︽ᠭᠤᠷᠪᠠᠨ ᠨᠠᠭᠤᠷ ᠤᠨ ᠪᠣᠯᠵᠤᠭ᠎ᠠ︾ ᠬᠢᠯᠢ ᠠᠯᠤᠰᠯᠠᠭᠰᠠᠨ ᠬᠤᠪᠢ ᠶᠢᠨ ᠮᠠᠰᠢᠨ ᠲᠡᠷᠭᠡᠨ ᠤ ᠵᠢᠭᠤᠯᠴᠢᠯᠠᠯ ᠢᠯᠭᠤᠮ ᠤᠷᠤᠭᠰᠢᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/11/12
        ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠳᠤᠮᠳᠠᠳᠤ ᠣᠷᠣᠰ ᠮᠣᠩᠭᠤᠯ ᠤᠨ ︽ᠭᠤᠷᠪᠠᠨ ᠨᠠᠭᠤᠷ ᠤᠨ ᠪᠣᠯᠵᠤᠭ᠎ᠠ︾ ᠲᠦᠮᠡᠨ ᠭᠠᠵᠠᠷ ᠤᠨ ᠴᠠᠢ ᠶᠢᠨ ᠵᠠᠮ ᠤᠨ ᠬᠢᠯᠢ ᠠᠯᠤᠰᠯᠠᠭᠰᠠᠨ ᠮᠠᠰᠢᠨ ᠲᠡᠷᠭᠡᠨ ᠤ ᠵᠢᠭᠤᠯᠴᠢᠯᠠᠯ ᠤᠨ ᠪᠦᠯᠭᠦᠮ ᠲᠦᠷᠦᠭᠦᠬᠡᠨ ᠭᠦᠭᠡᠬᠤᠳᠠ  ᠠᠴᠠ ᠮᠣᠷᠳᠠᠵᠤ᠂ ᠮᠠᠨ ᠤ ᠣᠷᠣᠨ ᠤ ᠬᠥᠯᠥᠨ ᠨᠠᠭᠤᠷ᠂ ᠣᠷᠣᠰ ᠤᠨ ᠪᠠᠶᠢᠭᠠᠯ ᠨᠠᠭᠤᠷ᠂ ᠮᠣᠩᠭᠤᠯ ᠤᠯᠤᠰ ᠤᠨ ᠭᠦᠪᠰᠦᠭᠦᠯ ᠨᠠᠭᠤᠷ ᠲᠤ ᠠᠶᠠᠯᠠᠯ ᠵᠢᠭᠤᠯᠴᠢᠯᠠᠯ ᠢᠶᠠᠨ ᠡᠬᠢᠯᠡᠭᠦᠯᠵᠦ᠂ ᠢᠯᠭᠤᠮ ᠤᠷᠤᠭᠰᠢᠲᠠᠢ ᠶᠠᠪᠤᠭᠳᠠᠵᠤ ᠪᠠᠶᠢᠨ᠎ᠠ᠃         ᠳᠤᠮᠳᠠᠳᠤ ᠣᠷᠣᠰ ᠮᠣᠩᠭᠤᠯ ᠤᠨ ︽ᠭᠤᠷᠪᠠᠨ ᠨᠠᠭᠤᠷ ᠤᠨ ᠪᠣᠯᠵᠤᠭ᠎ᠠ︾ ᠶᠢᠨ ᠬᠢᠯᠢ ᠠᠯᠤᠰᠯᠠᠨ ᠬᠤᠪᠢ ᠶᠢᠨ ᠮᠠᠰᠢᠨ ᠲᠡᠷᠭᠡ ᠪᠠᠨ ᠪᠠᠷᠢᠵᠤ ᠵᠢᠭᠤᠯᠴᠢᠯᠠᠬᠤ ᠵᠠᠮ ᠱᠤᠭᠤᠮ ᠢ ᠬᠠᠶᠢᠨ ᠪᠠᠶᠢᠴᠠᠭᠠᠬᠤ ᠠᠵᠢᠯᠯᠠᠭ᠎ᠠ ᠨᠢ ᠣᠷᠣᠰ ᠮᠣᠩᠭᠤᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ᠂ ᠢᠵᠢ ᠪᠦᠷᠢᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ᠂ ᠳᠤᠮᠳᠠᠳᠤ ᠣᠷᠣᠰ ᠮᠣᠩᠭᠤᠯ ᠤᠨ ᠬᠢᠯᠢ ᠶᠢᠨ ᠪᠣᠭᠤᠮᠲᠠ ᠪᠠᠷ ᠣᠷᠣᠵᠤ ᠭᠠᠷᠬᠤ ᠪᠠ ᠪᠣᠭᠤᠮᠲᠠ ᠪᠠᠷ ᠥᠩᠭᠡᠷᠡᠬᠦ ᠠᠯᠬᠤᠮ ᠳᠠᠷᠠᠭ᠎ᠠ ᠶᠢ ᠪᠠᠶᠢᠴᠠᠭᠠᠨ ᠰᠤᠳᠤᠯᠬᠤ ᠪᠠᠷ ᠳᠠᠮᠵᠢᠨ ᠳᠤᠮᠳᠠᠳᠤ ᠤᠯᠤᠰ ᠤᠨ ᠬᠤᠪᠢ ᠶᠢᠨ ᠮᠠᠰᠢᠨ ᠲᠡᠷᠭᠡ  ᠪᠠᠨ ᠪᠠᠷᠢᠵᠤ ᠬᠢᠯᠢ ᠶᠢᠨ ᠭᠠᠳᠠᠨ᠎ᠠ ᠵᠢᠭᠤᠯᠴᠢᠯᠠᠬᠤ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠷᠣᠰ ᠮᠣᠩᠭᠤᠯ ᠳᠤ ᠬᠤᠪᠢ ᠶᠢᠨ ᠮᠠᠰᠢᠨ ᠲᠡᠷᠭᠡ ᠪᠠᠨ ᠪᠠᠷᠢᠵᠤ ᠵᠢᠭᠤᠯᠴᠢᠯᠠᠬᠰᠠᠳ ᠲᠤ ᠴᠢᠨᠠᠷ ᠰᠠᠶᠢᠲᠠᠢ ᠰᠣᠶᠣᠯ ᠵᠢᠭᠤᠯᠴᠢᠯᠠᠯ ᠤᠨ ᠦᠢᠯᠡᠳᠬᠦᠨ ᠬᠠᠩᠭᠠᠨ᠂ ᠥᠪᠡᠰᠦᠪᠡᠨ ᠮᠠᠰᠢᠨ ᠲᠡᠷᠭᠡ ᠪᠠᠷᠢᠵᠤ ᠵᠢᠭᠤᠯᠴᠢᠯᠠᠬᠤ᠂ ᠰᠤᠳᠤᠯᠤᠨ ᠰᠤᠷᠤᠯᠴᠠᠵᠤ ᠵᠢᠭᠤᠯᠴᠢᠯᠠᠬᠤ ᠵᠡᠷᠭᠡ ᠬᠢᠯᠢ ᠠᠯᠤᠰᠯᠠᠨ ᠵᠢᠭᠤᠯᠴᠢᠯᠠᠬᠤ ᠦᠢᠯᠡᠳᠬᠦᠨ ᠤ ᠰᠢᠨ᠎ᠡ ᠶᠢ ᠡᠭᠦᠳᠴᠦ᠂ ᠲᠦᠮᠡᠨ ᠭᠠᠵᠠᠷ ᠤᠨ ᠴᠠᠢ ᠶᠢᠨ ᠵᠠᠮ ᠤᠨ ᠣᠯᠠᠨ ᠤᠯᠤᠰ ᠤᠨ ᠵᠢᠭᠤᠯᠴᠢᠯᠠᠯ ᠤᠨ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠣᠷᠣᠨ ᠪᠦᠰᠡ ᠶᠢᠨ ᠠᠵᠤ ᠠᠬᠤᠢ  ᠶᠢᠨ ᠬᠠᠮᠲᠤ ᠶᠢᠨ ᠬᠥᠭᠵᠢᠯᠲᠡ ᠶᠢ ᠳᠠᠶᠢᠴᠢᠯᠠᠬᠤ ᠪᠣᠯᠣᠨ᠎ᠠ᠃         ᠮᠠᠨ ᠤ ᠣᠷᠣᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠲᠦᠷᠦᠯ ᠲᠡᠮᠳᠡᠭ ᠢᠶᠠᠷ ᠬᠥᠲᠥᠯᠥᠨ ᠳᠠᠭᠠᠭᠤᠯᠵᠤ᠂ ᠳᠤᠮᠳᠠᠳᠤ ᠣᠷᠣᠰ ᠮᠣᠩᠭᠤᠯ ᠤᠨ ᠲᠦᠮᠡᠨ ᠭᠠᠵᠠᠷ ᠤᠨ ᠴᠠᠢ ᠶᠢᠨ ᠵᠠᠮ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠢᠳᠡᠪᠬᠢᠲᠡᠢ ᠠᠬᠢᠭᠤᠯᠤᠨ᠂ ︽ᠭᠤᠷᠪᠠᠨ ᠨᠠᠭᠤᠷ ᠤᠨ ᠪᠣᠯᠵᠤᠭ᠎ᠠ︾ ᠬᠢᠯᠢ ᠠᠯᠤᠰᠯᠠᠭᠰᠠᠨ ᠬᠤᠪᠢ ᠶᠢᠨ ᠮᠠᠰᠢᠨ ᠲᠡᠷᠭᠡᠨ ᠤ ᠵᠢᠭᠤᠯᠴᠢᠯᠠᠯ ᠤᠨ ᠵᠠᠮ ᠱᠤᠭᠤᠮ ᠳᠤ ᠪᠠᠶᠢᠴᠠᠭᠠᠯᠲᠠ ᠬᠢᠬᠦ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠵᠢᠭᠤᠯᠴᠢᠯᠠᠬᠰᠠᠳ ᠲᠤ ᠲᠦᠭᠦᠮ ᠳᠥᠲᠡ ᠨᠥᠬᠦᠴᠡᠯ ᠬᠠᠩᠭᠠᠪᠠ᠃ ᠲᠤᠰ ᠵᠢᠭᠤᠯᠴᠢᠯᠠᠯ ᠤᠨ ᠠᠵᠢᠯᠯᠠᠭ᠎ᠠ ᠨᠢ ᠲᠦᠮᠡᠨ ᠭᠠᠵᠠᠷ ᠤᠨ ᠴᠠᠢ ᠶᠢᠨ ᠵᠠᠮ ᠤᠨ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭᠠᠨ ᠤ ᠪᠦᠷᠢᠯᠳᠦᠭᠦᠨ ᠨᠢᠭᠡᠴᠢ ᠶᠢ ᠲᠣᠭᠤᠷᠢᠨ ᠦᠵᠡᠵᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠤᠨ᠂ ᠵᠢᠭᠤᠯᠴᠢᠯᠠᠯ ᠤᠨ ᠶᠠᠪᠤᠴᠠ ᠳᠤ ᠭᠠᠷᠴᠤ ᠮᠡᠳᠡᠬᠦ ᠡᠯ᠎ᠡ ᠵᠦᠢᠯ ᠤᠨ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠭᠡᠯᠪᠡᠷᠢ ᠶᠢ ᠰᠤᠳᠤᠯᠤᠨ ᠶᠠᠷᠢᠯᠴᠠᠵᠤ᠂ ᠣᠨᠴᠠᠯᠢᠭᠲᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠪᠠ ᠬᠢᠯᠢ ᠠᠯᠤᠰᠯᠠᠭᠰᠠᠨ ᠵᠢᠭᠤᠯᠴᠢᠯᠠᠯ ᠤᠨ ᠲᠥᠷᠥᠯ ᠲᠡᠮᠳᠡᠭᠲᠦ ᠵᠠᠮ ᠱᠤᠭᠤᠮ ᠤᠨ ᠪᠦᠷᠢᠯᠳᠦᠯ ᠢ ᠠᠬᠢᠭᠤᠯᠬᠤ ᠪᠣᠯᠣᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ