ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠢ ᠢᠯᠡ ᠨᠡᠶᠢᠲᠡᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/15
        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2024﹈ 18 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠴᠢᠳᠠᠪᠤᠷᠢᠲᠠᠨ ᠤᠷᠢᠬᠤ ᠠᠯᠪᠠᠨ ᠵᠠᠷᠯᠠᠯ ᠢ ᠨᠡᠶᠢᠲᠡᠯᠡᠬᠦ᠂ ᠨᠡᠷ᠎ᠡ ᠮᠡᠳᠡᠭᠦᠯᠵᠦ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ 1 ᠬᠥᠮᠦᠨ ᠣᠷᠣᠪᠠ᠂ ᠣᠳᠣ ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠵᠢᠴᠢ ᠣᠷᠣᠭᠤᠯᠤᠨ ᠠᠪᠴᠢᠷᠠᠬᠤ ᠪᠠᠷ ᠪᠠᠶᠢᠭ᠎ᠠ ᠨᠢᠭᠡᠴᠢ ᠶᠢ ᠢᠯᠡ ᠨᠡᠶᠢᠲᠡᠯᠡᠪᠡ᠃         ᠨᠢᠭᠡ᠂ ᠢᠯᠡ ᠨᠡᠶᠢᠲᠡᠯᠡᠬᠦ ᠡᠲᠡᠭᠡᠳ         ᠪᠣᠤ ᠰᠢᠨ ᠢᠦᠢ᠂ ᠡᠷᠡᠭᠲᠡᠢ᠂ 1994 ᠣᠨ ᠤ 4 ᠰᠠᠷ᠎ᠠ ᠳᠤ ᠲᠦᠷᠦᠵᠠᠢ᠂ ᠳ᠋ᠣᠺᠲ᠋ᠣᠷ ︵ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ ᠤᠨ ᠳ᠋ᠣᠺᠲ᠋ᠣᠷ︶᠂ ᠤᠷᠢᠬᠤ ᠪᠠᠷ ᠲᠥᠯᠥᠪᠯᠡᠵᠦ ᠪᠠᠶᠢᠭ᠎ᠠ ᠨᠢᠭᠡᠴᠢ᠄ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠄ ᠤᠷᠢᠬᠤ ᠠᠵᠢᠯ ᠤᠨ ᠪᠠᠶᠢᠷᠢ᠄ ᠡᠨᠧᠷᠭᠢ ᠪᠣᠯᠤᠨ ᠮᠠᠲ᠋ᠧᠷᠢᠶᠠᠯ ᠤᠨ ᠢᠨᠵᠧᠨᠧᠷᠢᠩ ᠤᠨ ᠰᠠᠯᠪᠤᠷᠢ᠃         ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ         2024 ᠣᠨ ᠤ 10 ᠰᠠᠷ᠎ᠠ ᠶᠢᠨ 10 - 2024 ᠣᠨ ᠤ 10 ᠰᠠᠷ᠎ᠠ ᠶᠢᠨ 15 ᠤ ᠡᠳᠦᠷ         ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ         ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠂ ᠲᠤᠰᠬᠠᠬᠤ ᠮᠠᠲ᠋ᠧᠷᠢᠶᠠᠯ ᠲᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠬᠤᠪᠢ ᠬᠥᠮᠦᠨ ᠲᠤᠰᠬᠠᠪᠠᠯ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ ᠬᠡᠷᠡᠭᠲᠡᠢ᠃         ᠬᠦᠯᠢᠶᠡᠨ ᠠᠪᠬᠤ ᠴᠠᠭ᠄ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 14᠄ 30 - 17᠄ 00         ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 - 5279029 ︵ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯᠲᠠᠨ ᠤ ᠶᠠᠪᠤᠳᠠᠯ ᠤᠨ ᠭᠠᠵᠠᠷ︶                                     ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ                                                  2024 ᠣᠨ ᠤ 10 ᠰᠠᠷ᠎ᠠ ᠶᠢᠨ 10 ᠤ ᠡᠳᠦᠷ  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ