ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠪᠠᠷᠢᠮᠵᠢᠶᠠᠵᠢᠭᠤᠯᠤᠯᠲᠠ ᠶᠢᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/11/15
ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠬᠤᠯᠪᠣᠭᠳᠠᠯ ᠪᠦᠬᠦᠢ ᠭᠠᠵᠠᠷ ᠲᠠᠰᠤᠭ᠂ ᠲᠢᠩᠬᠢᠮ ᠤᠨ ᠬᠠᠷᠢᠶ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄          ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠢᠩᠬᠢᠮ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠵᠠᠷ ᠲᠠᠰᠤᠭ᠂ ᠨᠢᠭᠡᠴᠢ ᠶᠢᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠬᠤ ᠠᠵᠢᠯ ᠢ ᠳᠠᠭᠤᠰᠬᠠᠪᠠ᠃ ᠤᠯᠠᠨ ᠤᠳᠠᠭ᠎ᠠ ᠰᠠᠨᠠᠯ ᠬᠤᠷᠢᠶᠠᠬᠤ ᠶᠢᠨ ᠬᠠᠮᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ᠂ ᠮᠠᠨ ᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠪᠦᠷᠢᠯᠳᠦᠭᠦᠯᠪᠡ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠂ ᠡᠭᠦᠨ ᠤ ᠬᠠᠮᠲᠤ ᠳᠣᠣᠷᠠᠬᠢ ᠮᠡᠲᠦ ᠠᠵᠢᠯ ᠤᠨ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ ᠰᠠᠶᠢᠲᠤᠷ ᠠᠳᠬᠤᠵᠤ ᠨᠠᠶᠢᠳᠠᠪᠤᠷᠢᠵᠢᠭᠤᠯᠲᠤᠭᠠᠢ᠃          ᠨᠢᠭᠡ᠂ ᠪᠠᠷᠢᠮᠵᠢᠶᠠᠵᠢᠭᠤᠯᠤᠯᠲᠠ ᠶᠢᠨ ᠦᠷ᠎ᠡ ᠪᠦᠲᠦᠭᠡᠯ ᠢ ᠬᠡᠷᠡᠭᠵᠢᠭᠦᠯᠬᠦ ᠶᠢ ᠴᠢᠩᠭᠠᠳᠬᠠᠨ᠎ᠠ᠃ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠪᠠᠷᠢᠮᠵᠢᠶ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠪᠠᠷᠢᠮᠵᠢᠶᠠᠵᠢᠭᠤᠯᠤᠯᠲᠠ ᠪᠣᠯᠣᠨ ᠮᠡᠳᠡᠭᠡ ᠵᠠᠩᠭᠢᠵᠢᠯᠲᠠ ᠬᠤᠣᠰ ᠴᠢᠭᠯᠡᠯ ᠢᠶᠠᠷ ᠬᠥᠳᠡᠯᠭᠡᠭᠦᠷ ᠪᠣᠯᠭᠠᠬᠤ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠪᠠᠷᠢᠮᠵᠢᠶᠠᠵᠢᠭᠤᠯᠤᠯᠲᠠ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠳᠤ ᠠᠭᠤᠰᠤᠯᠴᠠᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠪᠠᠷᠢᠮᠵᠢᠶ᠎ᠠ ᠶᠢᠨ ᠬᠡᠷᠡᠭᠯᠡᠯᠲᠡ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃         ᠬᠤᠶᠠᠷ᠂ ᠪᠠᠷᠢᠮᠵᠢᠶ᠎ᠠ ᠶᠢᠨ ᠬᠡᠷᠡᠭᠯᠡᠭᠡᠨ ᠤ ᠦᠨᠡᠯᠡᠯᠲᠡ ᠶᠢ ᠴᠢᠩᠭᠠᠳᠬᠠᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠬᠠᠨᠤᠮᠵᠢ ᠲᠠᠢ ᠪᠠᠶᠢᠬᠤ ᠬᠡᠮᠵᠢᠶ᠎ᠡ ᠶᠢ ᠪᠠᠶᠢᠴᠠᠭᠠᠬᠤ ᠵᠡᠷᠭᠡ ᠠᠵᠢᠯ ᠲᠠᠢ ᠤᠶᠠᠯᠳᠤᠭᠤᠯᠤᠨ᠂ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠮᠥᠷᠳᠡᠬᠦ ᠬᠡᠷᠡᠭᠲᠡᠶ᠃ ᠵᠠᠰᠠᠭ ᠤᠨ ᠣᠷᠳᠣᠨ ᠤ ᠠᠯᠪᠠᠨ ᠮᠡᠳᠡᠭᠡ᠂ ᠠᠯᠪᠠᠨ ᠤ ᠰᠦᠯᠵᠢᠶ᠎ᠡ᠂ ᠰᠢᠨ᠎ᠡ ᠵᠠᠭᠤᠴᠢᠯᠠᠭᠤᠷ ᠤᠨ ᠲᠠᠪᠴᠠᠩ ᠵᠡᠷᠭᠡ ᠶᠢ ᠭᠦᠢᠴᠡᠳ ᠠᠰᠢᠭᠯᠠᠨ᠂ ᠡᠯ᠎ᠡ ᠵᠦᠢᠯ ᠤᠨ ᠪᠠᠷᠢᠮᠵᠢᠶ᠎ᠠ ᠶᠢ ᠴᠠᠭ ᠲᠤᠬᠠᠢ ᠳᠤᠨᠢ ᠢᠯᠡ ᠪᠣᠯᠭᠠᠵᠤ᠂ ᠨᠡᠶᠢᠭᠡᠮ ᠨᠠᠶᠢᠳᠠ ᠶᠢᠨ ᠰᠠᠨᠠᠯ ᠰᠠᠨᠠᠭᠤᠯᠭ᠎ᠠ ᠪᠠᠨ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠠᠨ ᠲᠦᠮᠡᠨ ᠤ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠤ ᠣᠷᠣᠯᠴᠠᠬᠤ ᠳᠤ ᠲᠥᠬᠦᠮ ᠦᠵᠡᠭᠦᠯᠬᠦ ᠬᠡᠷᠡᠭᠲᠡᠶ᠃ ᠪᠠᠷᠢᠮᠵᠢᠶᠠᠵᠢᠭᠤᠯᠤᠯᠲᠠ ᠶᠢᠨ ᠦᠷ᠎ᠡ ᠪᠦᠲᠦᠭᠡᠯ ᠤᠨ ᠦᠷ᠎ᠡ ᠪᠦᠲᠦᠮᠵᠢ ᠶᠢᠨ ᠤᠬᠠᠭᠤᠯᠭ᠎ᠠ ᠶᠢ ᠴᠢᠩᠭᠠᠳᠬᠠᠵᠤ᠂ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ᠲᠤᠬᠠᠢ ᠤᠯᠠᠨ ᠲᠦᠮᠡᠨ ᠤ ᠣᠶᠢᠯᠠᠭᠠᠯᠲᠠ ᠳᠡᠮᠵᠢᠯᠭᠡ ᠶᠢ ᠨᠡᠮᠡᠭᠳᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃          ᠪᠥᠬᠦ ᠣᠷᠣᠨ ᠤ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠷᠠᠭᠤᠯᠤᠨ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠬᠤᠯᠪᠣᠭᠳᠠᠯ ᠪᠦᠬᠦᠢ ᠭᠠᠵᠠᠷ ᠲᠠᠰᠤᠭ᠂ ᠨᠢᠭᠡᠴᠢ ᠡᠯ᠎ᠡ ᠭᠠᠵᠠᠷ ᠤᠨ ᠪᠠᠷᠢᠮᠵᠢᠶᠠᠵᠢᠭᠤᠯᠤᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠵᠢᠯᠤᠭᠤᠳᠬᠤ᠂ ᠪᠠᠶᠢᠴᠠᠭᠠᠨ ᠰᠤᠳᠤᠯᠬᠤ ᠠᠵᠢᠯ ᠢᠶᠠᠨ ᠴᠢᠩᠭᠠᠳᠬᠠᠬᠤ ᠬᠡᠷᠡᠭᠲᠡᠶ︔ ᠡᠯ᠎ᠡ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠᠷᠢᠮᠵᠢᠶᠠᠵᠢᠭᠤᠯᠤᠯᠲᠠ ᠶᠢᠨ ᠦᠷ᠎ᠡ ᠪᠦᠲᠦᠭᠡᠯ ᠢ ᠲᠣᠰ ᠭᠠᠵᠠᠷ ᠣᠷᠣᠨ ᠳᠤ ᠬᠡᠷᠡᠭᠵᠢᠭᠦᠯᠦᠨ ᠬᠡᠷᠡᠭᠯᠡᠬᠦ ᠠᠵᠢᠯ ᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠬᠠᠮᠢᠶ᠎ᠠ ᠪᠦᠬᠦᠢ ᠪᠠᠷᠢᠮᠵᠢᠶ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠵᠢᠯ ᠤᠨ ᠳᠤᠮᠳᠠ ᠠᠰᠠᠭᠤᠳᠠᠯ ᠲᠤᠯᠭᠠᠷᠠᠪᠠᠯ᠂ ᠴᠠᠭ ᠲᠤᠬᠠᠢ ᠳᠤᠨᠢ ᠪᠢᠳᠡᠨ ᠲᠠᠢ ᠬᠠᠷᠢᠯᠴᠠᠵᠤ᠂ ᠬᠠᠮᠲᠤ ᠪᠠᠷ ᠠᠬᠢᠭᠤᠯᠤᠨ ᠰᠢᠢᠳᠪᠦᠷᠢᠯᠡᠬᠦ ᠬᠡᠷᠡᠭᠲᠡᠶ᠃          ︵ᠬᠠᠷᠢᠯᠴᠠᠬᠤ ᠨᠢᠭᠡᠴᠢ᠄ ᠲᠥᠯᠦᠪᠵᠢᠭᠦᠯᠭᠡ ᠪᠠ ᠡᠳ᠋ ᠤᠨ ᠶᠠᠪᠤᠳᠠᠯ ᠤᠨ ᠭᠠᠵᠠᠷ︶
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ