ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠤᠯᠲᠠ ᠶᠢᠨ ᠡᠷᠬᠡ ᠳᠤ ᠲᠣᠬᠢᠷᠠᠬᠤ ᠳᠦᠷᠢᠮ ︵ᠰᠠᠨᠠᠯ ᠬᠤᠷᠢᠶᠠᠬᠤ ᠨᠣᠤᠷᠠᠭ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠰᠠᠨᠠᠯ ᠬᠤᠷᠢᠶᠠᠬᠤ ᠨᠣᠤᠷᠠᠭ︶︾ ᠶᠢᠨ ᠲᠤᠬᠠᠢ ᠢᠯᠡ ᠪᠠᠷ ᠰᠠᠨᠠᠯ ᠬᠤᠷᠢᠶᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/11/15
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠠᠷᠠᠳ ᠢᠷᠭᠡᠨ᠂ ᠬᠠᠤᠯᠢ ᠶᠢᠨ ᠡᠷᠬᠡᠲᠦ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠡᠷᠡᠰ ᠴᠢᠩᠭ᠎ᠠ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠶᠢ ᠬᠡᠷᠡᠭᠵᠢᠭᠦᠯᠬᠦ ᠳᠦᠷᠢᠮ︾᠂ ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠲᠦᠷ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ᠂ ᠭᠦᠨᠵᠡᠭᠡᠢ ᠪᠠᠶᠢᠴᠠᠭᠠᠨ ᠰᠤᠳᠤᠯᠤᠭᠰᠠᠨ ᠰᠠᠭᠤᠷᠢᠨ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠳᠤ ᠲᠣᠬᠢᠷᠠᠬᠤ ᠳᠦᠷᠢᠮ ︵ᠰᠠᠨᠠᠯ ᠬᠤᠷᠢᠶᠠᠬᠤ ᠨᠣᠤᠷᠠᠭ︶︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠰᠠᠨᠠᠯ ᠬᠤᠷᠢᠶᠠᠬᠤ ᠨᠣᠣᠷᠠᠭ︶︾ ᠶᠢ ᠲᠤᠭᠤᠷᠪᠢᠵᠤ᠂ ᠡᠳᠦᠭᠡ ᠨᠡᠶᠢᠭᠡᠮ ᠳᠤ ᠬᠠᠨᠳᠤᠭᠤᠯᠤᠨ ᠢᠯᠡ ᠪᠠᠷ ᠰᠠᠨᠠᠯ ᠬᠤᠷᠢᠶᠠᠨ᠎ᠠ᠃         ᠨᠡᠶᠢᠭᠡᠮ ᠤᠨ ᠡᠯ᠎ᠡ ᠡᠲᠡᠭᠡᠳ ᠤᠨ ᠬᠢᠨ ᠰᠠᠨᠠᠯ ᠪᠠ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠲᠤᠨ᠎ᠠ᠃ ᠪᠣᠳᠠᠲᠠᠢ ᠰᠠᠨᠠᠯ ᠢ ᠳᠣᠣᠷᠠᠬᠢ ᠠᠷᠭ᠎ᠠ ᠵᠠᠮ ᠢᠶᠠᠷ ᠳᠠᠮᠵᠢᠭᠤᠯᠤᠨ ᠳᠤᠰᠬᠠᠵᠤ ᠪᠣᠯᠤᠨ᠎ᠠ᠄          1. ᠵᠠᠬᠢᠳᠠᠯ ᠤᠨ ᠬᠡᠯᠪᠡᠷᠢ ᠪᠠᠷ ᠰᠠᠨᠠᠯ ᠢᠯᠡᠭᠡᠬᠦ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ ︵ᠰᠢᠤᠳᠠᠨ ᠨᠣᠮᠧᠷ᠄ 010010︶ ᠵᠠᠬᠢᠳᠠᠯ ᠤᠨ ᠭᠠᠳᠠᠷ ᠳᠡᠭᠡᠷ᠎ᠡ ︽︿ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠳᠤ ᠲᠣᠬᠢᠷᠠᠬᠤ ᠳᠦᠷᠢᠮ﹀ ᠪᠠ ︿ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ﹀ ᠶᠢᠨ ᠰᠠᠨᠠᠯ ᠬᠤᠷᠢᠶᠠᠬᠤ︾ ᠭᠡᠵᠦ ᠲᠣᠳᠤᠷᠬᠠᠢ ᠪᠢᠴᠢᠨ᠎ᠡ᠃         2. ᠢᠮᠧᠯ ᠤᠨ ᠬᠡᠯᠪᠡᠷᠢ ᠪᠠᠷ ᠰᠠᠨᠠᠯ ᠢᠯᠡᠭᠡᠬᠦ᠄ nmgxwpxzqyj@163.com᠃ ᠡᠨᠡ ᠤᠳᠠᠭᠠᠨ ᠤ ᠰᠠᠨᠠᠯ ᠬᠤᠷᠢᠶᠠᠬᠤ ᠴᠠᠭ ᠬᠤᠭᠤᠴᠠᠭ᠎ᠠ 2024 ᠣᠨ ᠤ 11 ᠰᠠᠷ᠎ᠠ ᠶᠢᠨ 11 ᠤ ᠡᠳᠦᠷ ᠪᠣᠯᠲᠠᠯ᠎ᠠ ᠪᠣᠯᠤᠨ᠎ᠠ ︵ᠵᠠᠬᠢᠳᠠᠯ ᠤᠨ ᠬᠡᠯᠪᠡᠷᠢ ᠪᠠᠷ ᠬᠠᠷᠢᠭᠤ ᠲᠤᠰᠬᠠᠭᠰᠠᠨ ᠢ ᠰᠢᠤᠳᠠᠨ ᠤ ᠲᠠᠮᠠᠭ᠎ᠠ ᠪᠠᠷ ᠪᠠᠷᠢᠮᠵᠢᠶ᠎ᠠ ᠪᠣᠯᠭᠠᠨ᠎ᠠ︶᠃          ᠳᠠᠭᠠᠯᠳᠤᠭᠤᠯᠤᠯ᠄         1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠳᠤ ᠲᠣᠬᠢᠷᠠᠬᠤ ᠳᠦᠷᠢᠮ ︵ᠰᠠᠨᠠᠯ ᠬᠤᠷᠢᠶᠠᠬᠤ ᠨᠣᠤᠷᠠᠭ︶         2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠰᠠᠨᠠᠯ ᠬᠤᠷᠢᠶᠠᠬᠤ ᠨᠣᠤᠷᠠᠭ︶                                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ                                                2024 ᠣᠨ ᠤ 10 ᠰᠠᠷ᠎ᠠ ᠶᠢᠨ 28 ᠤ ᠡᠳᠦᠷ  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ