ᠰᠤᠳᠤᠯᠤᠨ ᠰᠤᠷᠤᠯᠴᠠᠬᠤ ᠠᠶᠠᠯᠠᠯ ᠡᠬᠢᠯᠡᠪᠡ
ᠨᠡᠶᠢᠲᠡᠯᠡᠭᠰᠡᠨ ᠴᠠᠭ᠄
2024/11/11
        7 ᠤ ᠦᠳᠡ ᠶᠢᠨ ᠬᠤᠶᠢᠨ᠎ᠠ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠤᠨ ᠰᠣᠯᠢᠯᠴᠠᠭᠠᠨ ᠤ ᠰᠤᠳᠤᠯᠤᠨ ᠰᠤᠷᠤᠯᠴᠠᠬᠤ ᠬᠤᠸᠠᠷᠠᠨ· ᠥᠪᠥᠷ ᠮᠣᠩᠭᠤᠯ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠤᠨ ᠰᠤᠷᠤᠯᠴᠠᠬᠤ ᠠᠶᠠᠯᠠᠯ ᠳᠥᠷᠪᠡᠳ ᠬᠤᠰᠢᠭᠤᠨ ᠳᠤ ᠡᠬᠢᠯᠡᠪᠡ᠃ ᠢᠷᠡᠬᠦ‍ ᠨᠢᠭᠡ ᠭᠠᠷᠠᠭ ᠲᠤ᠂ ᠲᠠᠶᠢᠸᠠᠨ ᠤ 20 ᠭᠠᠷᠤᠢ ᠳᠤᠮᠳᠠᠳᠤ ᠰᠤᠷᠭᠠᠭᠤᠯᠢ ᠶᠢᠨ 66 ᠪᠠᠭᠰᠢ ᠰᠣᠷᠣᠬᠴᠢ 5 ᠡᠳᠦᠷ ᠤᠨ ᠬᠤᠭᠤᠴᠠᠭ᠎ᠠ ᠲᠠᠢ ᠬᠢᠯᠢ ᠬᠢᠵᠠᠭᠠᠷ ᠤᠨ ᠠᠶᠠᠯᠠᠯ ᠢᠶᠠᠨ ᠡᠬᠢᠯᠡᠭᠦᠯᠬᠦ ᠪᠣᠯᠣᠨ᠎ᠠ᠃         ᠳᠥᠷᠪᠡᠳ ᠬᠤᠰᠢᠭᠤ ᠪᠣᠯ ᠡᠨᠡ ᠤᠳᠠᠭᠠᠨ ᠤ ᠰᠤᠳᠤᠯᠤᠨ ᠰᠤᠷᠤᠯᠴᠠᠬᠤ ᠠᠶᠠᠯᠠᠯ ᠤᠨ ᠠᠩᠬᠠᠨ ᠤ ᠥᠷᠲᠡᠭᠡ ᠮᠥᠨ᠃ ᠲᠤᠰ ᠤᠳᠠᠭ᠎ᠠ ᠶᠢᠨ ᠰᠤᠳᠤᠯᠤᠨ ᠰᠤᠷᠤᠯᠴᠠᠬᠤ ᠠᠶᠠᠯᠠᠯ ᠨᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠰᠣᠶᠣᠯ ᠢ ᠪᠡᠶᠡᠴᠢᠯᠡᠨ ᠣᠶᠢᠯᠠᠭᠠᠬᠤ᠂ ᠰᠣᠯᠢᠯᠴᠠᠭ᠎ᠠ ᠵᠡᠷᠭᠡ ᠤᠯᠠᠨ ᠵᠦᠢᠯ ᠤᠨ ᠠᠷᠭ᠎ᠠ ᠭᠡᠯᠪᠡᠷᠢ ᠪᠠᠷ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠢ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠣᠶᠢᠯᠠᠭᠠᠯᠴᠠᠭ᠎ᠠ ᠶᠢ ᠨᠢ ᠨᠡᠮᠡᠭᠳᠡᠭᠦᠯᠵᠦ᠂ ᠨᠥᠬᠦᠷᠯᠡᠯ ᠢ ᠨᠢ ᠭᠦᠨᠵᠡᠭᠡᠶᠢᠷᠡᠭᠦᠯᠵᠦ᠂ ᠬᠠᠷᠠᠭ᠎ᠠ ᠶᠢ ᠨᠢ ᠥᠷᠭᠡᠳᠬᠡᠬᠦ ᠶᠢᠨ ᠲᠥᠯᠥᠭᠡ ᠶᠤᠮ ᠭᠡᠵᠦ ᠡᠭᠢᠯᠡᠯᠲᠡ ᠶᠢᠨ ᠶᠣᠰᠣᠯᠠᠯ ᠳᠡᠭᠡᠷ᠎ᠡ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠩᠭᠤᠸ᠎ᠠ ᠢᠯᠡᠳᠬᠡᠪᠡ᠃         ᠲᠣᠬᠢᠷᠠᠭᠤᠯᠤᠯᠲᠠ ᠶᠢ ᠦᠨᠳᠦᠰᠦᠯᠡᠪᠡᠯ᠂ ᠲᠣᠰ ᠤᠳᠠᠭᠠᠨ ᠤ ᠠᠵᠢᠯᠯᠠᠭ᠎ᠠ 7 ᠤ ᠡᠳᠦᠷ ᠠᠴᠠ ᠡᠬᠢᠯᠡᠨ ᠶᠠᠪᠤᠭᠳᠠᠵᠤ᠂ 12 ᠤᠨ ᠡᠳᠦᠷ ᠪᠤᠴᠠᠨ᠎ᠠ᠃ ᠥᠪᠥᠷ ᠮᠣᠩᠭᠤᠯ ᠳᠤ ᠪᠠᠶᠢᠬᠤ ᠬᠤᠭᠤᠴᠠᠭᠠᠨ ᠳᠠᠭᠠᠨ᠂ ᠪᠠᠭᠰᠢ ᠰᠤᠷᠤᠬᠴᠢᠳ ᠬᠤᠪᠢᠯᠭᠠᠨ ᠣᠩᠭᠤᠴᠠ ᠨᠢᠰᠬᠦ ᠣᠩᠭᠤᠴᠠ ᠶᠢᠨ ᠪᠠᠭᠤᠭᠰᠠᠨ ᠴᠡᠭ᠂ ᠮᠢᠩ ᠤᠯᠤᠰ ᠤᠨ ᠦᠶ᠎ᠡ ᠶᠢᠨ ᠤᠷᠳᠤ ᠴᠠᠭᠠᠨ ᠬᠡᠷᠡᠮ ᠢᠶᠠᠷ ᠲᠣᠭᠤᠷᠢᠨ ᠦᠵᠡᠵᠦ᠂ ᠭᠡᠭᠡᠨᠲᠠᠯ᠎ᠠ ᠶᠢᠨ ᠲᠠᠯ᠎ᠠ ᠨᠤᠲᠤᠭ ᠤᠨ ᠠᠮᠢᠳᠤᠷᠠᠯ ᠢ ᠣᠶᠢᠯᠠᠭᠠᠵᠤ᠂ ᠲᠤᠬᠠᠢ ᠶᠢᠨ ᠭᠠᠵᠠᠷ ᠤᠨ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠪᠠᠭᠰᠢ ᠰᠤᠷᠤᠬᠴᠢᠳ ᠲᠠᠢ ᠰᠠᠨᠠᠯ ᠢᠶᠠᠨ ᠰᠣᠯᠢᠯᠴᠠᠵᠤ᠂ ᠱᠠᠭᠠᠵᠠᠩ ᠤᠨ ᠤᠷᠠᠯᠢᠭ᠂ ᠶᠠᠩᠭᠠᠷ ᠳᠠᠭᠤᠤ᠂ ᠪᠦᠭᠡ ᠪᠠᠷᠢᠯᠳᠤᠬᠤ᠂ ᠰᠤᠷ ᠬᠠᠷᠪᠤᠯᠲᠠ ᠵᠡᠷᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠬᠤ ᠪᠣᠯᠣᠨ᠎ᠠ᠃         ᠡᠳᠡᠭᠡᠷ ᠡᠷᠬᠢᠮ ᠨᠠᠨᠳᠢᠨ ᠥᠩᠭᠡᠷᠡᠯᠲᠡ ᠨᠢ ᠬᠥᠮᠥᠨ ᠤ ᠠᠮᠢᠳᠤᠷᠠᠯ ᠤᠨ ᠮᠠᠷᠲᠠᠭᠳᠠᠰᠢ ᠦᠭᠡᠢ ᠡᠷᠭᠢᠴᠡᠭᠦᠯᠦᠯ ᠪᠣᠯᠣᠨ᠎ᠠ ᠭᠡᠳᠡᠭ ᠢ ᠪᠢ ᠢᠲᠡᠭᠡᠵᠦ ᠪᠠᠶᠢᠨ᠎ᠠ᠃ ᠢᠷᠡᠬᠦ ᠬᠡᠳᠦᠨ ᠡᠳᠦᠷ ᠲᠤ᠂ ᠤᠯᠠᠨ ᠢᠶᠠᠷ ᠢᠶᠠᠨ ᠬᠥᠳᠡᠭᠡ ᠨᠤᠲᠤᠭ ᠤᠨ ᠥᠷᠭᠡᠨ ᠠᠭᠤᠳᠠᠮ ᠪᠠ ᠰᠦᠷᠯᠢᠭ ᠰᠠᠶᠢᠬᠠᠨ ᠪᠠᠶᠢᠳᠠᠯ ᠢ ᠣᠶᠢᠯᠠᠭᠠᠨ᠎ᠠ᠃ ᠲᠡᠦᠬᠡ  ᠶᠢᠨ ᠦᠯᠡᠳᠡᠭᠳᠡᠯ ᠢ ᠬᠠᠮᠲᠤ ᠪᠠᠷ ᠰᠤᠷᠪᠤᠯᠵᠢᠯᠠᠵᠤ᠂ ᠡᠷᠲᠡᠨ ᠤ ᠪᠥᠭᠡᠳ ᠰᠡᠳᠬᠢᠯ ᠬᠥᠳᠡᠯᠭᠡᠮ᠎ᠡ ᠦᠯᠢᠭᠡᠷ ᠢ ᠰᠣᠨᠣᠰᠤᠨ᠎ᠠ᠃ ᠠᠷᠠᠳ ᠤᠨ ᠵᠠᠩ ᠦᠢᠯᠡ ᠶᠢᠨ ᠠᠵᠢᠯᠯᠠᠭ᠎ᠠ ᠳᠤ ᠬᠠᠮᠲᠤ ᠪᠠᠷ ᠣᠷᠣᠯᠴᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠯᠠᠭᠤᠨ ᠰᠡᠳᠬᠢᠯᠭᠡ ᠪᠠ ᠵᠣᠴᠢᠨᠰᠠᠭ ᠵᠠᠩ ᠠᠭᠠᠯᠢ ᠶᠢ ᠪᠡᠶᠡᠴᠢᠯᠡᠨ ᠣᠶᠢᠯᠠᠭᠠᠵᠤ᠂ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠤ ᠦᠨᠦᠷ ᠠᠮᠲᠠ ᠪᠠ ᠥᠪᠡᠷᠮᠢᠴᠡ ᠣᠨᠴᠠᠯᠢᠭ ᠢ ᠠᠮᠲᠠᠯᠠᠨ᠎ᠠ ᠭᠡᠵᠦ ᠰᠡᠴᠡᠩᠭᠤᠸ᠎ᠠ ᠲᠠᠨᠢᠯᠴᠠᠭᠤᠯᠪᠠ᠃         ᠮᠠᠨ ᠤ ᠠᠳᠡ ᠰᠠᠭᠤᠵᠤ ᠪᠠᠶᠢᠭ᠎ᠠ ᠪᠦᠭᠦ ᠰᠤᠷᠤᠬᠴᠢᠳ ᠪᠦᠷ ᠠᠩᠬ᠎ᠠ ᠤᠳᠠᠭ᠎ᠠ ᠢᠷᠡᠵᠦ ᠪᠠᠶᠢᠨ᠎ᠠ᠂ ᠥᠪᠥᠷ ᠮᠣᠩᠭᠤᠯ ᠢ ᠥᠩᠭᠡᠷᠡᠭᠰᠡᠨ ᠳᠤ ᠵᠥᠪᠭᠡᠨ ᠰᠤᠷᠭᠠᠭᠤᠯᠢ ᠳᠤ ᠰᠤᠷᠤᠯᠴᠠᠵᠤ ᠪᠠᠶᠢᠭᠰᠠᠨ ᠬᠤᠭᠤᠴᠠᠭᠠᠨ ᠤ ᠬᠢᠴᠢᠶᠡᠯ ᠤᠨ ᠳᠡᠪᠲᠡᠷ ᠠᠴᠠ ᠣᠯᠵᠤ ᠦᠵᠡᠵᠡᠢ᠂ ᠠᠳᠡᠬᠢ ᠦᠵᠡᠮᠵᠢ ᠬᠥᠮᠥᠰ ᠤᠨ ᠪᠠᠭ᠋ᠠᠷᠬᠠᠯ ᠢ ᠲᠠᠲᠠᠨ᠎ᠠ ᠭᠡᠵᠦ ᠡᠨᠡ ᠤᠳᠠᠭᠠᠨ ᠤ ᠠᠩᠭᠢ ᠳᠠᠭᠠᠭᠤᠯᠤᠭᠰᠠᠨ ᠪᠠᠭᠰᠢ ᠶᠢᠨ ᠨᠢᠭᠡ ᠪᠤᠯᠬᠤ ᠯᠢᠦ ᠽᠦᠨ ᠱᠦ ᠬᠡᠯᠡᠨ᠎ᠡ᠃ ᠲᠡᠷᠡ ᠡᠭᠢᠯᠡᠯᠳᠡ ᠶᠢᠨ ᠶᠣᠰᠣᠯᠠᠯ ᠳᠡᠭᠡᠷ᠎ᠡ᠂ ᠵᠢᠯ ᠪᠦᠷᠢ ᠠᠳᠠᠯᠢ ᠪᠤᠰᠤ ᠵᠠᠯᠠᠭᠤᠴᠤᠳ ᠰᠤᠷᠤᠬᠴᠢᠳ ᠢ ᠳᠠᠭᠠᠭᠤᠯᠤᠨ ᠠᠳᠡ ᠢᠷᠡᠵᠤ ᠦᠵᠡᠨ᠂ ᠡᠬᠡ ᠤᠯᠤᠰ ᠤᠨ ᠢᠶᠠᠨ ᠦᠵᠡᠰᠬᠦᠯᠡᠩᠲᠦ ᠰᠠᠶᠢᠬᠠᠨ ᠠᠭᠤᠯᠠ ᠤᠰᠤ ᠶᠢ ᠣᠶᠢᠯᠠᠭᠠᠬᠤ ᠵᠠᠪᠰᠢᠶᠠᠨ ᠲᠠᠢ ᠪᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃         ᠥᠪᠥᠷ ᠮᠣᠩᠭᠤᠯ ᠪᠣᠯ ᠨᠢᠭᠡᠨ ᠣᠨᠴᠠᠭᠠᠢ ᠭᠠᠵᠠᠷ ᠪᠣᠯᠣᠨ᠎ᠠ᠂ ᠪᠢ ᠥᠪᠡᠷ ᠤᠨ ᠬᠠᠷᠠᠭ᠎ᠠ ᠪᠠᠨ ᠥᠷᠭᠡᠳᠬᠡᠵᠦ᠂ ᠰᠢᠨ᠎ᠡ ᠨᠠᠶᠢᠵᠠ ᠲᠠᠢ ᠲᠠᠨᠢᠯᠴᠠᠶ᠎ᠠ ᠭᠡᠵᠦ ᠪᠤᠳᠤᠵᠤ ᠪᠠᠶᠢᠨ᠎ᠠ᠂ ᠠᠳᠡᠬᠢ ᠶᠢᠨ ᠥᠩᠭᠡ ᠦᠵᠡᠮᠵᠢ ᠥᠷᠭᠡᠨ ᠠᠭᠤᠳᠠᠮ᠂ ᠬᠥᠮᠥᠰ ᠤᠨ ᠰᠡᠳᠬᠢᠯ ᠰᠠᠨᠠᠭ᠎ᠠ ᠶᠢ ᠠᠭᠤᠵᠢᠷᠠᠭᠤᠯᠤᠨ᠎ᠠ ᠭᠡᠵᠦ 17 ᠨᠠᠰᠤᠲᠠᠢ ᠯᠢ ᠵᠢᠢ ᠾᠧ ᠬᠡᠯᠡᠨ᠎ᠡ᠃ ᠲᠡᠷᠡ ᠲᠠᠶᠢᠸᠠᠨ ᠤ ᠫᠦ᠋ ᠮᠧᠨ ᠳᠤᠮᠳᠠᠳᠤ ᠰᠤᠷᠭᠠᠭᠤᠯᠢ ᠠᠴᠠ ᠢᠷᠡᠵᠤ᠂ ᠳᠠᠷᠠᠭ᠎ᠠ ᠬᠤᠭᠤᠴᠠᠭ᠎ᠠ ᠥᠨᠳᠥᠷ ᠳᠤᠮᠳᠠᠳᠤ ᠶᠢᠨ ᠭᠤᠷᠪᠠᠳᠤᠭᠠᠷ ᠣᠨ ᠳᠤ ᠳᠡᠪᠰᠢᠬᠦ ᠪᠠᠷ ᠪᠠᠶᠢᠨ᠎ᠠ᠃         ᠪᠢ ᠮᠣᠩᠭᠤᠯ ᠭᠡᠷ ᠲᠤ ᠰᠠᠭᠤᠶ᠎ᠠ ᠭᠡᠵᠦ ᠪᠤᠳᠣᠵᠤ ᠪᠠᠶᠢᠨ᠎ᠠ᠂ ᠥᠪᠥᠷ ᠮᠣᠩᠭᠤᠯ ᠳᠠᠬᠢ ᠠᠶᠠᠯᠠᠯ ᠪᠣᠯ ᠣᠯᠳᠠᠰᠢ ᠦᠭᠡᠢ ᠥᠩᠭᠡᠷᠡᠯᠲᠡ ᠮᠥᠨ᠂ ᠬᠠᠮᠲᠤ ᠰᠤᠷᠤᠯᠭᠠᠲᠠᠨ ᠲᠠᠢ ᠪᠠᠨ ᠬᠠᠮᠲᠤ ᠲᠣᠭᠤᠷᠢᠬᠤ ᠪᠠᠷ ᠶᠠᠪᠤᠬᠤ ᠨᠢ ᠨᠠᠩ ᠴᠤ ᠰᠠᠶᠢᠨ ᠳᠤᠭᠢᠶᠠᠯ ᠮᠥᠨ᠃ ᠵᠠᠮ ᠳᠠᠭᠠᠤ ᠶᠢᠨ ᠥᠩᠭᠡ ᠦᠵᠡᠮᠵᠢ ᠶᠢ ᠬᠤᠪᠢ ᠶᠢᠨ ᠵᠠᠭᠤᠴᠢᠯᠠᠭᠤᠷ ᠳᠡᠭᠡᠷ᠎ᠡ ᠪᠠᠨ ᠨᠡᠶᠢᠲᠡᠯᠡᠵᠦ ᠪᠠᠶᠢᠨ᠎ᠠ ᠭᠡᠵᠦ ᠲᠡᠭᠦᠨ ᠤ ᠬᠠᠮᠲᠤ ᠰᠤᠷᠤᠯᠭᠠᠲᠠᠨ ᠵᠧᠩ ᠢᠦᠢ ᠰᠢᠶᠠᠩ ᠬᠡᠯᠡᠪᠡ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ