ᠷᠠᠰᠢᠶᠠᠨ ᠤ ᠵᠢᠭᠤᠯᠴᠢᠯᠠᠯ ᠤᠨ ᠣᠷᠣᠨ ᠤᠯᠤᠰ ᠤᠨ ᠲᠠᠰ ᠤᠨ ᠵᠢᠭᠤᠯᠴᠢᠯᠠᠯ ᠤᠨ ᠣᠷᠣᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/11/11
        6 ᠰᠠᠷ᠎ᠠ ᠶᠢᠨ 12 ᠤᠨ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠵᠣᠬᠢᠶᠠᠨ ᠪᠠᠶᠢᠭᠤᠯᠵᠤ ᠮᠠᠭᠠᠳᠯᠠᠨ ᠲᠣᠭᠲᠠᠭᠠᠭᠰᠠᠨ ᠪᠠ ᠵᠠᠷᠯᠠᠨ ᠨᠡᠶᠢᠲᠡᠯᠡᠭᠰᠡᠨ ᠢᠶᠠᠷ᠂ ᠬᠢᠩᠭᠠᠨ ᠠᠶᠢᠮᠠᠭ ᠤᠨ ᠷᠠᠰᠢᠶᠠᠨ ᠤ ᠵᠢᠭᠤᠯᠴᠢᠯᠠᠯ ᠠᠮᠠᠷᠠᠯᠲᠠ ᠶᠢᠨ ᠣᠷᠣᠨ ᠢ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢᠶᠠᠷ ᠲᠣᠭᠲᠠᠭᠠᠵᠠᠢ᠂ ᠡᠨᠡ ᠨᠢ ᠮᠠᠨ ᠤ ᠣᠷᠣᠨ ᠤ ᠠᠩᠬᠠᠳᠠᠭᠴᠢ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠣᠯᠤᠭᠰᠠᠨ ᠪᠠᠶᠢᠨ᠎ᠠ᠃ ᠡᠨᠡ ᠪᠣᠯ ᠤᠯᠤᠰ ᠤᠨ 5A ᠲᠠᠰ ᠤᠨ ᠦᠵᠡᠮᠵᠢ ᠶᠢᠨ ᠣᠷᠣᠨ᠂ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠦᠨᠡᠯᠡᠭᠳᠡᠭᠰᠡᠨ ᠤ ᠳᠠᠷᠠᠭ᠎ᠠ᠂ ᠷᠠᠰᠢᠶᠠᠨ ᠬᠤᠲᠠ ᠶᠢᠨ ᠭᠥᠷᠳᠡᠭᠰᠡᠨ ᠪᠠᠰᠠ ᠨᠢᠭᠡᠨ ︽ᠠᠯᠲᠠᠨ ᠦᠰᠦᠭᠲᠦ ᠢᠯᠡᠷᠬᠡᠶᠢᠯᠡᠯ︾ ᠪᠠᠶᠢᠵᠤ᠂ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠨᠢ ᠶᠡᠭᠡ᠂ ᠦᠨ᠎ᠡ ᠴᠠᠨ᠎ᠠ ᠨᠢ ᠥᠨᠳᠥᠷ ᠶᠤᠮ᠃ 
2024111116.jpg   
        ᠷᠠᠰᠢᠶᠠᠨ ᠳᠤ ᠬᠠᠯᠠᠭᠤᠨ ᠷᠠᠰᠢᠶᠠᠨ᠂ ᠨᠤᠭᠤ ᠭᠠᠵᠠᠷ᠂ ᠭᠠᠯᠲᠤ ᠠᠭᠤᠯᠠ᠂ ᠮᠥᠰᠥ ᠴᠠᠰᠤ᠂ ᠣᠶ ᠰᠢᠭᠤᠢ᠂ ᠲᠠᠯ᠎ᠠ ᠨᠤᠲᠤᠭ ᠵᠡᠷᠭᠡ ᠪᠠᠶᠢᠭᠠᠯᠢ ᠶᠢᠨ ᠦᠵᠡᠮᠵᠢ ᠲᠠᠢ ᠪᠠᠶᠢᠵᠤ᠂ ᠡᠲᠡᠭᠡᠷ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠷᠠᠰᠢᠶᠠᠨ ᠬᠤᠲᠠ ᠨᠢ ᠵᠢᠭᠤᠯᠴᠢᠯᠠᠬᠰᠠᠳ ᠤᠨ ᠴᠢᠨᠠᠷᠵᠢᠭᠤᠨ᠂ ᠣᠯᠠᠨ ᠡᠰᠢᠴᠢᠯᠡᠭᠰᠡᠨ ᠬᠡᠷᠡᠭᠯᠡᠭᠡᠨ ᠤ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠵᠤ᠂ ᠠᠮᠠᠷᠠᠯᠲᠠ ᠶᠢᠨ ᠦᠢᠯᠡᠳᠬᠦᠨ ᠤ ᠠᠭᠤᠯᠭ᠎ᠠ ᠶᠢ ᠪᠠᠶᠠᠯᠢᠭᠵᠢᠭᠤᠯᠬᠤ᠂ ᠠᠮᠠᠷᠠᠯᠲᠠ ᠶᠢᠨ ᠦᠢᠯᠡᠳᠬᠦᠨ ᠤ ᠰᠢᠰᠲ᠋ᠧᠮ ᠢ ᠲᠡᠭᠦᠯᠳᠡᠷᠵᠢᠭᠦᠯᠬᠦ ᠶᠢᠨ ᠲᠣᠭᠤᠷᠢᠨ ᠳᠤ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠵᠠᠬ᠎ᠠ ᠳᠡᠯᠭᠡᠭᠦᠷ ᠢᠶᠠᠷ ᠡᠵᠡᠩᠨᠡᠬᠦ ᠦᠢᠯᠡᠳᠬᠦᠨ ᠢ ᠨᠡᠭᠡᠭᠡᠨ ᠬᠥᠭᠵᠢᠭᠦᠯᠬᠦ ᠲᠣᠭᠲᠠᠴᠠ ᠶᠢ ᠪᠠᠷᠢᠮᠲᠠᠯᠠᠵᠤ᠂ ᠤᠷᠢᠳ ᠬᠤᠵᠢᠳ 62 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠪᠡ᠃ ᠬᠠᠯᠠᠭᠤᠨ ᠷᠠᠰᠢᠶᠠᠨ ᠤ ᠵᠤᠭᠠᠴᠠᠯ ᠤᠨ ᠪᠦᠲᠦᠭᠡᠭᠳᠡᠬᠦᠨ ᠤ ᠴᠢᠨᠠᠷ ᠪᠦᠭᠦ ᠲᠠᠯ᠎ᠠ ᠪᠠᠷ ᠳᠡᠭᠡᠭᠰᠢᠯᠡᠵᠦ᠂ ᠣᠶ ᠰᠢᠭᠤᠢ ᠶᠢᠨ ᠡᠷᠡᠭᠦᠯᠵᠢᠯ ᠰᠤᠪᠢᠯᠠᠯᠲᠠ ᠶᠢᠨ ᠰᠢᠰᠲ᠋ᠧᠮ ᠪᠣᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠨᠠᠩ ᠣᠯᠠᠨ ᠡᠰᠢᠵᠢᠵᠦ᠂ ᠠᠮᠠᠷᠠᠯᠲᠠ ᠶᠢᠨ ᠡᠵᠡᠩᠨᠡᠯᠲᠡ ᠶᠢᠨ ᠭᠡᠯᠪᠡᠷᠢ ᠪᠠᠶᠢᠳᠠᠯ ᠨᠠᠩ ᠪᠦᠷᠢᠨᠰᠢᠵᠦ᠂ ᠰᠡᠯᠡᠭᠦᠴᠡᠨ ᠵᠤᠭᠠᠯᠠᠬᠤ ᠵᠢᠭᠤᠯᠴᠢᠯᠠᠯ ᠶᠠᠭ ᠥᠷᠨᠢᠨ ᠬᠥᠭᠵᠢᠵᠦ ᠪᠤᠶ᠃ 
202411111602.jpg   
        ᠡᠭᠦᠨ ᠠᠴᠠ ᠭᠠᠳᠠᠨ᠎ᠠ᠂ ᠷᠠᠰᠢᠶᠠᠨ ᠬᠤᠲᠠ ︽ᠥᠩᠭᠡ ᠲᠥᠷᠬᠦ︾ ᠪᠠ ︽ᠳᠣᠲᠣᠭᠠᠳᠤ ᠠᠭᠤᠯᠬᠤᠨ︾ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ︽ᠪᠢᠴᠢᠯ ᠥᠭᠡᠷᠡᠴᠢᠯᠡᠯᠲᠡ ᠬᠢᠬᠦ᠂ ᠳᠤᠲᠠᠭᠤᠳᠠᠯ ᠢᠶᠠᠨ ᠨᠥᠬᠦᠪᠦᠷᠢᠯᠡᠬᠦ᠂ ᠴᠡᠭᠴᠡᠯᠡᠨ ᠵᠠᠰᠠᠬᠤ ᠶᠢ ᠴᠢᠩᠭᠠᠳᠬᠠᠬᠤ︾ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠂ ᠠᠮᠠᠷᠠᠯᠲᠠ ᠶᠢᠨ ᠣᠷᠣᠨ ᠤ ᠴᠢᠳᠠᠮᠵᠢ ᠶᠢ ᠲᠡᠭᠦᠯᠳᠡᠷᠵᠢᠭᠦᠯᠬᠦ᠂ ᠳᠦᠷᠰᠦ ᠪᠠᠶᠢᠳᠠᠯ ᠢ ᠳᠠᠭᠢᠨ ᠱᠤᠭᠤᠬᠤ᠂ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ ᠠᠮᠠᠷᠠᠯᠲᠠ ᠶᠢᠨ ᠣᠷᠣᠨ ᠢᠶᠠᠷ ᠭᠤᠣᠯ ᠪᠤᠯᠭᠠᠬᠰᠠᠨ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠡᠳᠦᠷ ᠢᠷᠡᠬᠦᠶ᠎ᠡ ᠪᠦᠷᠢᠨᠰᠢᠭᠦᠯᠬᠦ᠂ ᠬᠤᠲᠠ ᠶᠢᠨ ᠡᠷᠡᠭᠦᠯᠵᠢᠯ ᠰᠤᠪᠢᠯᠠᠯᠲᠠ ᠪᠠ ᠠᠮᠠᠷᠠᠯᠲᠠ ᠶᠢᠨ ᠴᠢᠳᠠᠮᠵᠢ ᠶᠢ ᠨᠠᠩ ᠲᠡᠭᠦᠯᠳᠡᠷᠵᠢᠭᠦᠯᠬᠦ ᠶᠢ ᠪᠡᠶᠡᠯᠡᠭᠦᠯᠪᠡ᠃ ᠡᠭᠦᠨ ᠤ ᠬᠠᠮᠲᠤ᠂ ᠷᠠᠰᠢᠶᠠᠨ ᠬᠤᠲᠠ ᠵᠠᠬ᠎ᠠ ᠳᠡᠯᠭᠡᠭᠦᠷ ᠤᠨ ᠤᠳᠤᠷᠢᠳᠤᠮᠵᠢ ᠪᠠ ᠵᠢᠭᠤᠯᠴᠢᠯᠠᠬᠰᠳ ᠤᠨ ᠬᠠᠷᠠᠭᠠᠰᠤ ᠶᠢ ᠴᠢᠩᠭ᠎ᠠ ᠳᠠᠭᠠᠵᠤ᠂ ᠪᠠᠭ᠎ᠠ ᠵᠦᠢᠯ ᠠᠴᠠ ᠰᠠᠨᠠᠭ᠎ᠠ ᠠᠪᠴᠤ᠂ ᠪᠣᠳᠠᠲᠠᠢ ᠠᠴᠠ ᠭᠠᠷᠳᠠᠵᠤ᠂ ᠵᠢᠭᠤᠯᠴᠢᠯᠠᠯ ᠢ ᠪᠠᠷᠢᠮᠵᠢᠶᠠᠵᠢᠭᠤᠯᠬᠤ᠂ ᠭᠦᠮᠥᠡᠯᠢᠭᠵᠢᠭᠦᠯᠭᠦ᠂ ᠴᠢᠨᠠᠷᠵᠢᠭᠤᠯᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠶᠢᠷ᠎ᠠ ᠶᠢᠨ ᠬᠢᠨ ᠪᠠᠭ᠋ᠠᠷᠬᠠᠨ ᠬᠤᠯᠠ ᠶᠢᠨ ᠬᠢᠨ ᠠᠶᠢᠯᠴᠢᠯᠠᠬᠤ᠂ ᠬᠥᠮᠥᠨ ᠪᠦᠭᠦᠨ ᠳᠤ ᠮᠠᠭᠲᠠᠭᠳᠠᠬᠤ ᠰᠢᠨ᠎ᠡ ᠳᠦᠷᠢ ᠲᠥᠷᠬᠦ ᠶᠢ ᠪᠤᠶ ᠪᠣᠯᠭᠠᠪᠠ᠃         ᠷᠠᠰᠢᠶᠠᠨ ᠬᠤᠲᠠ ᠪᠠᠰᠠ ᠪᠠᠶᠠᠷ ᠳᠤᠷᠠᠰᠬᠠᠯ ᠤᠨ ᠡᠳᠦᠷ ᠢᠶᠠᠷ ᠬᠤᠳᠠᠯᠳᠤᠭᠠᠨ ᠤ ᠴᠡᠭ ᠢᠶᠠᠨ ᠨᠡᠮᠡᠭᠳᠡᠭᠦᠯᠬᠦ ᠶᠢ ᠪᠠᠷᠢᠮᠲᠠᠯᠠᠵᠤ᠂ ᠠᠵᠢᠯᠯᠠᠭ᠎ᠠ ᠪᠠᠷ ᠤᠬᠠᠭᠤᠯᠭ᠎ᠠ ᠶᠢ ᠠᠬᠢᠭᠤᠯᠤᠨ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠂ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠢ ᠴᠢᠨᠠᠷ ᠰᠠᠶᠢᠲᠠᠢ ᠡᠷᠭᠢᠯᠡᠨ᠂ ᠬᠤᠷᠴᠠ ᠤᠯᠠᠭᠠᠨ ᠴᠡᠴᠡᠭ ᠤᠨ ᠨᠠᠶᠢᠷ᠂ ᠷᠠᠰᠢᠶᠠᠨ ᠤ ᠪᠠᠶᠠᠷ᠂ ᠠᠭᠤᠯᠠ ᠠᠪᠠᠷᠢᠬᠤ ᠤᠯᠠᠷᠢᠯ᠂ ᠮᠥᠰᠥ ᠴᠠᠰᠤᠨ ᠤ ᠪᠠᠶᠠᠷ ᠵᠡᠷᠭᠡ ᠪᠠᠶᠠᠷ ᠳᠤᠷᠠᠰᠬᠠᠯ ᠤᠨ ᠬᠥᠳᠡᠯᠭᠡᠭᠡᠨ ᠵᠢᠴᠢ ᠰᠤᠷᠤᠯᠭ᠎ᠠ ᠶᠢᠨ ᠨᠠᠶᠢᠵᠠ ᠶᠢᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ᠂ ᠵᠢᠭᠤᠯᠴᠢᠯᠠᠯ ᠠᠮᠠᠷᠠᠯᠲᠠ ᠶᠢᠨ ᠶᠡᠭᠡ ᠬᠤᠷᠠᠯ᠂ ᠯᠦ ᠬᠤ᠋ ᠶᠡᠭᠡ ᠬᠤᠷᠠᠯ ᠵᠡᠷᠭᠡ ᠳᠡᠭᠡᠳᠦ ᠲᠠᠰ ᠤᠨ ᠶᠠᠷᠢᠶᠠᠨ ᠤ ᠲᠠᠪᠴᠠᠩ ᠨᠢ ᠤᠷᠢᠳ ᠬᠤᠵᠢᠳ ᠳᠤᠮᠳᠠᠳᠤ ᠤᠯᠤᠰ ᠤᠨ ᠠᠷᠪᠠᠨ ᠶᠡᠭᠡ ᠬᠦᠷᠬᠦ ᠶᠣᠰᠣᠲᠠᠢ ᠬᠤᠲᠠ᠂ ᠵᠤᠰᠠᠯᠠᠩ ᠤᠨ ᠰᠢᠯᠢᠳᠡᠭ ᠭᠠᠵᠠᠷ᠂ ᠳᠤᠮᠳᠠᠳᠤ ᠤᠯᠤᠰ ᠤᠨ ︽ᠨᠡᠭᠦᠳᠡᠯ ᠤᠨ ᠰᠢᠪᠠᠭᠤ ᠮᠠᠶ᠋ᠢᠭ︾ ᠤᠨ ᠨᠠᠰᠤᠵᠢᠯ ᠤᠨ ᠵᠣᠨ ᠤ ᠤᠯᠠᠷᠢᠯ ᠤᠨ ᠠᠮᠢᠳᠤᠷᠠᠬᠤ ᠭᠠᠵᠠᠷ᠂ ᠳᠤᠮᠳᠠᠳᠤ ᠮᠣᠩᠭᠤᠯ ᠣᠷᠣᠰ ᠤᠨ ᠵᠣᠬᠢᠶᠠᠨ ᠪᠦᠲᠦᠭᠡᠬᠦ ᠰᠠᠭᠤᠷᠢᠨ᠂ ︽ᠲᠡᠷᠭᠡ ᠵᠢᠯᠣᠭᠤᠳᠤᠨ ᠳᠤᠮᠳᠠᠳᠤ ᠶᠢ ᠲᠣᠭᠤᠷᠢᠬᠤ︾ ᠲᠠᠪᠴᠠᠩ ᠤᠨ ᠬᠠᠮᠤᠭ ᠤᠨ ᠬᠦᠷᠢᠶᠡᠯᠡᠯ ᠲᠠᠢ ᠪᠦᠭᠦ ᠤᠯᠤᠰ ᠤᠨ ᠥᠪᠡᠰᠦᠪᠡᠨ ᠲᠡᠷᠭᠡ ᠵᠢᠯᠤᠭᠤᠳᠴᠤ ᠣᠴᠢᠬᠤ ᠭᠠᠵᠠᠷ ᠵᠡᠷᠭᠡ ᠢᠷᠠᠭᠤ ᠠᠯᠳᠠᠷ ᠢ ᠭᠦᠷᠳᠡᠨ᠂ ᠷᠠᠰᠢᠶᠠᠨ ᠤ ᠵᠢᠭᠤᠯᠴᠢᠯᠠᠯ ᠤᠨ ᠲᠦᠷᠦᠯ ᠲᠡᠮᠳᠡᠭ ᠤᠨ ᠳᠦᠷᠢ ᠲᠥᠷᠬᠦ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃          ᠷᠠᠰᠢᠶᠠᠨ ᠬᠤᠲᠠ ︽ᠤᠯᠤᠰ ᠤᠨ ᠳᠣᠲᠣᠭᠠᠳᠤ ᠶᠢᠨ ᠲᠡᠷᠢᠭᠦᠨ ᠵᠡᠷᠭᠡ ᠶᠢᠨ᠂ ᠣᠯᠠᠨ ᠤᠯᠤᠰ ᠤᠨ ᠨᠠᠷᠠᠲᠤ︾ ᠵᠢᠭᠤᠯᠴᠢᠯᠠᠯ ᠠᠮᠠᠷᠠᠯᠲᠠ ᠶᠢᠨ ᠬᠤᠲᠠ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠤᠯᠭᠠᠵᠤ᠂ ᠨᠠᠩ ᠣᠯᠠᠨ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠵᠠᠭᠪᠤᠷ ᠢ ᠬᠦᠴᠦᠯᠡᠨ ᠪᠤᠶ ᠪᠤᠯᠭᠠᠵᠤ᠂ ᠠᠮᠠᠷᠠᠯᠲᠠ ᠶᠢᠨ ᠣᠷᠣᠨ ᠤ ᠶᠠᠰᠤ ᠴᠢᠨᠠᠷ ᠢ ᠲᠠᠰ ᠳᠡᠪᠰᠢᠭᠦᠯᠬᠦ ᠶᠢ ᠠᠬᠢᠭᠤᠯᠵᠤ᠂ ᠵᠢᠭᠤᠯᠴᠢᠯᠠᠬᠰᠳ ᠤᠨ ᠠᠬᠤᠢ ᠲᠠᠯᠠᠪᠠᠶ ᠶᠢᠨ ᠪᠡᠶᠡᠴᠢᠯᠡᠨ ᠣᠶᠢᠯᠠᠭᠠᠬᠤ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠷᠠᠰᠢᠶᠠᠨ ᠤ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠭᠦᠨᠵᠡᠭᠡᠶᠢᠷᠡᠬᠦ ᠮᠠᠶ᠋ᠢᠭ ᠤᠨ ᠠᠮᠠᠷᠠᠯᠲᠠ ᠶᠢᠨ ᠣᠷᠣᠨ ᠤ ᠲᠡᠷᠢᠭᠦᠨ ᠰᠣᠩᠭᠤᠯᠲᠠ ᠶᠢᠨ ᠭᠠᠵᠠᠷ᠂ ᠰᠢᠯᠢᠳᠡᠭ ᠰᠣᠩᠭᠤᠯᠲᠠ ᠶᠢᠨ ᠭᠠᠵᠠᠷ᠂ ᠵᠠᠪᠠᠯ ᠰᠣᠩᠭᠤᠬᠤ ᠭᠠᠵᠠᠷ ᠪᠤᠯᠭᠠᠬᠤ ᠪᠠᠷ ᠴᠢᠷᠮᠠᠶᠢᠵᠤ ᠪᠠᠶᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ