︽ᠨᠢᠭᠡ ᠳᠠᠷᠤᠪᠴᠢ ᠪᠠᠷ ᠥᠪᠥᠷ ᠮᠣᠩᠭᠤᠯ ᠢᠶᠠᠷ ᠵᠢᠭᠤᠯᠴᠢᠯᠠᠬᠤ︾ ᠲᠠᠪᠴᠠᠩ ᠢ ᠨᠡᠶᠢᠲᠡᠯᠡᠪᠡ
ᠨᠡᠶᠢᠲᠡᠯᠡᠭᠰᠡᠨ ᠴᠠᠭ᠄
2024/11/11
        6 ᠰᠠᠷ᠎ᠠ ᠶᠢᠨ 30 ᠤ ᠡᠳᠦᠷ᠂ 2024 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠭᠦᠭᠡᠬᠤᠲᠠ ᠳᠤ ᠬᠤᠷᠠᠯᠳᠤᠪᠠ᠃
202411111301.jpg
            ᠲᠤᠬᠠᠢ ᠶᠢᠨ ᠲᠠᠯᠠᠪᠠᠶ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠤ ᠳ᠋ᠧ ᠭᠠᠵᠠᠷ ᠤᠨ ᠵᠢᠷᠤᠭ ᠲᠠᠢ ᠬᠠᠮᠲᠤᠷᠠᠨ ᠬᠢᠭᠰᠡᠨ ︽ᠨᠢᠭᠡ ᠳᠠᠷᠤᠪᠴᠢ ᠪᠠᠷ ᠥᠪᠥᠷ ᠮᠣᠩᠭᠤᠯ ᠢᠶᠠᠷ ᠵᠢᠭᠤᠯᠴᠢᠯᠠᠬᠤ︾ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠲᠠᠪᠴᠠᠩ ᠢ ᠪᠦᠭᠦ ᠪᠥᠮᠪᠥᠷᠴᠡᠭ ᠲᠤ ᠨᠡᠶᠢᠲᠡᠯᠡᠪᠡ᠃ ᠡᠭᠦᠨ ᠤ ᠬᠠᠮᠲᠤ ᠲᠣᠰ ᠲᠠᠪᠴᠠᠩ ᠳᠡᠭᠡᠷ᠎ᠡ ︽ᠤᠯᠤᠰ ᠤᠨ ᠵᠠᠮ ᠤᠨ 331 ᠵᠠᠮ ᠱᠤᠭᠤᠮ︾᠂ ︽G7 ᠲᠦᠷᠭᠡᠨ ᠤ ᠵᠠᠰᠠᠮᠠᠯ ᠵᠠᠮ︾᠂ ︽ᠤᠮᠠᠷᠠᠲᠤ ᠬᠢᠯᠢ ᠶᠢᠨ ᠨᠢᠭᠡᠳᠦᠭᠡᠷ ᠨᠣᠮᠧᠷᠲᠤ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠵᠠᠰᠠᠮᠠᠯ ᠵᠠᠮ︾ ᠭᠡᠬᠦ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠵᠠᠮ ᠱᠤᠭᠤᠮ ᠢ ᠨᠡᠪᠲᠡᠷᠡᠭᠦᠯᠵᠡᠢ᠃ 
202411111302.jpg   
        ᠭᠠᠷ ᠤᠲᠠᠰᠤᠨ ᠤ ᠭᠤᠤ ᠳ᠋ᠧ ᠭᠠᠵᠠᠷ ᠤᠨ ᠵᠢᠷᠤᠭ ᠤᠨ APP ᠪᠠᠨ ᠨᠡᠭᠡᠭᠡᠵᠦ᠂ ︽ᠨᠢᠭᠡ ᠳᠠᠷᠤᠪᠴᠢ ᠪᠠᠷ ᠥᠪᠥᠷ ᠮᠣᠩᠭᠤᠯ ᠢᠶᠠᠷ ᠵᠢᠭᠤᠯᠴᠢᠯᠠᠬᠤ︾ ᠶᠢ ᠲᠣᠪᠴᠢᠳᠠᠪᠠᠯ᠂ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠵᠠᠳᠠᠯᠤᠯᠲᠠ ᠬᠠᠩᠭᠠᠵᠤ ᠲᠠ ᠨᠠᠷ ᠤᠨ ᠵᠢᠭᠤᠯᠴᠢᠯᠠᠯ ᠳᠤ ᠨᠡᠩ ᠲᠥᠭᠦᠮ ᠦᠵᠡᠭᠦᠯᠭᠦ ᠪᠣᠯᠣᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ