7 ᠰᠠᠷ᠎ᠠ ᠶᠢᠨ 13 ᠤ ᠡᠳᠦᠷ ᠤᠨ 10 ᠴᠠᠭ 44 ᠮᠢᠨᠦ᠋ᠲ ᠲᠤ᠂ ᠵᠢᠢ ᠰᠢᠶᠠᠩ ᠠᠭᠠᠷ ᠤᠨ ᠠᠶᠠᠯᠠᠯ ᠤᠨ HO02379 ᠡᠭᠡᠯᠵᠢ ᠶᠢᠨ ᠨᠢᠰᠬᠡᠯ | ᠲᠣᠭᠲᠠᠭᠤᠨ ᠪᠠᠭᠤᠵᠤ ᠢᠷᠡᠬᠦ ᠶᠢ ᠳᠠᠭᠠᠯᠳᠤᠨ᠂ ᠱᠠᠩᠬᠠᠢ - ᠰᠢᠯᠢᠩᠬᠤᠲᠠ ᠶᠢᠨ ᠰᠢᠭᠤᠳ ᠨᠢᠰᠬᠦ ᠠᠭᠠᠷ ᠤᠨ ᠠᠶᠠᠯᠠᠯ ᠤᠨ ᠠᠩᠬᠠᠨ ᠤ ᠨᠢᠰᠦᠯᠲᠡ ᠠᠮᠵᠢᠯᠲᠠ | ᠣᠯᠣᠭᠰᠠᠨ ᠢ ᠬᠠᠷᠠᠭᠤᠯᠵᠤ ᠪᠤᠢ᠃ | | | ᠰᠢᠯᠢᠩᠬᠤᠲᠠ ᠶᠢᠨ ᠨᠢᠰᠬᠡᠯ ᠤᠨ ᠪᠠᠭᠤᠳᠠᠯ ᠠᠷᠠᠳ ᠤᠨ ᠠᠭᠠᠷ ᠤᠨ ᠠᠶᠠᠯᠠᠯ ᠤᠨ ᠡᠲᠡᠭᠡᠳ ᠤᠨ ᠬᠢᠨ ᠤ ᠬᠠᠮᠤᠭ ᠤᠨ ᠥᠨᠳᠥᠷ ᠬᠦᠨᠳᠦᠳᠬᠡᠯ ᠪᠤᠯᠬᠤ ︽ | ᠤᠰᠤᠨ ᠡᠭᠦᠳᠡ ᠪᠠᠷ ᠥᠩᠭᠡᠷᠡᠬᠦ︾ ᠶᠣᠰᠣᠯᠠᠯ ᠢᠶᠠᠷ ᠲᠤᠰ ᠡᠭᠡᠯᠵᠢ ᠶᠢᠨ ᠨᠢᠰᠬᠡᠯ ᠢ ᠤᠭᠲᠤᠵᠤ᠂ ᠵᠢᠢ ᠰᠢᠶᠠᠩ ᠠᠭᠠᠷ ᠤᠨ ᠠᠶᠠᠯᠠᠯ ᠤᠨ ᠺᠤᠮᠫᠠᠨᠢ᠂ ᠰᠢᠯᠢ ᠶᠢᠨ | ᠭᠤᠣᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ᠂ ᠬᠤᠸᠠ ᠴᠧᠩ ᠤᠯᠤᠰ ᠤᠨ ᠵᠢᠭᠤᠯᠴᠢᠯᠠᠯ ᠤᠨ ᠪᠦᠯᠦᠭᠯᠡᠯ ᠤᠨ ᠬᠢᠨ ᠲᠠᠢ | ᠬᠠᠮᠲᠤᠷᠠᠨ᠂ ᠨᠢᠰᠬᠡᠯ ᠤᠨ ᠪᠠᠭᠤᠳᠠᠯ ᠳᠤ ᠥᠪᠡᠳᠡᠭᠰᠢ ᠶᠡᠭᠡ ᠠᠩᠬ᠎ᠠ ᠨᠢᠰᠦᠭᠰᠡᠨ ᠶᠣᠰᠣᠯᠠᠯ ᠶᠠᠪᠤᠭᠤᠯᠵᠤ᠂ ᠱᠠᠩᠬᠠᠢ - ᠰᠢᠯᠢᠩᠬᠤᠲᠠ ᠶᠢᠨ ᠱᠤᠭᠤᠮ ᠤᠨ ᠠᠩᠬ᠎ᠠ | ᠨᠢᠰᠦᠭᠰᠡᠨ ᠠᠶᠠᠨᠴᠢᠳ ᠲᠤ ᠲᠠᠯ᠎ᠠ ᠨᠤᠲᠤᠭ ᠤᠨ ᠰᠣᠶᠣᠯ ᠢ ᠠᠭᠤᠰᠤᠯᠴᠠᠭᠤᠯᠤᠭᠰᠠᠨ ᠤᠭᠲᠤᠬᠤ ᠨᠠᠶᠢᠷ ᠪᠡᠯᠡᠳᠬᠡᠵᠡᠢ᠃ 156 ᠠᠶᠠᠨᠴᠢᠨ ᠠᠩᠬ᠎ᠠ ᠨᠢᠰᠦᠭᠰᠡᠨ | ᠪᠦᠯᠭᠦᠮ ᠤᠨ ᠭᠡᠰᠢᠭᠦᠨ ᠤ ᠬᠤᠪᠢ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠳᠤ | ᠣᠷᠤᠯᠴᠠᠬᠤ ᠪᠠᠷ ᠢᠷᠡᠵᠦ᠂ ᠰᠢᠯᠢ ᠶᠢᠨ ᠭᠤᠣᠯ ᠤᠨ ᠲᠠᠯ᠎ᠠ ᠨᠤᠲᠤᠭ ᠲᠠᠬᠢ ᠵᠤᠭᠠᠲᠠᠢ 4 ᠡᠳᠦᠷ ᠤᠨ ᠠᠶᠠᠯᠠᠯ ᠵᠢᠭᠤᠯᠴᠢᠯᠠᠯ ᠢᠶᠠᠨ ᠡᠬᠢᠯᠡᠭᠦᠯᠵᠡᠢ᠃ | ᠰᠢᠯᠢᠩᠬᠤᠲᠠ ᠪᠠ ᠱᠠᠩᠬᠠᠢ ᠶᠢᠨ ᠬᠤᠭᠤᠷᠤᠨᠳᠤᠭᠢ ᠠᠭᠠᠷ ᠤᠨ ᠠᠶᠠᠯᠠᠯ ᠤᠨ ᠵᠢᠩᠬᠢᠨᠢ ᠪᠠᠷ ᠨᠡᠪᠲᠡᠷᠡᠭᠰᠡᠨ ᠨᠢ ᠤᠯᠠᠨ ᠲᠦᠮᠡᠨ ᠤ ᠶᠠᠪᠤᠵᠤ ᠰᠠᠭᠤᠬᠤ | ᠬᠡᠷᠡᠭᠴᠡᠭᠡ ᠶᠢ ᠬᠠᠩᠭᠠᠨ᠂ ᠬᠤᠶᠠᠷ ᠭᠠᠵᠠᠷ ᠤᠨ ᠠᠵᠤ ᠠᠬᠤᠢ᠂ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠣᠯᠭᠤᠬᠤ | ᠪᠣᠯᠣᠨ᠎ᠠ᠃ | |