2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠠᠨᠠᠭᠠᠬᠤ ᠤᠬᠠᠭᠠᠨ ᠤ ᠰᠣᠷᠣᠭᠴᠢ ᠶᠢᠨ ᠲᠤᠰᠬᠠᠢ ᠲᠠᠯᠠᠪᠠᠢ ᠠᠵᠢᠯᠲᠠᠨ ᠡᠯᠰᠡᠬᠦ ᠠᠵᠢᠯᠯᠠᠭ᠎ᠠ ᠶᠢ ᠡᠷᠭᠢᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/15
        ᠮᠠᠨ ᠤ ᠣᠷᠣᠨ ᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠨ ᠡᠯᠰᠡᠬᠦ ᠡᠷᠴᠢᠮ ᠢ ᠴᠢᠩᠭᠠᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠡᠩᠨᠡᠭᠡ ᠶᠢ ᠪᠠᠶᠢᠭᠤᠯᠬᠤ ᠶᠢᠨ ᠲᠥᠯᠥᠭᠡ᠂ ᠡᠳᠦᠭᠡ ᠪᠥᠬᠦ ᠨᠡᠶᠢᠭᠡᠮ ᠳᠤ ᠬᠠᠨᠳᠤᠭᠤᠯᠤᠨ ᠦᠨᠳᠦᠰᠦᠨ ᠱᠠᠲᠤᠨ ᠤ ᠠᠨᠠᠭᠠᠬᠤ ᠤᠬᠠᠭᠠᠨ ᠤ ᠰᠣᠷᠣᠭᠴᠢ ᠶᠢᠨ ᠲᠤᠰᠬᠠᠢ ᠲᠠᠯᠠᠪᠠᠢ ᠠᠵᠢᠯᠲᠠᠨ ᠡᠯᠰᠡᠬᠦ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠂ ᠠᠵᠢᠯᠲᠠᠨ ᠡᠯᠰᠡᠬᠦ ᠣᠷᠣᠨ ᠲᠤᠭ᠎ᠠ ᠪᠠ ᠡᠯᠰᠡᠬᠦ ᠠᠵᠢᠯᠲᠠᠨ ᠤ ᠲᠤᠭ᠎ᠠ ᠶᠢ 282 ᠬᠥᠮᠥᠨ ᠢᠶᠠᠷ ᠬᠢᠵᠠᠭᠠᠷᠯᠠᠬᠤ ᠪᠠᠷ ᠲᠥᠯᠥᠪᠯᠡᠵᠦ ᠪᠤᠢ᠃ ᠪᠣᠳᠠᠲᠠᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄          ᠨᠢᠭᠡ᠂ ᠠᠵᠢᠯᠲᠠᠨ ᠤᠷᠢᠨ ᠬᠡᠷᠡᠭᠯᠡᠬᠦ ᠨᠢᠭᠡᠴᠢ ᠵᠢᠴᠢ ᠠᠵᠢᠯ ᠤᠨ ᠪᠠᠶᠢᠷᠢ          ᠠᠵᠢᠯᠲᠠᠨ ᠤᠷᠢᠨ ᠬᠡᠷᠡᠭᠯᠡᠬᠦ ᠠᠵᠢᠯ ᠤᠨ ᠪᠠᠶᠢᠷᠢ ᠪᠣᠯᠣᠨ ᠪᠣᠳᠠᠲᠠᠢ ᠱᠠᠭᠠᠷᠳᠠᠯᠭ᠎ᠠ ᠶᠢ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠠᠨᠠᠭᠠᠬᠤ ᠤᠬᠠᠭᠠᠨ ᠤ ᠰᠣᠷᠣᠭᠴᠢ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠶᠢᠨ ᠬᠦᠰᠦᠨᠦᠭᠲᠦ︾ ︵ᠳᠠᠭᠠᠯᠳᠤᠭᠤᠯᠤᠯ︶ ᠳᠤ ᠨᠠᠷᠢᠨ ᠯᠠᠪᠯᠠᠭᠠᠷᠠᠢ᠃          ᠬᠤᠶᠠᠷ᠂ ᠤᠷᠢᠨ ᠡᠯᠰᠡᠬᠦ ᠬᠡᠪᠴᠢᠶ᠎ᠡ          ᠤᠷᠢᠨ ᠡᠯᠰᠡᠬᠦ ᠡᠲᠡᠭᠡᠳ ᠪᠣᠯ 2025 ᠣᠨ ᠤ ᠲᠣᠰ ᠵᠢᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ︵2024 ᠣᠨ ᠤ ᠡᠴᠦᠰ ᠲᠤ ᠲᠡᠭᠦᠰᠦᠭᠰᠡᠨ ᠠᠰᠫᠢᠷᠠᠨᠲ ᠪᠠᠭᠲᠠᠨ᠎ᠠ︶ ᠵᠢᠴᠢ ᠠᠵᠢᠯ ᠰᠣᠩᠭᠤᠬᠤ ᠬᠤᠭᠤᠴᠠᠭᠠᠨ ᠳᠤ ᠠᠵᠢᠯ ᠣᠯᠣᠭᠠᠳᠤᠢ ᠰᠣᠷᠣᠭᠴᠢ ︵2023 ᠣᠨ᠂ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ︶ ᠪᠣᠯᠣᠨ᠎ᠠ᠃          ᠭᠤᠷᠪᠠ᠂ ᠤᠷᠢᠨ ᠡᠯᠰᠡᠬᠦ ᠨᠥᠬᠦᠴᠡᠯ         ︵ᠨᠢᠭᠡ︶ ᠤᠷᠢᠨ ᠡᠯᠰᠡᠭᠳᠡᠬᠦ ᠬᠥᠮᠥᠰ ᠳᠣᠣᠷᠠᠬᠢ ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄         1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ︔ 2. ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠨ᠎ᠠ︔ 3. ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮ ᠤᠨ ᠪᠠᠶᠢᠭᠤᠯᠤᠯ ᠢ ᠬᠦᠷᠢᠶᠡᠯᠡᠨ᠎ᠡ︔ 4. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠤᠬᠠᠮᠰᠠᠷ ᠠᠴᠠ ᠪᠠᠨ ᠬᠠᠮᠠᠭᠠᠯᠠᠨ᠎ᠠ︔ 5. ᠵᠢᠩᠬᠢᠨᠢ ᠠᠩᠭᠢ ᠶᠢᠨ ᠰᠣᠷᠣᠭᠴᠢ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠨᠠᠰᠤ ᠨᠢ ᠪᠦᠬᠦᠯᠢ 35 ᠨᠠᠰᠤᠨ ᠠᠴᠠ ᠳᠣᠷᠣᠭᠰᠢ ᠪᠠᠶᠢᠵᠤ᠂ 1988 ᠣᠨ ᠤ 9 ᠰᠠᠷ᠎ᠠ ᠶᠢᠨ 22 ᠤᠨ ᠡᠳᠦᠷ ︵ᠲᠣᠰ ᠡᠳᠦᠷ ᠪᠠᠭᠲᠠᠬᠤ ᠦᠭᠡᠢ︶ ᠠᠴᠠ ᠬᠤᠶᠢᠰᠢ ᠲᠥᠷᠥᠭᠰᠡᠨ ᠪᠠᠶᠢᠬᠤ ᠬᠡᠷᠡᠭᠲᠡᠶ︔ ᠠᠰᠫᠢᠷᠠᠨᠲ ᠤᠨ ᠰᠢᠯᠭᠠᠯᠲᠠ ᠳᠤ ᠨᠡᠷ᠎ᠡ ᠮᠡᠳᠡᠭᠦᠯᠬᠦ ᠨᠠᠰᠤ ᠨᠢ ᠪᠦᠬᠦᠯᠢ 40 ᠨᠠᠰᠤᠨ ᠠᠴᠠ ᠳᠣᠷᠣᠭᠰᠢ ᠪᠠᠶᠢᠵᠤ᠂ 1983 ᠣᠨ ᠤ 9 ᠰᠠᠷ᠎ᠠ ᠶᠢᠨ 22 ᠤᠨ ᠡᠳᠦᠷ ︵ᠲᠣᠰ ᠡᠳᠦᠷ ᠪᠠᠭᠲᠠᠬᠤ ᠦᠭᠡᠢ︶  ᠠᠴᠠ ᠬᠤᠶᠢᠰᠢ ᠲᠥᠷᠥᠭᠰᠡᠨ ᠪᠠᠶᠢᠬᠤ ᠬᠡᠷᠡᠭᠲᠡᠶ᠃ 6. ᠵᠠᠩ ᠰᠤᠷᠲᠠᠯ ᠲᠥᠪ᠂ ᠨᠡᠯᠢᠶᠡᠳ ᠴᠢᠩᠭ᠎ᠠ ᠠᠵᠢᠯ ᠦᠢᠯᠡᠰ ᠲᠡᠭᠡᠨ ᠵᠢᠳᠬᠦᠬᠦ ᠰᠡᠳᠬᠢᠯᠭᠡ ᠪᠠ ᠬᠠᠷᠢᠭᠤᠴᠠᠯᠭᠠᠲᠤ ᠣᠪᠣᠷ ᠲᠠᠢ ᠪᠠᠶᠢᠬᠤ︔ 7. ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠵᠣᠬᠢᠴᠠᠭᠰᠠᠨ ᠪᠡᠶ᠎ᠡ ᠮᠠᠬᠠᠪᠤᠳ ᠤᠨ ᠨᠥᠬᠦᠴᠡᠯ ᠲᠠᠢ︔ 8. ᠠᠵᠢᠯᠲᠠᠨ ᠡᠯᠰᠡᠬᠦ ᠠᠯᠪᠠᠨ ᠵᠠᠷᠯᠠᠯ ᠳᠤ ᠱᠠᠭᠠᠷᠳᠠᠭᠰᠠᠨ ᠪᠤᠰᠤᠳ ᠨᠥᠬᠦᠴᠡᠯ︔ 9. ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃         ︵ᠬᠤᠶᠠᠷ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠤᠷᠢᠨ ᠡᠯᠰᠡᠬᠦ ᠳᠤ ᠣᠷᠣᠯᠴᠠᠵᠤ ᠪᠣᠯᠬᠤ ᠦᠭᠡᠢ᠄         1. ᠣᠳᠣ ᠰᠤᠷᠭᠠᠭᠤᠯᠢ ᠳᠠᠭᠠᠨ ᠪᠠᠶᠢᠭ᠎ᠠ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠤᠰᠬᠠᠢ ᠮᠡᠷᠭᠡᠵᠢᠯ ᠤᠨ ᠰᠣᠷᠣᠭᠴᠢ᠂ ᠵᠢᠩᠬᠢᠨᠢ ᠠᠩᠭᠢ ᠶᠢᠨ ᠰᠣᠷᠣᠭᠴᠢ᠂ ᠠᠰᠫᠢᠷᠠᠨᠲ ︵2025 ᠣᠨ ᠤ 7 ᠰᠠᠷ᠎ᠠ ᠶᠢᠨ 31 ᠤ ᠡᠳᠦᠷ ᠠᠴᠠ ᠡᠮᠦᠨ᠎ᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠪᠠᠭᠲᠠᠭᠠᠬᠤ ᠦᠭᠡᠢ︶︔ 2. ᠲᠤᠷᠰᠢᠨ ᠬᠡᠷᠡᠭᠯᠡᠬᠦ ᠬᠤᠭᠤᠴᠠᠭᠠᠨ ᠳᠤ ᠪᠠ ᠦᠢᠯᠡᠴᠢᠯᠡᠭᠡᠨ ᠤ ᠨᠠᠭᠠᠲᠤ ᠵᠠᠬ᠎ᠠ ᠶᠢᠨ ᠵᠢᠯ ᠬᠤᠭᠤᠴᠠᠭ᠎ᠠ ᠨᠢ ᠳᠦᠭᠦᠷᠦᠭᠡᠳᠦᠢ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ︔ 3. ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠰᠢᠢᠳᠬᠡᠯ ᠣᠯᠵᠤ ᠥᠩᠭᠡᠷᠡᠭᠰᠡᠨ ᠬᠥᠮᠥᠨ᠂ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ ᠬᠥᠮᠥᠨ᠂ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ ᠲᠤ ᠣᠷᠣᠭᠰᠠᠨ ᠬᠥᠮᠥᠨ︔ 4. ᠠᠯᠪᠠᠲᠠᠨ ᠡᠯᠰᠡᠬᠦ ᠰᠢᠯᠭᠠᠯᠲᠠ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠡᠯᠰᠡᠬᠦ ᠰᠢᠯᠭᠠᠯᠲᠠ ᠳᠤ ᠬᠡᠮ ᠬᠢᠭᠰᠡᠨ ᠢᠶᠠᠷ ᠲᠣᠳᠣᠯᠠᠭᠳᠠᠭᠰᠠᠨ ᠵᠡᠷᠭᠡ ᠡᠯᠰᠡᠨ ᠬᠡᠷᠡᠭᠯᠡᠬᠦ ︵ᠤᠷᠢᠨ ᠬᠡᠷᠡᠭᠯᠡᠬᠦ︶ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠥᠭᠡᠳ ᠰᠢᠯᠭᠠᠯᠲᠠ ᠳᠤ ᠣᠷᠣᠯᠴᠠᠬᠤ ᠶᠢ ᠨᠢ ᠴᠠᠭᠠᠵᠠᠯᠠᠬᠤ ᠬᠤᠭᠤᠴᠠᠭᠠᠨ ᠳᠤ ᠪᠠᠶᠢᠭ᠎ᠠ ᠬᠥᠮᠥᠰ︔ 5. ᠴᠡᠷᠢᠭ ᠤᠨ ᠠᠯᠪᠠ ᠭᠦᠢᠴᠡᠳᠬᠡᠵᠦ ᠪᠠᠶᠢᠭ᠎ᠠ ᠴᠡᠷᠢᠭ︔ 6. ᠤᠷᠢᠨ ᠡᠯᠰᠡᠬᠦ ᠳᠤ ᠤᠷᠤᠯᠴᠠᠬᠰᠠᠨ ᠤ ᠳᠠᠷᠠᠭ᠎ᠠ ᠳᠠᠷᠤᠢ ᠵᠠᠶᠢᠯᠠᠬᠤ ᠬᠠᠷᠢᠴᠠᠭ᠎ᠠ ᠲᠠᠢ ᠠᠵᠢᠯ ᠤᠨ ᠪᠠᠶᠢᠷᠢ ᠶᠢ ᠪᠦᠷᠢᠯᠳᠦᠭᠦᠯᠬᠦ ᠬᠥᠮᠥᠰ︔ 7. ᠬᠠᠤᠯᠢ ᠴᠠᠭᠠᠵᠠ ᠬᠠᠤᠯᠢ ᠲᠣᠭᠲᠠᠭᠠᠯ ᠳᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠤᠷᠢᠨ ᠬᠡᠷᠡᠭᠯᠡᠵᠦ ᠪᠣᠯᠬᠤ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ ᠲᠠᠢ ᠬᠥᠮᠥᠰ᠃         ᠳᠥᠷᠪᠡ᠂ ᠤᠷᠢᠨ ᠡᠯᠰᠡᠬᠦ ᠳᠤ ᠣᠷᠣᠯᠴᠠᠬᠤ ᠲᠠᠰ ᠳᠠᠷᠠᠭᠠᠯᠠᠯ         ᠲᠣᠰ ᠤᠳᠠᠭᠠᠨ ᠤ ᠠᠵᠢᠯᠲᠠᠨ ᠡᠯᠰᠡᠬᠦ ᠳᠤ ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠬᠦ ᠪᠠ ᠰᠦᠯᠵᠢᠶ᠎ᠡ ᠪᠠᠷ ᠨᠡᠷ᠎ᠡ ᠮᠡᠳᠡᠭᠦᠯᠵᠦ ᠪᠦᠷ ᠪᠣᠯᠣᠨ᠎ᠠ᠃ ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠦᠭᠰᠡᠳ ᠲᠣᠪᠴᠢ ᠨᠠᠮᠲᠠᠷ᠂ ᠰᠤᠷᠭᠠᠭᠤᠯᠢ ᠲᠡᠭᠦᠰᠦᠭᠰᠡᠨ ᠦᠨᠡᠮᠯᠡᠯ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ᠂ ᠲᠤᠰᠬᠠᠢ ᠮᠡᠷᠭᠡᠵᠢᠯ ᠤᠨ ᠬᠢᠷᠢ ᠬᠡᠮ ᠤᠨ ᠦᠨᠡᠮᠯᠡᠯ ᠵᠡᠷᠭᠡ ᠪᠠᠨ ᠠᠪᠴᠤ ᠲᠤᠬᠠᠢ ᠶᠢᠨ ᠲᠠᠯᠠᠪᠤᠷ ᠲᠤ ᠨᠡᠷ᠎ᠡ ᠮᠡᠳᠡᠭᠦᠯᠵᠦ ᠪᠣᠯᠣᠨ᠎ᠠ᠂ ᠨᠡᠷ᠎ᠡ ᠮᠡᠳᠡᠭᠦᠯᠬᠦ ᠭᠠᠵᠠᠷ᠄ ᠲᠦᠩᠯᠢᠶᠣᠣ ᠬᠤᠲᠠ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ︵ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠰᠢᠷᠠᠮᠥ᠋ᠷᠦᠨ ᠵᠡᠭᠡᠯᠢ ᠶᠢᠨ ᠪᠠᠷᠠᠭᠤᠨ ᠬᠡᠰᠡᠭ ᠤᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠪᠠᠷᠠᠭᠤᠨ ᠲᠠᠯ᠎ᠠ︶᠃ ᠰᠦᠯᠵᠢᠶ᠎ᠡ ᠪᠠᠷ ᠨᠡᠷ᠎ᠡ ᠮᠡᠳᠡᠭᠦᠯᠬᠦ ᠳᠤ ᠤᠷᠢᠨ ᠡᠯᠰᠡᠬᠦ ᠳᠤ ᠣᠷᠣᠯᠴᠠᠬᠤ ᠬᠥᠮᠥᠰ ᠨᠡᠷ᠎ᠡ ᠮᠡᠳᠡᠭᠦᠯᠬᠦ ᠬᠦᠰᠦᠨᠦᠭᠲᠦ ᠪᠠ ᠠᠵᠢᠯᠲᠠᠨ ᠡᠯᠰᠡᠬᠦ ᠠᠵᠢᠯ ᠤᠨ ᠪᠠᠶᠢᠷᠢ ᠳᠤ ᠬᠡᠷᠡᠭᠰᠡᠬᠦ ᠭᠡᠷᠡᠴᠢᠯᠡᠬᠦ ᠮᠠᠲ᠋ᠧᠷᠢᠶᠠᠯ ᠢ ᠲᠠᠭᠯᠠᠵᠤ ᠪᠠᠭᠤᠯᠭᠠᠵᠤ ᠠᠪᠤᠭᠠᠳ ︽ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢᠨ ᠬᠦᠰᠦᠨᠦᠭᠲᠦ︾ ᠳᠤ ᠲᠣᠳᠣᠷᠬᠠᠶᠢᠯᠠᠭᠰᠠᠨ ᠢᠮᠧᠯ ᠳᠤ ᠳᠠᠮᠵᠢᠭᠤᠯᠬᠤ ᠬᠡᠷᠡᠭᠲᠡᠶ᠃ ᠨᠡᠷ᠎ᠡ ᠮᠡᠳᠡᠭᠦᠯᠬᠦ ᠴᠠᠭ᠄ 2024 ᠣᠨ ᠤ 9 ᠰᠠᠷ᠎ᠠ ᠶᠢᠨ 22 ᠤᠨ ᠡᠳᠦᠷ ᠤᠨ 9᠄ 00 ᠠᠴᠠ 9 ᠰᠠᠷ᠎ᠠ ᠶᠢᠨ 26 ᠤ ᠡᠳᠦᠷ ᠤᠨ 17᠄ 00 ᠪᠣᠯᠲᠠᠯ᠎ᠠ᠃ ᠭᠡᠷᠡᠴᠢᠯᠡᠬᠦ ᠮᠠᠲ᠋ᠧᠷᠢᠶᠠᠯ ᠢᠶᠠᠨ ᠬᠠᠩᠭᠠᠭᠰᠠᠨ ᠤ ᠳᠠᠷᠠᠭ᠎ᠠ ᠪᠦᠷᠢᠨ ᠪᠤᠰᠤ ᠭᠡᠵᠦ ᠮᠡᠳᠡᠭᠳᠡᠭᠰᠡᠨ ᠴᠤ ᠮᠥᠨ ᠪᠦᠷᠢᠨ ᠲᠤᠰᠢᠶᠠᠭᠰᠠᠨ ᠦᠭᠡᠢ ᠪᠠᠶᠢᠪᠠᠯ᠂ ᠬᠢᠨᠠᠨ ᠬᠠᠷᠭᠤᠭᠤᠯᠤᠯᠲᠠ ᠶᠢ ᠥᠩᠭᠡᠷᠡᠭᠡᠬᠦ ᠦᠭᠡᠢ᠂ ᠬᠠᠷᠠᠭᠠᠯᠵᠠᠭᠰᠠᠨ ᠦᠷ᠎ᠡ ᠳ᠋ᠦᠩ ᠢ ᠡᠯᠰᠡᠯᠳᠡ ᠳᠤ ᠣᠷᠣᠯᠴᠠᠭᠴᠢ ᠥᠪᠡᠷ ᠲᠡᠭᠡᠨ ᠡᠭᠦᠷᠭᠡᠯᠡᠨ᠎ᠡ᠃          ᠲᠠᠪᠤ᠂ ᠰᠢᠯᠭᠠᠬᠤ ᠪᠠ ᠤᠷᠢᠨ ᠬᠡᠷᠡᠭᠯᠡᠬᠦ         ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠣᠷᠣᠨ ᠲᠤᠭ᠎ᠠ ᠲᠠᠢ ᠠᠵᠢᠯᠲᠠᠨ ᠡᠯᠰᠡᠬᠦ ᠳᠤ ᠪᠢᠷ ᠤᠨ ᠰᠢᠯᠭᠠᠯᠲᠠ᠂ ᠨᠢᠭᠤᠷᠲᠠᠨ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ᠂ ᠰᠢᠨᠵᠢᠯᠡᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ᠂ ᠢᠯᠡ ᠨᠡᠶᠢᠲᠡᠯᠡᠬᠦ ᠬᠡᠯᠪᠡᠷᠢ ᠪᠠᠷ ᠳᠠᠮᠵᠢᠭᠤᠯᠤᠨ ᠤᠷᠢᠨ ᠬᠡᠷᠡᠭᠯᠡᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠨᠢ ᠬᠥᠮᠥᠨ ᠤ ᠲᠤᠭ᠎ᠠ ᠶᠢ ᠬᠢᠵᠠᠭᠠᠷᠯᠠᠬᠤ ᠠᠵᠢᠯᠲᠠᠨ ᠢ ᠤᠷᠢᠨ ᠬᠡᠷᠡᠭᠯᠡᠬᠦ ᠳᠤ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠰᠢᠨᠵᠢᠯᠡᠨ ᠪᠠᠶᠢᠴᠠᠭᠠᠬᠤ᠂ ᠢᠯᠡ ᠨᠡᠶᠢᠲᠡᠯᠡᠬᠦ ᠬᠡᠯᠪᠡᠷᠢ ᠪᠠᠷ ᠤᠷᠢᠨ ᠬᠡᠷᠡᠭᠯᠡᠵᠦ ᠪᠣᠯᠣᠨ᠎ᠠ᠃ ᠲᠣᠰ ᠤᠳᠠᠭᠠᠨ ᠤ ᠦᠨᠳᠦᠰᠦᠨ ᠱᠠᠲᠤᠨ ᠤ ᠠᠨᠠᠭᠠᠬᠤ ᠤᠬᠠᠭᠠᠨ ᠤ ᠰᠣᠷᠣᠭᠴᠢ ᠶᠢᠨ ᠲᠤᠰᠬᠠᠢ ᠲᠠᠯᠠᠪᠠᠢ ᠠᠵᠢᠯᠲᠠᠨ ᠡᠯᠰᠡᠬᠦ ᠠᠵᠢᠯ ᠢ ᠬᠥᠮᠥᠨ ᠬᠡᠷᠡᠭᠯᠡᠬᠦ ᠨᠢᠭᠡᠴᠢ ᠥᠪᠡᠰᠦᠪᠡᠨ ᠬᠠᠷᠢᠭᠤᠴᠠᠨ᠎ᠠ᠃ ᠬᠥᠮᠥᠨ ᠬᠡᠷᠡᠭᠯᠡᠬᠦ ᠨᠢᠭᠡᠴᠢ ᠡᠷᠬᠡᠪᠰᠢ ᠬᠢᠷᠢ ᠬᠡᠮ ᠤᠨ ᠳᠠᠬᠢᠨ ᠬᠢᠨᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠲᠣᠰ ᠨᠢᠭᠡᠴᠢ ᠪᠤᠶᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠠᠯᠪᠠᠨ ᠤ ᠰᠦᠯᠵᠢᠶ᠎ᠡ ᠪᠠᠷ ᠳᠠᠮᠵᠢᠭᠤᠯᠤᠨ ᠰᠢᠯᠭᠠᠯᠲᠠ ᠳᠤ ᠣᠷᠣᠯᠴᠠᠬᠤ ᠬᠥᠮᠥᠰ ᠤᠨ ᠨᠡᠷᠡᠰ ᠪᠠ ᠨᠢᠭᠤᠷᠲᠠᠨ ᠰᠢᠯᠭᠠᠬᠤ ᠠᠵᠢᠯ ᠤᠨ ᠴᠠᠭ᠂ ᠠᠷᠭ᠎ᠠ ᠮᠠᠶ᠋ᠢᠭ ᠵᠡᠷᠭᠡ ᠱᠠᠭᠠᠷᠳᠠᠯᠭ᠎ᠠ ᠶᠢ ᠨᠡᠶᠢᠲᠡᠯᠡᠬᠦ ᠬᠡᠷᠡᠭᠲᠡᠶ᠃ ᠤᠷᠢᠨ ᠬᠡᠷᠡᠭᠯᠡᠬᠦ ᠠᠵᠢᠯ ᠢ ᠡᠷᠬᠡᠪᠰᠢ ᠬᠤᠰᠢᠭᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠥᠪᠯᠡᠯ ᠤᠨ ᠬᠢᠨᠠᠯᠲᠠ ᠪᠠ ᠵᠢᠯᠣᠭᠤᠳᠤᠯᠭ᠎ᠠ ᠶᠢᠨ ᠳᠣᠣᠷ᠎ᠠ ᠶᠠᠪᠤᠭᠳᠠᠭᠤᠯᠬᠤ ᠬᠡᠷᠡᠭᠲᠡᠶ᠃ ᠢᠯᠡ ᠨᠡᠶᠢᠲᠡᠯᠡᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯᠲᠠᠨ ᠡᠯᠰᠡᠬᠦ ᠨᠢᠭᠡᠴᠢ ᠶᠢᠨ ᠪᠠᠶᠢᠭ᠎ᠠ ᠭᠠᠵᠠᠷ ᠤᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠤᠷᠢᠨ ᠬᠡᠷᠡᠭᠯᠡᠬᠦ ᠭᠠᠷᠳᠠᠮ ᠢᠶᠠᠨ ᠭᠦᠢᠴᠡᠳᠬᠡᠨ᠎ᠡ᠃         ᠲᠣᠰ ᠤᠳᠠᠭ᠎ᠠ ᠶᠢᠨ ᠠᠵᠢᠯᠲᠠᠨ ᠡᠯᠰᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠴᠠᠭ ᠲᠤᠨᠢ ᠲᠣᠬᠢᠷᠠᠭᠤᠯᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠥᠪᠯᠡᠯ ᠤᠨ ᠰᠦᠯᠵᠢᠶ᠎ᠡ ᠪᠠᠷ ᠳᠠᠮᠵᠢᠭᠤᠯᠤᠨ ᠨᠡᠶᠢᠲᠡᠯᠡᠨ᠎ᠡ᠂ ᠤᠷᠢᠨ ᠡᠯᠰᠡᠬᠦ ᠳᠤ ᠣᠷᠣᠯᠴᠠᠭᠰᠠᠳ ᠴᠠᠭ ᠲᠤᠬᠠᠢ ᠳᠤᠨᠢ ᠠᠩᠬᠠᠷᠬᠤ ᠪᠣᠯᠪᠠᠤ᠃ ᠲᠣᠳᠣᠷᠬᠠᠢ ᠲᠣᠭᠲᠠᠭᠠᠭᠰᠠᠨ ᠦᠭᠡᠢ ᠵᠦᠢᠯᠡᠰ ᠢ ᠡᠷᠬᠡ ᠲᠤᠰᠢᠶᠠᠯ ᠤᠨ ᠶᠣᠰᠣᠭᠠᠷ ᠪᠣᠳᠠᠲᠠᠢ ᠤᠷᠢᠨ ᠬᠡᠷᠡᠭᠯᠡᠬᠦ ᠨᠢᠭᠡᠴᠢ ᠵᠢᠴᠢ ᠲᠡᠭᠦᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠲᠣᠰ ᠲᠠᠶᠢᠯᠪᠤᠷᠢᠯᠠᠨ᠎ᠠ᠃         ᠳᠠᠭᠠᠯᠳᠤᠭᠤᠯᠤᠯ᠄         1.2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠠᠨᠠᠭᠠᠬᠤ ᠤᠬᠠᠭᠠᠨ ᠤ ᠰᠣᠷᠣᠭᠴᠢ ᠶᠢᠨ ᠲᠤᠰᠬᠠᠢ ᠲᠠᠯᠠᠪᠠᠢ ᠠᠵᠢᠯᠲᠠᠨ ᠡᠯᠰᠡᠬᠦ ᠠᠵᠢᠯᠯᠠᠭ᠎ᠠ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠶᠢᠨ ᠬᠦᠰᠦᠨᠦᠭᠲᠦ          2. 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠠᠨᠠᠭᠠᠬᠤ ᠤᠬᠠᠭᠠᠨ ᠤ ᠰᠣᠷᠣᠭᠴᠢ ᠶᠢᠨ ᠲᠤᠰᠬᠠᠢ ᠲᠠᠯᠠᠪᠠᠢ ᠠᠵᠢᠯᠲᠠᠨ ᠡᠯᠰᠡᠬᠦ ᠠᠵᠢᠯᠯᠠᠭ᠎ᠠ ᠶᠢᠨ ᠨᠡᠷ᠎ᠡ ᠮᠡᠳᠡᠭᠦᠯᠬᠦ ᠬᠦᠰᠦᠨᠦᠭᠲᠦ                                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ                                      ᠵᠥᠪᠯᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ                                      ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ                                                     2024 ᠣᠨ ᠤ 9 ᠰᠠᠷ᠎ᠠ ᠶᠢᠨ 18 ᠤ ᠡᠳᠦᠷ  
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ