ᠺᠤᠷᠢᠶᠠ ᠶᠢᠨ ᠵᠢᠭᠤᠯᠴᠢᠨ ᠤ ᠨᠢᠰᠭᠡᠯ ᠬᠦᠬᠡᠬᠤᠲᠠ ᠳᠤ ᠪᠠᠭᠤᠪᠠ
ᠨᠡᠶᠢᠲᠡᠯᠡᠭᠰᠡᠨ ᠴᠠᠭ᠄
2024/11/12
        7 ᠰᠠᠷ᠎ᠠ ᠶᠢᠨ 18 ᠤ ᠥᠷᠯᠥᠭᠡ᠂ ᠺᠤᠷᠢᠶᠠ ᠶᠢᠨ 180 ᠭᠠᠷᠤᠢ ᠵᠢᠭᠤᠯᠴᠢᠯᠠᠭᠴᠢ ᠺᠤᠷᠢᠶᠠ ᠶᠢᠨ ᠰᠧᠦ᠋ᠯ ᠬᠤᠲᠠ ᠶᠢᠨ ᠷᠧᠨ ᠴᠤᠸᠠᠨ - ᠳᠤᠮᠳᠠᠳᠤ ᠤᠯᠤᠰ ᠤᠨ ᠭᠦᠭᠡᠬᠤᠲᠠ ᠬᠦᠷᠬᠦ ᠵᠢᠭᠤᠯᠴᠢᠯᠠᠯ ᠤᠨ ᠬᠥᠯᠥᠰᠦᠯᠡᠭᠰᠡᠨ ᠨᠢᠰᠬᠡᠯ ᠢᠶᠠᠷ ᠭᠦᠭᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠤ᠂ ᠤᠮᠠᠷᠠᠲᠤ ᠬᠢᠯᠢ ᠶᠢᠨ ᠵᠢᠭᠤᠯᠴᠢᠯᠠᠯ ᠢᠶᠠᠨ ᠡᠬᠢᠯᠡᠭᠦᠯᠪᠡ᠃ 
2024111203.png   
        ᠣᠶᠢᠯᠠᠭᠠᠭᠰᠠᠨ ᠢᠶᠠᠷ᠂ 7 ᠰᠠᠷ᠎ᠠ ᠶᠢᠨ 18 ᠤ ᠡᠳᠦᠷ ᠠᠴᠠ 8 ᠰᠠᠷ᠎ᠠ ᠶᠢᠨ 31 ᠤ ᠡᠳᠦᠷ ᠪᠤᠯᠲᠠᠯ᠎ᠠ 14 ᠡᠭᠡᠯᠵᠢ ᠶᠢᠨ ᠨᠢᠰᠬᠡᠯ ᠬᠢᠯᠢ ᠪᠠᠷ ᠣᠷᠣᠵᠤ ᠢᠷᠡᠨ᠂ ᠵᠢᠱᠢᠯᠲᠡ ᠪᠠᠷ ᠺᠤᠷᠢᠶᠠ ᠶᠢᠨ 2600 ᠭᠠᠷᠤᠢ ᠵᠢᠭᠤᠯᠴᠢᠯᠠᠭᠴᠢ ᠬᠢᠯᠢ ᠪᠠᠷ ᠣᠷᠣᠵᠤ ᠢᠷᠡᠨ᠎ᠠ᠃ ᠡᠨᠡ ᠤᠳᠠᠭ᠎ᠠ ᠶᠢᠨ ᠢᠷᠡᠭᠰᠡᠨ ᠺᠤᠷᠢᠶᠠ ᠶᠢᠨ ᠵᠢᠭᠤᠯᠴᠢᠯᠠᠬᠰᠠᠳ ᠭᠦᠭᠡᠬᠤᠲᠠ ᠪᠤᠭᠤᠲᠤ ᠣᠷᠳᠣᠰ ᠤᠨ ᠪᠠᠶᠢᠭᠠᠯᠢ ᠶᠢᠨ ᠭᠤᠶᠢᠳᠠ ᠦᠵᠡᠮᠵᠢ ᠶᠢ ᠲᠣᠭᠤᠷᠢᠨ ᠦᠵᠡᠵᠦ᠂ ᠡᠲᠡᠭᠡᠷ ᠬᠤᠲᠠ ᠶᠢᠨ ᠠᠵᠤ ᠠᠬᠤᠢ ᠶᠢᠨ ᠪᠠᠶᠢᠳᠠᠯ ᠢ ᠣᠶᠢᠯᠠᠭᠠᠬᠤ ᠪᠣᠯᠣᠨ᠎ᠠ᠃         ᠡᠨᠡ ᠵᠢᠯ ᠠᠴᠠ ᠨᠠᠭᠠᠰᠢ᠂ ᠮᠠᠨ ᠤ ᠣᠷᠣᠨ ᠬᠢᠯᠢ ᠳᠤ ᠣᠷᠣᠵᠤ ᠢᠷᠡᠬᠦ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠥᠷᠭᠡᠳᠬᠡᠵᠦ᠂ ᠵᠢᠭᠤᠯᠴᠢᠯᠠᠯ ᠤᠨ ᠦᠢᠯᠡᠳᠬᠦᠨ ᠢᠶᠠᠨ ᠪᠠᠶᠠᠯᠢᠭᠵᠢᠭᠤᠯᠤᠨ᠂ ᠬᠢᠯᠢ ᠳᠤ ᠣᠷᠣᠵᠤ ᠢᠷᠡᠬᠦ ᠵᠢᠭᠤᠯᠴᠢᠯᠠᠯ ᠤᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠭᠡᠬᠦ ᠪᠠᠷ ᠭᠤᠣᠯ ᠰᠡᠳᠦᠪ ᠪᠣᠯᠭᠠᠨ᠂ ︽ᠵᠢᠭᠤᠯᠴᠢᠯᠠᠬᠰᠠᠳ ᠢ ᠥᠪᠥᠷ ᠮᠣᠩᠭᠤᠯ ᠳᠤ ᠲᠡᠳᠡᠨ ᠣᠷᠣᠭᠤᠯᠬᠤ︾ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠬᠢᠯᠢ ᠳᠤ ᠣᠷᠣᠵᠤ ᠢᠷᠡᠬᠦ ᠰᠣᠳᠣᠨ ᠵᠢᠭᠤᠯᠴᠢᠯᠠᠯ ᠤᠨ ᠵᠠᠮ ᠱᠤᠭᠤᠮ ᠢ ᠬᠠᠮᠲᠤᠷᠠᠨ ᠪᠠᠶᠢᠭᠤᠯᠵᠤ᠂ ᠬᠢᠯᠢ ᠳᠤ ᠣᠷᠣᠵᠤ ᠢᠷᠡᠬᠦ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠪᠠ᠃         ᠨᠢᠰᠬᠡᠯ ᠤᠨ ᠪᠠᠭᠤᠳᠠᠯ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠠᠭᠠᠷ ᠤᠨ ᠠᠶᠠᠯᠠᠯ ᠤᠨ ᠡᠭᠡᠯᠵᠢ ᠶᠢᠨ ᠨᠢᠰᠬᠡᠯ ᠨᠡᠪᠲᠡᠷᠡᠭᠰᠡᠨ ᠶᠠᠪᠤᠳᠠᠯ ᠨᠢ ᠳᠤᠮᠳᠠᠳᠤ ᠺᠤᠷᠢᠶᠠ ᠶᠢᠨ ᠬᠤᠲᠠ ᠶᠢᠨ ᠬᠤᠭᠤᠷᠣᠨᠳᠣᠭᠢ ᠠᠵᠤ ᠠᠬᠤᠢ᠂ ᠰᠣᠶᠣᠯ᠂ ᠵᠢᠭᠤᠯᠴᠢᠯᠠᠯ ᠤᠨ ᠰᠣᠯᠢᠯᠴᠠᠭ᠎ᠠ ᠳᠤ ᠠᠭᠠᠷ ᠳᠡᠭᠡᠷᠡᠬᠢ ᠬᠥᠭᠦᠷᠭᠡ ᠪᠠᠶᠢᠭᠤᠯᠵᠤ ᠥᠭᠪᠡ ᠭᠡᠵᠡᠢ᠃         ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠵᠢᠭᠤᠯᠴᠢᠯᠠᠯ ᠤᠨ ᠵᠠᠮ ᠱᠤᠭᠤᠮ ᠤᠨ ᠵᠢᠷᠤᠭ ᠲᠥᠯᠥᠪᠯᠡᠭᠡ ᠨᠢ ᠺᠤᠷᠢᠶᠠ ᠶᠢᠨ ᠵᠢᠭᠤᠯᠴᠢᠯᠠᠬᠰᠠᠳ ᠲᠤ ᠥᠪᠥᠷ ᠮᠣᠩᠭᠤᠯ ᠤᠨ ᠥᠪᠡᠷᠮᠢᠴᠡ ᠷᠢᠳᠢ ᠰᠢᠳᠢ ᠶᠢ ᠪᠦᠭᠦ ᠲᠠᠯ᠎ᠠ ᠪᠠᠷ ᠣᠶᠢᠯᠠᠭᠠᠭᠤᠯᠵᠤ᠂ ᠬᠥᠭᠵᠢᠶᠡᠨᠲᠦ ᠬᠤᠲᠠ ᠠᠴᠠ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠭᠦᠷᠲᠡᠯ᠎ᠡ᠂ ᠭᠦᠨ ᠵᠤᠵᠠᠭᠠᠨ ᠲᠡᠦᠬᠡ ᠠᠴᠠ ᠣᠲᠣ ᠦᠶ᠎ᠡ ᠶᠢᠨ ᠳᠦᠷᠰᠦ ᠪᠠᠶᠢᠳᠠᠯ ᠭᠦᠷᠲᠡᠯ᠎ᠡ᠂ ᠥᠷᠲᠡᠭᠡ ᠨᠢᠭᠡᠪᠦᠷᠢ ᠨᠢ ᠴᠥᠮ ᠨᠢᠭᠡᠨ ᠤᠳᠠᠭᠠᠨ ᠤ ᠮᠠᠷᠲᠠᠭᠳᠠᠰᠢ ᠦᠭᠡᠢ ᠰᠣᠶᠣᠯ ᠤᠨ ᠬᠦᠷᠲᠡᠭᠡᠯ ᠪᠤᠯᠬᠤ ᠶᠤᠮ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ