︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ | ᠶᠢ ᠣᠶᠢᠷ᠎ᠠ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ 2024 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠠᠷᠭ᠎ᠠ︾ ᠳᠤ | ᠵᠠᠰᠠᠪᠤᠷᠢ ᠣᠷᠣᠭᠤᠯᠤᠭᠰᠠᠨ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢ ᠲᠤᠭᠤᠰᠢᠯᠠᠭᠤᠯᠤᠨ ᠬᠡᠷᠡᠭᠵᠢᠭᠦᠯᠬᠦ | ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢ ᠵᠢᠷᠤᠮᠵᠢᠭᠤᠯᠬᠤ᠂ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠮᠤᠷ ᠲᠦᠪᠰᠢᠨ ᠢ ᠪᠠᠲᠤᠯᠠᠬᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠪᠠ ᠶᠠᠪᠤᠴᠠ | ᠣᠲᠣ ᠶᠢᠨ ᠬᠡᠷᠡᠭᠵᠢᠭᠦᠯᠵᠦ ᠪᠠᠶᠢᠭ᠎ᠠ ︽ᠠᠷᠭ᠎ᠠ︾ ᠶᠢ 1991 ᠣᠨ ᠤ 8 ᠰᠠᠷ᠎ᠠ ᠶᠢᠨ 10 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠬᠤ᠂ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠡᠯ᠎ᠡ ᠲᠠᠯ᠎ᠠ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ | ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠣᠶᠢᠷ᠎ᠠ ᠶᠢᠨ ᠵᠢᠯ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠡᠷᠡᠭᠴᠡᠭᠡᠨ ᠤ | ᠠᠭᠠᠷ ᠤᠨ ᠠᠶᠠᠯᠠᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠵᠡᠷᠭᠡ ᠠᠯᠢ ᠣᠯᠠᠨ ᠰᠢᠨ᠎ᠡ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠵᠠᠰᠠᠪᠤᠷᠢ | ᠣᠷᠣᠭᠤᠯᠤᠨ ᠨᠡᠶᠢᠲᠡᠯᠡᠵᠦ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠦᠭᠵᠢᠯᠳᠡ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ 2016 ᠣᠨ ᠳᠤ᠂ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ ᠶᠢᠰᠦᠨ | ᠶᠠᠮᠤᠨ ᠵᠥᠪᠯᠡᠯ ᠲᠠᠢ ᠬᠠᠮᠲᠤᠷᠠᠨ ︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠵᠤ ᠦᠢᠯᠡᠰ ᠤᠨ ᠲᠥᠯᠦᠪᠵᠢᠭᠦᠯᠭᠡ︾ ᠶᠢ ᠳᠠᠷᠤᠮᠠᠯᠯᠠᠨ | ᠲᠠᠷᠬᠠᠭᠠᠵᠤ᠂ ᠤᠯᠤᠰ ᠤᠨ ᠲᠦᠷᠦ ᠶᠢᠨ ᠪᠣᠳᠣᠯᠭ᠎ᠠ ᠶᠢᠨ ᠬᠦᠴᠦᠲᠡᠢ ᠳᠡᠮᠵᠢᠯᠭᠡ ᠳᠣᠣᠷ᠎ᠠ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠠᠵᠤ ᠦᠢᠯᠡᠰ | ᠲᠦᠷᠭᠡᠨ ᠲᠠᠪᠰᠢᠯᠳᠠ ᠲᠠᠢ ᠪᠣᠯᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠦᠢᠯᠡᠳᠬᠦᠨ ᠲᠠᠰᠤᠷᠠᠯᠳᠠ ᠦᠭᠡᠢ ᠪᠠᠶᠠᠯᠢᠭᠵᠢᠵᠤ᠂ ᠰᠢᠨ᠎ᠡ ᠬᠡᠯᠪᠡᠷᠢ ᠶᠢᠨ | ᠪᠡᠶ᠎ᠡ ᠶᠢᠨ ᠲᠠᠮᠢᠷ ᠤᠨ ᠬᠡᠯᠪᠡᠷᠢ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠵᠠᠭᠪᠤᠷ ᠦᠳᠲᠡᠷ ᠬᠦᠭᠵᠢᠪᠡ᠃ ᠭᠡᠪᠡᠴᠦ ᠣᠲᠣ ᠶᠢᠨ ᠬᠡᠷᠡᠭᠵᠢᠭᠦᠯᠵᠦ ᠪᠠᠶᠢᠭ᠎ᠠ ︽ᠠᠷᠭ᠎ᠠ | ︾ ᠨᠢ ᠴᠠᠭ ᠦᠶ᠎ᠡ ᠶᠢᠨ ᠬᠢᠵᠠᠭᠠᠷᠯᠠᠯ ᠳᠤ ᠤᠴᠠᠷᠠᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠬᠡᠷᠡᠭᠴᠡᠭᠡ ᠶᠢ ᠨᠢᠭᠡᠨᠲᠡ ᠬᠠᠩᠭᠠᠵᠤ | ᠳᠡᠶᠢᠯᠬᠦ ᠦᠭᠡᠢ ᠪᠣᠯᠤᠭᠰᠠᠨ ᠪᠣᠯᠬᠤᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠴᠢᠬᠤᠯᠠᠲᠠᠢ ᠪᠤᠯᠪᠠ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠤᠷᠭᠠᠨ ᠤ ᠬᠠᠷᠢᠭᠤᠴᠠᠯᠭᠠᠲᠠᠨ ᠤ | ᠲᠠᠨᠢᠯᠴᠠᠭᠤᠯᠤᠭᠰᠠᠨ ᠢᠶᠠᠷ᠂ 2020 ᠣᠨ ᠤ 5 ᠰᠠᠷ᠎ᠠ ᠳᠤ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ︽ᠠᠷᠭ᠎ᠠ︾ ᠳᠤ ᠵᠠᠰᠠᠪᠤᠷᠢ ᠣᠷᠣᠭᠤᠯᠬᠤ ᠠᠵᠢᠯ ᠢ | ᠡᠬᠢᠯᠡᠭᠦᠯᠵᠦ᠂ ᠮᠠᠲ᠋ᠧᠷᠢᠶᠠᠯ ᠢ ᠪᠥᠬᠦ ᠲᠠᠯ᠎ᠠ ᠪᠠᠷ ᠴᠤᠭᠯᠠᠭᠤᠯᠤᠨ ᠡᠮᠬᠢᠳᠬᠡᠵᠦ᠂ ᠲᠤᠰᠬᠠᠢ ᠰᠡᠳᠦᠪᠲᠦ ᠰᠤᠳᠤᠯᠭᠠᠨ ᠢ ᠥᠷᠨᠢᠭᠦᠯᠦᠨ᠂ ᠣᠲᠣ ᠶᠢᠨ ᠬᠡᠷᠡᠭᠵᠢᠭᠦᠯᠵᠦ | ᠪᠠᠶᠢᠭ᠎ᠠ ︽ᠠᠷᠭ᠎ᠠ︾ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠭᠰᠡᠨ ᠰᠠᠭᠤᠷᠢᠨ ᠳᠡᠭᠡᠷ᠎ᠡ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ | ᠨᠣᠣᠷᠠᠭ ᠢ ᠲᠤᠭᠤᠷᠪᠢᠬᠤ ᠠᠵᠢᠯ ᠢ ᠳᠠᠭᠤᠰᠬᠠᠪᠠ᠃ 2022 ᠣᠨ ᠤ 5 ᠰᠠᠷ᠎ᠠ᠂ 8 ᠰᠠᠷ᠎ᠠ᠂ 11 ᠰᠠᠷ᠎ᠠ ᠳᠤ ᠲᠣᠰ ᠲᠣᠰ ᠬᠠᠮᠢᠶ᠎ᠠ ᠪᠦᠬᠦ ᠨᠢᠭᠡᠴᠢ ᠵᠢᠴᠢ ᠬᠤᠪᠢ | ᠬᠥᠮᠥᠨ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠪᠠ ᠬᠠᠮᠢᠶ᠎ᠠ ᠪᠦᠬᠦᠢ ᠶᠠᠮᠤᠨ ᠵᠥᠪᠯᠡᠯ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ 2023 | ᠣᠨ ᠤ 3 ᠰᠠᠷ᠎ᠠ ᠳᠤ ᠢᠯᠡ ᠪᠠᠷ ᠨᠡᠶᠢᠭᠡᠮ ᠤᠨ ᠰᠠᠨᠠᠯ ᠢ ᠬᠤᠷᠢᠶᠠᠵᠤ᠂ 2024 ᠣᠨ ᠤ 6 ᠰᠠᠷ᠎ᠠ ᠳᠤ ᠬᠠᠮᠢᠶ᠎ᠠ ᠪᠦᠬᠦᠢ ᠶᠠᠮᠤᠨ ᠵᠥᠪᠯᠡᠯ ᠪᠠ ᠪᠥᠬᠦ ᠤᠯᠤᠰ ᠤᠨ | ᠪᠡᠶ᠎ᠡ ᠶᠢᠨ ᠲᠠᠮᠢᠷ ᠤᠨ ᠰᠢᠰᠲ᠋ᠧᠮ ᠤᠨ ᠰᠠᠨᠠᠯ ᠢ ᠳᠠᠬᠢᠨᠲᠠ ᠬᠤᠷᠢᠶᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ ᠰᠤᠳᠤᠯᠤᠨ ᠰᠢᠩᠭᠡᠭᠡᠬᠦ ᠪᠠᠷ ᠳᠡᠮᠵᠢᠨ᠂ | ᠲᠥᠰᠥᠯ ᠳᠤ ᠲᠠᠰᠤᠷᠠᠯᠲᠠ ᠦᠭᠡᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 2024 ᠣᠨ ᠤ 7 ᠰᠠᠷ᠎ᠠ ᠶᠢᠨ 10 ᠤ ᠡᠳᠦᠷ᠂ ︽ᠠᠷᠭ᠎ᠠ︾ ᠶᠢ ᠪᠡᠶ᠎ᠡ ᠶᠢᠨ | ᠲᠠᠮᠢᠷ ᠤᠨ ᠶᠡᠷᠦᠩᠬᠡᠢ ᠲᠣᠪᠴᠢᠶ᠎ᠠ ᠶᠢᠨ ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃ | ᠵᠠᠰᠠᠪᠤᠷᠢ ᠣᠷᠣᠭᠤᠯᠤᠭᠰᠠᠨ ᠶᠡᠷᠦᠩᠬᠡᠢ ᠰᠡᠳᠬᠢᠴᠡ | ᠲᠤᠰ ᠬᠠᠷᠢᠭᠤᠴᠠᠯᠭᠠᠲᠠᠨ ᠤ ᠬᠡᠯᠡᠬᠦ ᠪᠠᠷ᠂ ︽ᠠᠷᠭ᠎ᠠ︾ ᠳᠤ ᠵᠠᠰᠠᠪᠤᠷᠢ ᠣᠷᠣᠭᠤᠯᠤᠭᠰᠠᠨ ᠶᠡᠷᠦᠩᠬᠡᠢ ᠰᠡᠳᠬᠢᠮᠵᠢ ᠪᠣᠯ ᠨᠠᠮ ᠤᠨ ᠬᠤᠷᠢᠳᠤᠭᠠᠷ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠵᠠᠰᠠᠪᠤᠷᠢ ᠣᠷᠣᠭᠤᠯᠬᠤ ᠠᠵᠢᠯ ᠢ ᠤᠬᠠᠮᠰᠠᠷ ᠠᠴᠠ ᠪᠠᠨ ᠪᠡᠶ᠎ᠡ ᠶᠢᠨ ᠲᠠᠮᠢᠷ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠡᠭᠡ ᠲᠠᠯ᠎ᠠ ᠳᠤ ᠲᠠᠯᠪᠢᠵᠤ ᠠᠷᠭ᠎ᠠ ᠤᠬᠠᠭᠠᠨ ᠰᠦᠪᠡᠭᠴᠢᠯᠡᠭᠰᠡᠨ ᠪᠠᠶᠢᠨ᠎ᠠ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ ᠪᠠ ᠨᠢᠰᠦᠯᠲᠡ ᠶᠢᠨ ᠠᠮᠤᠷ ᠲᠦᠪᠰᠢᠨ ᠢ | ᠦᠨᠡᠨ ᠬᠦ ᠪᠠᠲᠤᠯᠠᠬᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠡᠷᠡᠭᠦᠯ ᠮᠡᠨᠳᠦ ᠠᠮᠤᠷ ᠲᠦᠪᠰᠢᠨ ᠢᠶᠠᠷ ᠬᠥᠭᠵᠢᠬᠦ ᠶᠢ ᠲᠦᠯᠬᠢᠨ ᠠᠬᠢᠭᠤᠯᠬᠤ ᠡᠨᠡ ᠬᠦ | ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠡᠷᠡᠭᠵᠢᠭᠦᠯᠬᠦ ᠭᠤᠣᠯ ᠴᠣᠭᠴᠠ᠂ ᠠᠷᠠᠳ ᠤᠨ | ᠬᠡᠷᠡᠭᠴᠡᠭᠡᠨ ᠤ ᠠᠭᠠᠷ ᠤᠨ ᠠᠶᠠᠯᠠᠯ ᠤᠨ ᠨᠢᠰᠦᠭᠦᠷ ︵ᠪᠠᠭᠠᠵᠢ ᠬᠡᠷᠡᠭᠰᠡᠯ︶ ᠪᠠ ᠲᠠᠯᠠᠪᠤᠷ ᠲᠥᠬᠦᠭᠡᠷᠦᠮᠵᠢ ᠵᠢᠴᠢ ᠤᠷᠤᠯᠳᠤᠭᠠᠨ ᠤ ᠠᠵᠢᠯᠯᠠᠭ᠎ᠠ ᠵᠡᠷᠭᠡ ᠲᠠᠯ᠎ᠠ ᠪᠠᠷ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠯ᠎ᠡ ᠭᠤᠭᠴᠤᠭ᠎ᠠ ᠶᠢ ᠰᠢᠰᠲ᠋ᠧᠮ ᠲᠠᠢ ᠵᠢᠷᠤᠮᠵᠢᠭᠤᠯᠤᠨ᠎ᠠ᠃ ᠮᠠᠨ ᠤ ᠤᠯᠤᠰ ᠤᠨ ᠤᠯᠤᠰ ᠤᠨ | ᠪᠠᠶᠢᠳᠠᠯ ᠳᠠᠭᠠᠨ ᠰᠠᠭᠤᠷᠢᠯᠠᠨ᠂ ᠪᠣᠳᠠᠲᠠᠢ ᠠᠴᠠ ᠡᠭᠦᠰᠴᠦ᠂ ᠭᠠᠳᠠᠭᠠᠳᠤ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠬᠠᠮᠢᠶ᠎ᠠ ᠪᠦᠬᠦᠢ ᠬᠦᠷᠢᠶᠡᠨ ᠤ ᠪᠣᠯᠪᠠᠰᠤᠷᠠᠩᠭᠤᠢ | ᠠᠷᠭ᠎ᠠ ᠬᠡᠮᠵᠢᠶ᠎ᠡ ᠪᠠ ᠦᠢᠯᠡᠳᠦᠯᠭᠡ ᠶᠢᠨ ᠦᠷ᠎ᠡ ᠪᠦᠲᠦᠭᠡᠯ ᠢ ᠰᠢᠩᠭᠡᠬᠡᠨ ᠠᠪᠴᠤ᠂ ᠨᠢᠭᠡᠨ ᠰᠢᠨᠵᠢᠯᠡᠬᠦ ᠤᠬᠠᠭᠠᠨᠴᠢ᠂ ᠪᠣᠳᠠᠲᠤ ᠬᠡᠷᠡᠭᠯᠡᠭᠡᠨ ᠤ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠵᠢᠷᠤᠮᠵᠢᠯ ᠳᠤ ᠵᠠᠰᠠᠪᠤᠷᠢ ᠣᠷᠣᠭᠤᠯᠵᠤ ᠨᠡᠶᠢᠲᠡᠯᠡᠬᠦ ᠪᠠᠷ ᠴᠢᠷᠮᠠᠶᠢᠨ᠎ᠠ᠃ | ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ | ︽ᠠᠷᠭ᠎ᠠ︾ ᠳᠤ ᠵᠠᠰᠠᠪᠤᠷᠢ ᠣᠷᠣᠭᠤᠯᠬᠤ ᠳᠠᠭᠠᠨ 1991 ᠣᠨ ᠤ ᠬᠡᠪᠯᠡᠯ ᠤᠨ 23 ᠵᠦᠢᠯ ᠠᠴᠠ ᠣᠲᠣ 32 ᠵᠦᠢᠯ ᠪᠣᠯᠭᠠᠨ ᠨᠡᠮᠡᠪᠡ᠃ | ᠨᠢᠭᠡᠳᠦᠭᠡᠷ ᠪᠦᠯᠦᠭ ︽ᠶᠡᠷᠦᠩᠬᠡᠢ ᠳᠦᠷᠢᠮ︾ ᠳᠤ ᠵᠠᠰᠠᠪᠤᠷᠢ ᠣᠷᠣᠭᠤᠯᠬᠤ ᠬᠠᠤᠯᠢ ᠴᠠᠭᠠᠵᠠ ᠶᠢᠨ ᠦᠨᠳᠦᠰᠦ ᠪᠠᠷᠢᠮᠲᠠ ᠶᠢ ᠲᠣᠳᠣᠷᠬᠠᠶᠢᠯᠠᠵᠤ᠂ ᠨᠠᠮ ᠤᠨ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠳᠤᠷᠢᠳᠤᠯᠭ᠎ᠠ ᠶᠢ ᠪᠠᠷᠢᠮᠲᠠᠯᠠᠵᠤ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠲᠣᠮᠢᠶᠠᠯᠠᠯ᠂ ᠬᠡᠷᠡᠭᠯᠡᠬᠦ ᠬᠡᠪᠴᠢᠶ᠎ᠡ ᠪᠠ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠶᠢ ᠲᠣᠳᠣᠷᠬᠠᠶᠢᠯᠠᠪᠠ᠃ | ᠬᠤᠶᠠᠳᠤᠭᠠᠷ ᠪᠦᠯᠦᠭ ︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠬᠢᠯᠡᠵᠦ ᠪᠠᠶᠢᠭ᠎ᠠ ᠨᠢᠭᠡᠴᠢ ᠪᠠ ᠬᠥᠮᠥᠰ︾ ᠲᠤ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠬᠢᠯᠡᠵᠦ ᠪᠠᠶᠢᠭ᠎ᠠ ᠨᠢᠭᠡᠴᠢ ᠪᠠ ᠬᠥᠮᠥᠰ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠱᠠᠭᠠᠷᠳᠠᠯᠭ᠎ᠠ᠂ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠵᠢᠯᠲᠠᠨ ᠤ ᠪᠦᠷᠢᠯᠳᠦᠭᠦᠯᠪᠡᠰᠦ ᠵᠣᠬᠢᠬᠤ ᠬᠢᠷᠢ ᠬᠡᠮ ᠵᠢᠴᠢ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠠᠶᠤᠯᠭᠦᠢ ᠶᠢᠨ ᠠᠳᠡᠯ ᠤᠨ ᠮᠡᠳᠡᠭᠦᠯᠦᠯᠲᠡ ᠶᠢ ᠪᠠᠶᠢᠴᠠᠭᠠᠬᠤ ᠪᠠ ᠰᠢᠢᠳᠪᠦᠷᠢᠯᠡᠬᠦ ᠲᠣᠭᠲᠠᠭᠠᠯ ᠵᠡᠷᠭᠡ ᠶᠢ ᠲᠣᠳᠣᠷᠬᠠᠶᠢᠯᠠᠪᠠ᠃ | ᠭᠤᠷᠪᠠᠳᠤᠭᠠᠷ ᠪᠦᠯᠦᠭ ︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠬᠡᠷᠡᠭᠯᠡᠬᠦ ᠠᠷᠠᠳ ᠤᠨ ᠬᠡᠷᠡᠭᠴᠡᠭᠡᠨ ᠤ ᠠᠭᠠᠷ ᠤᠨ | ᠠᠶᠠᠯᠠᠯ ᠤᠨ ᠪᠠᠭᠠᠵᠢ ᠬᠡᠷᠡᠭᠰᠡᠯ᠂ ᠪᠠᠭᠠᠵᠢ ᠬᠡᠷᠡᠭᠰᠡᠯ ᠪᠠ ᠲᠠᠯᠠᠪᠤᠷ ᠲᠥᠬᠦᠭᠡᠷᠦᠮᠵᠢ︾ ᠳᠤ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠨᠢᠰᠦᠭᠦᠷ ᠪᠣᠯᠣᠨ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠭᠤᠣᠯ ᠴᠣᠭᠴᠠ ᠵᠢᠴᠢ ᠠᠶᠠᠯᠠᠯ ᠳᠤ ᠵᠣᠬᠢᠴᠠᠬᠤ | ᠱᠠᠭᠠᠷᠳᠠᠯᠭ᠎ᠠ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ | ᠱᠠᠭᠠᠷᠳᠠᠯᠭ᠎ᠠ ᠶᠢ ᠲᠣᠳᠣᠷᠬᠠᠶᠢᠯᠠᠵᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠵᠢᠴᠢ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠠᠴᠠ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷᠤᠯᠳᠤᠭᠠᠨ ᠤ ᠶᠠᠪᠤᠳᠠᠯ ᠳᠤ ᠬᠡᠷᠡᠭᠯᠡᠬᠦ ᠪᠠᠭᠠᠵᠢ | ᠬᠡᠷᠡᠭᠰᠡᠯ ᠤᠨ ᠬᠠᠮᠢᠶ᠎ᠠ ᠪᠦᠬᠦᠢ ᠪᠠᠷᠢᠮᠵᠢᠶᠡᠨ ᠤ ᠱᠠᠭᠠᠷᠳᠠᠯᠭ᠎ᠠ ᠶᠢ ᠲᠤᠭᠳᠠᠭᠠᠬᠤ ᠶᠤᠰᠤᠳᠠᠢ ᠭᠡᠵᠦ ᠲᠤᠭᠳᠠᠭᠠᠪᠠ᠃ | ᠳᠥᠷᠪᠡᠳᠦᠭᠡᠷ ᠪᠦᠯᠦᠭ ︽ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ︾ ᠳᠤ᠂ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠭᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠣᠯ ᠴᠣᠭᠴᠠ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ | ᠵᠢᠴᠢ ᠣᠷᠣᠨ ᠨᠤᠲᠤᠭ ᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠤᠭᠳᠠᠭᠠᠪᠠ᠃ | ᠣᠯᠠᠨ ᠤᠯᠤᠰ ᠤᠨ ᠴᠢᠨᠠᠷᠲᠠᠢ᠂ ᠠᠶᠤᠯ ᠲᠦᠭᠰᠢᠭᠦᠷᠢ ᠶᠡᠬᠡᠲᠡᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠲᠣᠭᠲᠠᠭᠠᠯ | ᠶᠣᠰᠣᠭᠠᠷ ᠭᠤᠶᠤᠴᠢᠯᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠶᠡᠷᠦᠩᠬᠡᠶᠢᠯᠡᠭᠰᠡᠨ ᠴᠢᠨᠠᠷᠲᠠᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠮᠡᠳᠡᠭᠦᠯᠦᠨ ᠳᠠᠩᠰᠠᠯᠠᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠲᠣᠭᠲᠠᠭᠠᠵᠠᠢ᠃ ᠤᠯᠤᠰ ︵ᠬᠢᠯᠢ︶ ᠤᠨ ᠭᠠᠳᠠᠨᠠᠬᠢ ᠬᠥᠮᠥᠰ ᠤᠨ ᠮᠠᠨ ᠤ ᠤᠯᠤᠰ ᠤᠨ ᠬᠢᠯᠢ ᠳᠣᠲᠣᠷ᠎ᠠ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠳᠤ ᠣᠷᠣᠯᠴᠠᠬᠤ ᠪᠣᠳᠠᠲᠠᠢ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠃ | ᠲᠠᠪᠤᠳᠤᠭᠠᠷ ᠪᠦᠯᠦᠭ ︽ᠬᠠᠤᠯᠢ ᠶᠢᠨ ᠬᠠᠷᠢᠭᠤᠴᠠᠯᠭ᠎ᠠ︾ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠡᠷᠬᠡ ᠲᠤᠰᠢᠶᠠᠯ ᠢ ᠲᠣᠳᠣᠷᠬᠠᠶᠢᠯᠠᠵᠤ᠂ ᠡᠯ᠎ᠡ ᠲᠥᠷᠥᠯ ᠤᠨ | ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ | ᠵᠢᠷᠭᠤᠳᠤᠭᠠᠷ ᠪᠦᠯᠦᠭ ︽ᠳᠠᠭᠠᠯᠳᠤᠭᠤᠯᠤᠭᠰᠠᠨ ᠳᠦᠷᠢᠮ︾ ᠳᠤ ︽ᠠᠷᠭ᠎ᠠ︾ ᠶᠢᠨ ᠲᠠᠶᠢᠯᠪᠤᠷᠢᠯᠠᠬᠤ ᠡᠷᠬᠡ ᠪᠠ ᠬᠦᠴᠦᠨ ᠲᠠᠢ ᠪᠣᠯᠬᠤ ᠴᠠᠭ | ᠬᠤᠭᠤᠴᠠᠭ᠎ᠠ ᠶᠢ ᠲᠣᠳᠣᠷᠬᠠᠶᠢᠯᠠᠪᠠ᠃ | ᠳᠠᠭᠠᠯᠳᠤᠭᠤᠯᠤᠯ ︽ᠨᠡᠷ᠎ᠡ ᠦᠭᠡ ᠶᠢᠨ ᠲᠠᠶᠢᠯᠪᠤᠷᠢᠯᠠᠯᠲᠠ︾ ᠳᠤ ᠬᠡᠰᠡᠭ ᠨᠡᠷ᠎ᠡ ᠲᠣᠮᠢᠶ᠎ᠠ ᠶᠢᠨ ︽ᠠᠷᠭ᠎ᠠ︾ ᠳᠠᠬᠢ ᠪᠣᠳᠠᠲᠠᠢ ᠠᠭᠤᠯᠭ᠎ᠠ ᠶᠢ | ᠲᠠᠶᠢᠯᠪᠤᠷᠢᠯᠠᠵᠠᠢ᠃ | ᠵᠠᠰᠠᠪᠤᠷᠢ ᠣᠷᠣᠭᠤᠯᠤᠭᠰᠠᠨ ᠭᠤᠣᠯᠳᠠᠯᠭ᠎ᠠ ᠲᠠᠢ ᠲᠣᠳᠣᠷᠬᠠᠶᠢᠯᠠᠯᠲᠠ | ᠲᠣᠰ ᠬᠠᠷᠢᠭᠤᠴᠠᠯᠭᠠᠲᠠᠨ ︽ᠠᠷᠭ᠎ᠠ︾ ᠳᠤ ᠵᠠᠰᠠᠪᠤᠷᠢ ᠤᠷᠤᠭᠤᠯᠤᠭᠰᠠᠨ ᠲᠤᠬᠠᠢ ᠬᠤᠯᠪᠣᠭᠳᠠᠯ ᠪᠦᠬᠦᠢ ᠲᠠᠶᠢᠯᠤᠮᠵᠢ ᠪᠠ ᠲᠣᠳᠣᠷᠬᠠᠶᠢᠯᠠᠯᠲᠠ ᠬᠢᠪᠡ᠃ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠭᠤᠣᠯ ᠴᠣᠭᠴᠠ ᠪᠣᠯᠣᠨ ᠬᠦᠷᠢᠶ᠎ᠡ ᠬᠡᠪᠴᠢᠶ᠎ᠡ ᠶᠢᠨ ᠲᠠᠯ᠎ᠠ ᠪᠠᠷ᠄᠂ ︽ᠠᠷᠭ᠎ᠠ︾ | ᠳᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠪᠠᠶᠢᠭᠤᠯᠤᠯ ᠳᠤ ᠵᠠᠰᠠᠪᠤᠷᠢ ᠣᠷᠣᠭᠤᠯᠤᠭᠰᠠᠨ ᠦᠭᠡᠢ᠂ ᠮᠥᠨ ᠯᠡ ᠱᠠᠲᠤ | ᠬᠤᠪᠢᠶᠠᠨ ᠬᠠᠮᠢᠶᠠᠷᠬᠤ ᠠᠷᠭ᠎ᠠ ᠬᠡᠮᠵᠢᠶ᠎ᠡ ᠠᠪᠤᠨ᠎ᠡ᠂ ᠭᠡᠪᠡᠴᠦ ︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ | ᠬᠠᠮᠢᠶᠠᠷᠤᠨ᠎ᠠ︾ ᠪᠠ ︽ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ᠂ ᠣᠷᠣᠨ ᠨᠤᠲᠤᠭ ᠤᠨ ᠡᠯ᠎ᠡ | ᠱᠠᠲᠤᠨ ᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠥᠪᠡᠷ ᠤᠨ ᠳᠦᠷᠢᠮ ᠶᠣᠰᠣᠭᠠᠷ᠂ ᠪᠡᠶ᠎ᠡ ᠶᠢᠨ ᠲᠠᠮᠢᠷ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠬᠦᠯᠢᠶᠡᠵᠦ᠂ ᠳᠣᠲᠣᠭᠠᠳᠤ ᠶᠢᠨ ᠵᠠᠰᠠᠬᠤ ᠲᠦᠷᠢᠮ ᠲᠤᠭᠳᠠᠭᠠᠯ ᠢ | ᠲᠡᠭᠦᠯᠳᠡᠷᠵᠢᠭᠦᠯᠵᠦ᠂ ᠠᠵᠢᠯ ᠲᠦᠷᠦᠯ ᠤᠨ ᠲᠦᠷᠢᠮ ᠲᠤᠭᠳᠠᠭᠠᠯ ᠢ ᠲᠤᠭᠳᠠᠭᠠᠵᠦ᠂ ᠠᠵᠢᠯ ᠲᠦᠷᠦᠯ ᠤᠨ ᠦᠪᠡᠷ ᠢ ᠪᠠᠨ ᠱᠠᠭᠠᠷᠳᠠᠬᠤ ᠶᠢ ᠴᠢᠩᠭᠠᠳᠬᠠᠬᠤ︾ ᠶᠢ | ᠲᠤᠳᠤᠷᠬᠠᠶᠢᠯᠠᠵᠦ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠭᠤᠣᠯ ᠴᠣᠭᠴᠠ ᠪᠣᠯᠣᠨ ᠡᠯ᠎ᠡ ᠱᠠᠲᠤᠨ ᠤ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠤᠨ ᠠᠵᠢᠯ ᠲᠦᠷᠦᠯ ᠳᠤ ᠬᠢ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠨᠠᠷᠢᠨ ᠲᠤᠳᠤᠷᠬᠠᠶᠢᠯᠠᠪᠠ | ᠃ ᠡᠭᠦᠨ ᠤ ᠬᠠᠮᠲᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠬᠠᠭᠳᠠᠬᠤᠨ ᠢ ᠲᠤᠳᠤᠷᠬᠠᠶᠢᠯᠠᠪᠠ᠂ ᠡᠭᠦᠨ ᠠᠴᠠ ᠡᠮᠦᠨ᠎ᠡ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠭᠠᠵᠢ ᠬᠡᠷᠡᠭᠰᠡᠯ ᠢ ᠬᠡᠷᠡᠭᠯᠡᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠠᠭᠠᠭᠯᠠᠨ | ᠲᠣᠭᠲᠠᠭᠠᠬᠤ ᠠᠷᠭ᠎ᠠ ᠶᠢ ᠵᠠᠰᠠᠪᠤᠷᠢᠯᠠᠨ ᠲᠣᠭᠲᠠᠭᠠᠵᠤ᠂ ᠪᠡᠶ᠎ᠡ ᠶᠢᠨ ᠲᠠᠮᠢᠷ ᠤᠨ ᠬᠢᠨ ᠤ ᠨᠡᠶᠢᠳᠡᠮ ᠬᠡᠷᠡᠭᠯᠡᠳᠡᠭ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠵᠦᠢᠯ ᠢᠶᠠᠷ ᠵᠠᠭᠠᠭᠯᠠᠨ ᠲᠣᠭᠲᠠᠭᠠᠬᠤ ᠠᠷᠭ᠎ᠠ ᠶᠢ ᠬᠡᠷᠡᠭᠯᠡᠵᠦ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠬᠦᠷᠢᠶ᠎ᠡ ᠬᠡᠪᠴᠢᠶ᠎ᠡ᠂ | ᠵᠠᠭᠠᠭ ᠱᠤᠭᠤᠮ ᠢ ᠤᠯᠠᠮ ᠨᠢᠭᠡ ᠠᠯᠬᠤᠮ ᠲᠤᠳᠤᠷᠬᠠᠶᠢᠯᠠᠪᠠ᠃ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠭᠢᠯᠡᠨ ᠬᠢᠵᠦ ᠪᠠᠶᠢᠭ᠎ᠠ ᠨᠢᠭᠡᠴᠢ ᠪᠠ ᠠᠵᠢᠯᠲᠠᠨ ᠤ ᠬᠠᠮᠢᠶᠠᠷᠤᠯᠲᠠ ᠶᠢᠨ ᠲᠠᠯ᠎ᠠ ᠪᠠᠷ᠄ ︽ | ᠠᠷᠭ᠎ᠠ︾ ᠳᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠭᠢᠯᠡᠨ ᠬᠢᠵᠦ ᠪᠠᠶᠢᠭ᠎ᠠ ᠨᠢᠭᠡᠴᠢ ᠪᠠ ᠬᠤᠯᠪᠣᠭᠳᠠᠯ ᠪᠦᠬᠦᠢ ᠬᠥᠮᠥᠰ ᠤᠨ ᠵᠠᠰᠠᠭ | ᠵᠠᠬᠢᠷᠭᠠᠨ ᠤ ᠵᠥᠪᠰᠢᠶᠡᠷᠡᠯ ᠪᠠ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠴᠢᠬᠤᠯᠠᠲᠠᠢ ᠪᠠᠶᠢᠬᠤ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠤ᠂ ᠪᠡᠶ᠎ᠡ ᠶᠢᠨ ᠲᠠᠮᠢᠷ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠵᠡᠮᠰᠢᠬᠦ ᠴᠢᠬᠤᠯᠠᠲᠠᠢ ᠪᠠᠶᠢᠳᠠᠯ ᠳᠤ ᠳᠠᠩᠰᠠᠯᠠᠭᠤᠯᠬᠤ ᠳᠦᠷᠢᠮ ᠢ ᠬᠡᠷᠡᠭᠵᠢᠭᠦᠯᠪᠡ᠃ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠢ ᠡᠷᠭᠢᠯᠡᠵᠦ ᠪᠠᠶᠢᠭ᠎ᠠ ᠨᠢᠭᠡᠴᠢ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠵᠢᠴᠢ ᠠᠵᠢᠯᠯᠠᠵᠤ ᠪᠠᠶᠢᠭ᠎ᠠ ᠬᠥᠮᠥᠰ ᠤᠨ ᠬᠠᠮᠢᠶ᠎ᠠ | ᠪᠦᠬᠦᠢ ᠬᠢᠷᠢ ᠬᠡᠮ ᠤᠨ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ︾ ᠶᠢᠨ ︽ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠦᠷᠢᠮ︾ ᠪᠣᠯᠣᠨ | ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠶᠤᠯᠭᠦᠢ ᠶᠢᠨ ᠡ᠊ᠨᠳᠡᠯ ᠢ ᠮᠡᠳᠡᠭᠦᠯᠬᠦ᠂ ᠪᠠᠶᠢᠴᠠᠭᠠᠨ ᠰᠢᠢᠳᠪᠦᠷᠢᠯᠡᠬᠦ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠬᠡᠷᠡᠭᠯᠡᠬᠦ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠪᠠᠭᠠᠵᠢ ᠬᠡᠷᠡᠭᠰᠡᠯ ᠪᠠ | ᠲᠠᠯᠠᠪᠤᠷ ᠲᠥᠬᠦᠭᠡᠷᠦᠮᠵᠢ ᠶᠢᠨ ᠲᠠᠯ᠎ᠠ ᠪᠠᠷ᠄ ︽ᠠᠷᠭ᠎ᠠ︾ ᠳᠤ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠠᠭᠠᠵᠢ ᠬᠡᠷᠡᠭᠰᠡᠯ ᠪᠠ ᠠᠷᠠᠳ ᠤᠨ | ᠬᠡᠷᠡᠭᠴᠡᠭᠡᠨ ᠤ ᠠᠭᠠᠷ ᠤᠨ ᠠᠶᠠᠯᠠᠯ ᠤᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠭᠤᠣᠯ ᠴᠣᠭᠴᠠ ᠶᠢ ᠭᠤᠣᠯᠳᠠᠯᠭ᠎ᠠ ᠲᠠᠢ ᠲᠣᠳᠣᠷᠬᠠᠶᠢᠯᠠᠵᠤ᠂ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠬᠡᠷᠡᠭᠯᠡᠬᠦ ᠡᠯ᠎ᠡ ᠵᠦᠢᠯ ᠤᠨ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠪᠠᠭᠠᠵᠢ ᠬᠡᠷᠡᠭᠰᠡᠯ ᠨᠢ ᠤᠯᠤᠰ ᠤᠨ ᠲᠠᠮᠢᠷ ᠤᠨ ᠶᠡᠷᠦᠩᠬᠡᠢ ᠲᠣᠪᠴᠢᠶ᠎ᠠ ᠵᠢᠴᠢ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠬᠥᠳᠡᠯᠭᠡᠭᠡᠨ ᠤ ᠨᠡᠶᠢᠭᠡᠮᠯᠢᠭ ᠤᠨ | ᠲᠣᠭᠲᠠᠭᠠᠭᠰᠠᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠭᠡᠵᠦ ᠲᠤᠭᠳᠠᠭᠠᠪᠠ᠃ ᠡᠭᠦᠨ ᠤ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠲᠠᠯᠠᠪᠠᠶ ᠶᠢᠨ ᠪᠡᠯᠡᠳᠬᠡᠮᠵᠢ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠨᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠨᠢᠭᠦᠯᠬᠦ | ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠬᠤ ᠶᠢᠨ ᠬᠠᠮᠲᠤ᠂ ᠲᠣᠰ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠠᠭᠠᠷ ᠤᠨ ᠣᠷᠣᠨ ᠤ ᠬᠡᠷᠡᠭᠯᠡᠯᠲᠡ ᠳᠤ | ᠬᠤᠯᠪᠣᠭᠳᠠᠪᠠᠯ᠂ ᠪᠠᠰᠠ ᠪᠠᠶᠢᠭ᠎ᠠ ᠭᠠᠵᠠᠷ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠶᠤᠰᠤᠳᠠᠢ ᠭᠡᠵᠦ | ᠲᠤᠳᠤᠷᠬᠠᠶᠢᠯᠠᠪᠠ᠃ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠠᠯ᠎ᠠ ᠪᠠᠷ᠄ ︽ᠠᠷᠭ᠎ᠠ︾ ᠳᠤ ︽ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠤ ᠠᠵᠢᠯᠯᠠᠭ᠎ᠠ︾ ᠭᠡᠬᠦ ᠨᠢᠭᠡ ᠪᠦᠯᠦᠭ ᠢ ᠰᠢᠨ᠎ᠡ ᠪᠠᠷ ᠨᠡᠮᠡᠵᠦ᠂ ︽ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ | ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠡᠷᠭᠢᠯᠡᠬᠦ ᠶᠢ ᠬᠢᠨᠠᠨ | ᠵᠥᠪᠰᠢᠶᠡᠷᠡᠵᠦ ᠳᠠᠩᠰᠠᠯᠠᠬᠤ᠂ ᠡᠷᠭᠢᠯᠡᠬᠦ ᠭᠠᠵᠠᠷ ᠤᠨ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠂ | ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠪᠡᠶ᠎ᠡ ᠶᠢᠨ ᠲᠠᠮᠢᠷ ᠤᠨ ᠶᠣᠰᠣ ᠮᠣᠷᠠᠯ ᠵᠢᠴᠢ ᠬᠥᠭᠡᠷᠦᠭᠦᠯᠬᠦ ᠡᠮ ᠢ ᠡᠰᠡᠷᠭᠦᠴᠡᠬᠦ ᠵᠡᠷᠭᠡ ᠲᠠᠯ᠎ᠠ ᠪᠠᠷ | ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠬᠠᠮᠢᠶᠠᠷᠤᠯᠳᠠ ᠶᠢ ᠴᠢᠩᠭᠠᠳᠬᠠᠪᠠ᠃ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠣᠯᠠᠨ ᠤᠯᠤᠰ ᠤᠨ ᠴᠢᠨᠠᠷᠲᠠᠢ᠂ ᠠᠶᠤᠯ | ᠲᠦᠭᠰᠢᠭᠦᠷᠢ ᠶᠡᠬᠡᠲᠡᠢ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ | ᠵᠥᠪᠰᠢᠶᠡᠷᠡᠭᠦᠯᠬᠦ ᠱᠠᠭᠠᠷᠳᠠᠯᠭ᠎ᠠ ᠵᠢᠴᠢ ᠤᠯᠤᠰ ︵ᠬᠢᠯᠢ︶ ᠤᠨ ᠭᠠᠳᠠᠨᠠᠬᠢ ᠬᠥᠮᠥᠰ ᠤᠨ ᠮᠠᠨ ᠤ ᠤᠯᠤᠰ ᠤᠨ ᠬᠢᠯᠢ ᠳᠣᠲᠣᠷ᠎ᠠ ᠠᠭᠠᠷ ᠤᠨ ᠠᠶᠠᠯᠠᠯ ᠤᠨ ᠪᠡᠶ᠎ᠡ ᠶᠢᠨ | ᠲᠠᠮᠢᠷ ᠤᠨ ᠤᠷᠤᠯᠳᠤᠭᠠᠨ ᠤ ᠠᠵᠢᠯᠯᠠᠭ᠎ᠠ ᠳᠤ ᠣᠷᠣᠯᠴᠠᠬᠤ ᠳᠤ ᠭᠦᠢᠴᠡᠳᠬᠡᠪᠡᠰᠦ ᠵᠣᠬᠢᠬᠤ ᠭᠠᠷ ᠭᠦᠢᠴᠡᠳᠬᠡᠯ ᠵᠢᠴᠢ ᠬᠠᠮᠢᠶ᠎ᠠ ᠪᠦᠬᠦᠢ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠃ | ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠠᠯ᠎ᠠ ᠪᠠᠷ᠄ ︽ᠠᠷᠭ᠎ᠠ︾ ᠳᠤ ᠲᠣᠭᠲᠠᠭᠠᠯ ᠠᠴᠠ ᠵᠥᠷᠢᠴᠡᠭᠰᠡᠨ ᠨᠢᠭᠡᠴᠢ ᠪᠠ ᠬᠥᠮᠥᠰ ᠲᠤ ᠬᠠᠮᠢᠶ᠎ᠠ ᠪᠦᠬᠦᠢ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠰᠢᠳᠬᠡᠯ ᠥᠭᠬᠦ ᠪᠠᠷ ᠲᠣᠳᠣᠷᠬᠠᠢ ᠲᠣᠭᠲᠠᠭᠠᠵᠤ᠂ ᠠᠭᠠᠷ ᠤᠨ | ᠠᠶᠠᠯᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠭᠠᠷ ᠤᠨ ᠠᠶᠠᠯᠠᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠪᠠ᠃ | |