ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠲᠥᠷᠦᠯ | ᠵᠦᠢᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠠᠶᠢᠮᠠᠭ ᠬᠤᠲᠠ ᠶᠢᠨ | ᠰᠤᠷᠭᠠᠭᠤᠯᠢ ᠲᠠᠨᠢᠯᠴᠠᠭᠤᠯᠬᠤ᠂ ᠲᠤᠰᠬᠠᠢ ᠮᠡᠷᠭᠡᠵᠢᠯᠲᠡᠨ ᠬᠢᠨᠠᠨ ᠳᠣᠭᠲᠠᠭᠠᠬᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ | ᠲᠥᠯᠥᠪᠵᠢᠭᠦᠯᠭᠡ ᠶᠢᠨ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠰᠢᠶᠡᠷᠡᠬᠦ ᠪᠠᠷ ᠳᠠᠮᠵᠢᠨ᠂ ᠡᠳᠦᠭᠡ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠢᠨᠵᠢᠯᠡᠬᠦ ᠤᠬᠠᠭᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ 2024 ᠣᠨ ᠤ ᠲᠥᠷᠦᠯ ᠵᠦᠢᠯ ᠢ ᠬᠢᠨᠠᠨ ᠲᠣᠭᠲᠠᠭᠠᠭᠰᠠᠨ ᠦᠷ᠎ᠡ | ᠳ᠋ᠦᠩ ᠢ ᠢᠯᠡ ᠨᠡᠶᠢᠲᠡᠯᠡᠪᠡ᠃ | ᠢᠯᠡ ᠨᠡᠶᠢᠲᠡᠯᠡᠬᠦ ᠴᠠᠭ 2024 ᠣᠨ ᠤ 10 ᠰᠠᠷ᠎ᠠ ᠶᠢᠨ 22- 29 ᠤ ᠡᠳᠦᠷ᠂ ᠢᠯᠡ ᠨᠡᠶᠢᠲᠡᠯᠡᠬᠦ ᠬᠤᠭᠤᠴᠠᠭ᠎ᠠ 5 ᠠᠵᠢᠯᠯᠠᠬᠤ ᠡᠳᠦᠷ ᠪᠣᠯᠤᠨ᠎ᠠ᠃ | ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ | ᠤᠬᠠᠭᠠᠨ ᠤ ᠲᠥᠯᠥᠪᠵᠢᠭᠦᠯᠭᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ | ᠤᠬᠠᠭᠠᠨ ᠤ ᠰᠤᠳᠤᠯᠭᠠᠨ ᠪᠣᠯᠤᠨ ᠬᠢᠨᠠᠨ ᠪᠠᠶᠢᠴᠠᠭᠠᠵᠤ ᠦᠨᠡᠯᠡᠨ ᠵᠢᠱᠢᠬᠦ ᠬᠦᠷᠢᠶᠡᠯᠡᠩ ᠳᠤ ᠲᠣᠬᠢᠷᠠᠭᠤᠯᠪᠠ︶ ᠲᠤ ᠳᠤᠷᠠᠳᠬᠤ ᠶᠢᠨ ᠬᠠᠮᠲᠤ ᠴᠢᠬᠤᠯᠠ ᠪᠦᠬᠦᠢ | ᠭᠡᠷᠡᠴᠢ ᠪᠠᠷᠢᠮᠲᠠ ᠪᠠᠨ ᠬᠠᠩᠭᠠᠵᠤ᠂ ᠬᠢᠨᠠᠨ ᠪᠠᠶᠢᠴᠠᠭᠠᠬᠤ ᠳᠤ ᠳᠥᠭᠦᠮ ᠦᠵᠡᠭᠦᠯᠬᠦ ᠬᠡᠷᠡᠭᠲᠡᠢ᠃ | ᠰᠠᠨᠠᠯ ᠳᠤᠷᠠᠳᠤᠭᠰᠠᠳ ᠡᠷᠬᠡᠪᠰᠢ ᠲᠤᠰ ᠬᠥᠮᠦᠨ ᠤ ᠦᠨᠡᠨ ᠣᠪᠣᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠢ᠂ ᠬᠠᠷᠢᠯᠴᠠᠬᠤ ᠤᠲᠠᠰᠤ ᠵᠡᠷᠭᠡ ᠬᠦᠴᠦᠨ | ᠪᠦᠬᠦᠢ ᠮᠡᠳᠡᠭᠡ ᠵᠠᠩᠭᠢ ᠪᠠᠨ ᠬᠠᠩᠭᠠᠵᠤ ︵ᠮᠠᠨ ᠤ ᠠᠯᠪᠠᠨ ᠭᠡᠷ ᠨᠢᠭᠤᠴᠠ ᠶᠢ ᠴᠢᠩᠭ᠎ᠠ ᠬᠠᠮᠠᠭᠠᠯᠠᠨ᠎ᠠ︶᠂ ᠨᠡᠷ᠎ᠡ ᠪᠤᠷᠤᠭᠤᠯᠠᠭᠰᠠᠨ᠂ ᠬᠠᠭᠤᠷᠮᠠᠭᠯᠠᠨ ᠵᠣᠬᠢᠶᠠᠭᠰᠠᠨ | ᠪᠤᠶᠤ ᠬᠤᠭᠤᠴᠠᠭ᠎ᠠ ᠠᠴᠠ ᠬᠡᠲᠦᠷᠡᠭᠰᠡᠨ ᠰᠠᠨᠠᠯ ᠪᠦᠬᠦᠨ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃ | ᠬᠠᠷᠢᠯᠴᠠᠬᠤ ᠤᠲᠠᠰᠤ᠄ 0471 - 2856420 ︵ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 14᠄ 30 - 17᠄ | 30︶ | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠰᠢᠤᠳᠠᠨ ᠨᠣᠮᠧᠷ᠄ 010011 | ᠳᠠᠭᠠᠯᠳᠤᠭᠤᠯᠤᠯ᠄ | 1. 2024 ᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠦᠪᠵᠢᠭᠦᠯᠭᠡ ᠶᠢᠨ ᠲᠥᠷᠦᠯ ᠵᠦᠢᠯ ᠢ ᠳᠣᠭᠲᠠᠭᠠᠭᠰᠠᠨ ᠨᠡᠷᠡᠰ | 2. ᠰᠠᠭᠤᠷᠢ ᠰᠤᠷᠭᠠᠨ ᠬᠥᠮᠦᠵᠢᠯ ᠤᠨ ᠵᠢᠭᠠᠬᠤ ᠶᠢ ᠰᠤᠳᠤᠯᠬᠤ ᠲᠤᠰᠬᠠᠢ ᠲᠥᠷᠦᠯ ᠵᠦᠢᠯ ᠢ ᠲᠣᠭᠲᠠᠭᠠᠭᠰᠠᠨ ᠨᠡᠷᠡᠰ | 3. ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠵᠣᠬᠢᠶᠠᠨ ᠪᠠᠶᠢᠭᠤᠯᠬᠤ ᠮᠠᠶ᠋ᠢᠭ︾ ᠢᠶᠠᠷ | ᠬᠠᠪᠰᠤᠷᠤᠨ ᠲᠡᠳᠬᠦᠬᠦ ᠲᠤᠰᠬᠠᠢ ᠲᠥᠷᠥᠯ ᠵᠦᠢᠯ ᠢ ᠲᠣᠭᠲᠠᠭᠠᠭᠰᠠᠨ ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ | ᠤᠬᠠᠭᠠᠨ ᠤ ᠰᠣᠳᠤᠯᠭᠠᠨ ᠤ ᠬᠢᠨᠠᠨ ᠪᠠᠶᠢᠴᠠᠭᠠᠵᠤ ᠦᠨᠡᠯᠡᠨ ᠵᠢᠱᠢᠬᠦ ᠬᠦᠷᠢᠶᠡᠯᠡᠩ | 2024 ᠣᠨ ᠤ 10 ᠰᠠᠷ᠎ᠠ ᠶᠢᠨ 22 ᠤᠨ ᠡᠳᠦᠷ | | | |