ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠢᠨ ᠠᠪᠴᠢᠷᠠᠬᠤ ᠪᠠᠷ ᠪᠠᠶᠢᠭ᠎ᠠ ᠳᠡᠭᠡᠳᠦ ᠲᠠᠰ ᠤᠨ ᠴᠢᠳᠠᠪᠤᠷᠢᠲᠠᠨ ᠢ ᠢᠯᠡ ᠨᠡᠶᠢᠲᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/15
        ︽︿ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠬᠥᠭᠵᠢᠭᠦᠯᠬᠦ﹀ ᠢᠨᠵᠧᠨᠧᠷᠢᠩ ᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠨᠤᠭᠤᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠲᠠᠷᠬᠠᠭᠠᠪᠠ ﹇2024﹈ 18 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠶᠢᠲᠡᠯᠡᠬᠦ᠂ ᠨᠡᠷ᠎ᠡ ᠮᠡᠳᠡᠭᠦᠯᠬᠦ ᠶᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠠᠴᠠ ᠦᠨᠡᠯᠡᠵᠦ ᠬᠢᠨᠠᠨ ᠲᠣᠭᠲᠠᠭᠠᠬᠤ᠂ ᠰᠢᠨᠵᠢᠯᠡᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠨᠠᠶᠢᠳᠠ 2 ᠬᠥᠮᠥᠨ ᠤᠷᠢᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ ᠣᠷᠣᠪᠠ᠂ ᠣᠲᠣ ᠤᠷᠢᠨᠨ ᠠᠪᠴᠢᠷᠠᠬᠤ ᠪᠠᠷ ᠪᠠᠶᠢᠭ᠎ᠠ ᠳᠡᠭᠡᠳᠦ ᠲᠠᠰ ᠤᠨ ᠠᠵᠢᠯᠲᠠᠨ ᠵᠢᠴᠢ ᠡᠲᠡᠭᠡᠷ ᠬᠥᠮᠥᠰ ᠢ ᠤᠷᠢᠨ ᠬᠡᠷᠡᠭᠯᠡᠬᠦ ᠪᠠᠷ ᠪᠠᠶᠢᠭ᠎ᠠ ᠨᠢᠭᠡᠴᠢ ᠶᠢ ᠢᠯᠡ ᠨᠡᠶᠢᠲᠡᠯᠡᠶ᠎ᠡ᠃          ᠨᠢᠭᠡ᠂ ᠵᠠᠷᠯᠠᠨ ᠨᠡᠶᠢᠲᠡᠯᠡᠬᠦ ᠡᠲᠡᠭᠡᠳ          ᠪᠠᠢ ᠶᠢᠨ᠂ ᠡᠮᠡᠭᠲᠡᠢ᠂ 1988 ᠣᠨ ᠤ 6 ᠰᠠᠷ᠎ᠠ ᠳᠤ ᠲᠥᠷᠥᠵᠡᠢ᠂ ᠳ᠋ᠣᠺᠲ᠋ᠣᠷᠠᠨᠲ᠂ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠪᠠᠷ ᠪᠤᠢ᠃ ᠸᠠᠩ ᠶᠤᠸᠠᠨ᠂ ᠡᠮᠡᠭᠲᠡᠢ᠂ 1996 ᠣᠨ ᠤ 8 ᠰᠠᠷ᠎ᠠ ᠳᠤ ᠲᠥᠷᠥᠵᠡᠢ᠂ ᠳ᠋ᠣᠺᠲ᠋ᠣᠷᠠᠨᠲ᠂ ᠹᠢᠽᠢᠺ ᠬᠢᠭᠡᠳ ᠡᠯᠧᠺᠲᠷᠣᠨ ᠮᠡᠳᠡᠭᠡ ᠵᠠᠩᠭᠢ ᠶᠢᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠪᠠᠷ ᠪᠤᠢ᠃         ᠬᠤᠶᠠᠷ᠂ ᠢᠯᠡ ᠨᠡᠶᠢᠲᠡᠯᠡᠬᠦ ᠴᠠᠭ         2024 ᠣᠨ ᠤ 9 ᠰᠠᠷ᠎ᠠ ᠶᠢᠨ 25 ᠤ ᠡᠳᠦᠷ ᠠᠴᠠ 2024 ᠣᠨ ᠤ 9 ᠰᠠᠷ᠎ᠠ ᠶᠢᠨ 30 ᠤ ᠡᠳᠦᠷ ᠪᠤᠯᠲᠠᠯ᠎ᠠ         ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠯᠪᠡᠷᠢ         ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠂ ᠪᠠᠶᠢᠳᠠᠯ ᠢ ᠲᠤᠰᠬᠠᠭᠰᠠᠨ ᠨᠢᠭᠡᠴᠢ ᠨᠢ ᠮᠠᠲ᠋ᠧᠷᠢᠶᠠᠯ ᠳᠡᠭᠡᠷ᠎ᠡ ᠪᠠᠨ ᠨᠢᠭᠡᠴᠢ ᠶᠢᠨ ᠢᠶᠠᠨ ᠠᠯᠪᠠᠨ ᠲᠠᠮᠠᠭ᠎ᠠ ᠶᠢ ᠳᠠᠷᠤᠵᠤ᠂ ᠬᠤᠪᠢ ᠬᠥᠮᠥᠨ ᠪᠣᠯ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠬᠤ ᠬᠡᠷᠡᠭᠲᠡᠶ᠃         ᠬᠦᠯᠢᠶᠡᠨ ᠠᠪᠴᠤ ᠰᠢᠢᠳᠪᠦᠷᠢᠯᠡᠬᠦ ᠴᠠᠭ᠄ ᠦᠳᠡ ᠶᠢᠨ ᠡᠮᠦᠨ᠎ᠡ 9᠄ 00 — 12᠄ 00᠂ ᠦᠳᠡ ᠶᠢᠨ ᠬᠤᠶᠢᠨ᠎ᠠ 14᠄ 30 — 17᠄ 00         ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 — 6946229                                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ                                 ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ                                               2024 ᠣᠨ ᠤ 9 ᠰᠠᠷ᠎ᠠ ᠶᠢᠨ 25 ᠤ ᠡᠳᠦᠷ   
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ