᠪᠠᠶᠢᠭ᠎ᠠ ᠰᠣᠶᠣᠯ ᠰᠡᠳᠬᠢᠬᠦᠢ᠂ ᠮᠡᠳᠡᠯᠭᠡ ᠮᠡᠳᠡᠴᠡ ᠶᠢ ᠲᠠᠶᠢᠯᠪᠤᠷᠢᠯᠠᠵᠠᠢ᠃ ᠭᠦᠭᠡᠬᠤᠳᠠ ᠶᠢᠨ ᠮᠦᠽᠧᠢ ᠶᠢᠨ ᠥᠷᠨᠢᠭᠦᠯᠦᠭᠰᠡᠨ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠢᠷᠡᠯᠲᠡ ᠶᠢ ᠲᠠᠶᠢᠯᠪᠤᠷᠢᠯᠠᠬᠤ᠂ ᠬᠠᠮᠢᠶ᠎ᠠ ᠪᠦᠬᠦᠢ ᠵᠠᠩ ᠦᠢᠯᠡ ᠶᠢ ᠪᠡᠶᠡᠴᠢᠯᠡᠨ ᠣᠶᠢᠯᠠᠭᠠᠬᠤ ᠰᠢᠷᠢᠰ ᠠᠵᠢᠯᠯᠠᠭ᠎ᠠ ᠨᠢ ᠦᠵᠡᠭᠴᠢᠳ ᠤᠨ | ᠬᠦᠷᠢᠶᠡᠯᠡᠯ ᠢ ᠣᠯᠵᠤ᠂ ᠭᠦᠭᠡᠬᠤᠳᠠ ᠶᠢᠨ ᠹᠧᠩᠵᠧᠦ ᠶᠢᠨ ᠡᠷᠲᠡᠨ ᠤ ᠬᠤᠳᠠ ᠶᠢᠨ ᠮᠦᠽᠧᠢ ᠶᠢᠨ ᠥᠷᠨᠢᠭᠦᠯᠦᠭᠰᠡᠨ ᠥᠩᠭᠡᠲᠦ ᠳᠡᠪᠢᠭᠦᠷ ᠬᠢᠬᠦ᠂ ᠯᠤᠤ ᠪᠥᠵᠢᠭᠯᠡᠭᠦᠯᠬᠦ | ᠮᠡᠲᠦ ᠶᠢᠨ ᠤᠯᠠᠨ ᠠᠷᠪᠢᠨ ᠰᠣᠨᠢᠷᠬᠠᠯᠳᠤ ᠠᠵᠢᠯᠯᠠᠭ᠎ᠠ ᠨᠢ ᠦᠵᠡᠭᠴᠢᠳ ᠲᠤ ᠪᠠᠶᠠᠷ ᠪᠠᠭ᠋ᠠᠳᠤᠯ ᠣᠯᠭᠤᠪᠠ᠃ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠶᠢᠨ | ᠥᠷᠨᠢᠭᠦᠯᠦᠭᠰᠡᠨ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠯᠤᠤ ᠶᠢᠨ ᠵᠣᠭᠤᠭ︾ ᠰᠢᠷᠢᠰ ᠠᠵᠢᠯᠯᠠᠭ᠎ᠠ᠂ ᠥᠪᠥᠷ ᠮᠣᠩᠭᠤᠯ ᠤᠨ ᠬᠠᠳᠤᠨ ᠭᠤᠣᠯ ᠤᠨ ᠰᠣᠶᠣᠯ | ᠤᠨ ᠮᠦᠽᠧᠢ ᠶᠢᠨ ᠡᠷᠭᠢᠯᠡᠨ ᠶᠠᠪᠤᠭᠳᠠᠭᠤᠯᠤᠭᠰᠠᠨ ︽ᠮᠦᠽᠧᠢ ᠲᠣᠭᠤᠷᠢᠬᠤ︾ ᠠᠵᠢᠯᠯᠠᠭ᠎ᠠ ᠨᠢ ᠥᠪᠡᠷᠮᠢᠴᠡ ᠣᠨᠴᠠᠯᠢᠭ ᠲᠠᠢ ᠪᠠᠶᠢᠵᠤ᠂ ᠦᠵᠡᠭᠴᠢ ᠤᠯᠠᠨ ᠤ | ᠬᠠᠷᠠᠭ᠎ᠠ ᠶᠢ ᠪᠠᠶᠠᠰᠬᠠᠨ ᠰᠣᠶᠣᠯ ᠤᠨ ᠰᠢᠮ᠎ᠡ ᠬᠦᠷᠲᠡᠭᠡᠵᠡᠢ᠃ | |